ᠣᠢᠷ᠎ᠠ᠎ᠶᠢᠨ ᠵᠢᠯ᠎ᠦᠳ᠎ᠲᠦ᠂ ᠥᠪᠥᠷ ᠮᠣᠩᠭᠣᠯ᠎ᠤᠨ ᠪᠠᠶᠠᠨᠨᠠᠭᠤᠷ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ 《 ᠠᠶᠤᠯ ᠲᠦᠭᠰᠢᠭᠦᠷᠢ᠎ᠶᠢ ᠰᠡᠷᠭᠡᠢᠯᠡᠬᠦ᠂ ᠠᠮᠤᠷ ᠲᠦᠪᠰᠢᠨ᠎ᠢ ᠬᠠᠮᠠᠭᠠᠯᠠᠬᠤ᠂ ᠠᠷᠠᠳ᠎ᠤᠨ ᠠᠮᠢᠳᠤᠷᠠᠯ᠎ᠢ ᠬᠠᠮᠠᠭᠠᠯᠠᠬᠤ 》᠎ᠪᠠᠷ ᠬᠠᠷᠠᠯᠲᠠ ᠪᠣᠯᠭᠠᠵᠤ᠂ 《 ᠨᠠᠷᠢᠯᠢᠭ᠋ ᠣᠨᠣᠴᠠᠲᠠᠢ᠎ᠪᠠᠷ ᠪᠣᠯᠪᠠᠰᠤᠷᠠᠯ ᠬᠢᠵᠦ ᠤᠷ᠎ᠠ ᠮᠡᠷᠭᠡᠵᠢᠯ᠎ᠢ ᠴᠢᠩᠭᠠᠳᠬᠠᠬᠤ᠂ ᠣᠯᠠᠨ ᠡᠰᠢᠲᠦ ᠤᠬᠠᠭᠤᠯᠭ᠎ᠠ᠎ᠶᠢᠨ ᠦᠵᠡᠯ ᠤᠬᠠᠮᠰᠠᠷ᠎ᠢ ᠪᠣᠶ ᠪᠣᠯᠭᠠᠬᠤ᠂ ᠭᠣᠣᠯᠳᠠᠯᠭ᠎ᠠ᠎ᠲᠠᠢ ᠵᠠᠰᠠᠵᠤ ᠦᠨᠳᠦᠰᠦ ᠰᠠᠭᠤᠷᠢ᠎ᠶᠢ ᠪᠡᠬᠢᠵᠢᠭᠦᠯᠬᠦ 》 ᠠᠵᠢᠯ᠎ᠤᠨ ᠭᠡᠮᠲᠦᠯ᠎ᠢ ᠤᠷᠢᠳᠴᠢᠯᠠᠨ ᠰᠡᠷᠭᠡᠢᠯᠡᠬᠦ ᠠᠵᠢᠯ᠎ᠤᠨ ᠰᠢᠰᠲᠧᠮᠵᠢ᠎ᠶᠢ ᠪᠠᠢᠭᠤᠯᠵᠤ᠂ ᠠᠵᠢᠯ᠎ᠤᠨ ᠭᠡᠮᠲᠦᠯ᠎ᠦᠨ ᠡᠨᠳᠡᠯ ᠭᠠᠷᠬᠤ ᠨᠣᠷᠮ᠎ᠠ ᠢᠯᠡᠳᠲᠡ ᠪᠠᠭᠤᠷᠠᠵᠤ᠂ ᠠᠵᠢᠯ᠎ᠤᠨ ᠨᠥᠯᠥᠭᠡᠨᠦ ᠡᠪᠡᠳᠴᠢᠨ᠎ᠢ ᠪᠠᠢᠴᠠᠭᠠᠨ ᠭᠠᠷᠭᠠᠭᠰᠠᠨ ᠨᠣᠷᠮ᠎ᠠ ᠦᠷᠭᠦᠯᠵᠢᠯᠡᠨ ᠪᠠᠭᠤᠷᠠᠪᠠ᠃
《 ᠥᠩᠭᠡᠷᠡᠭᠰᠡᠨ᠎ᠳᠦ ᠲᠣᠭᠣᠰᠣ᠌᠎ᠠᠴᠠ ᠰᠡᠷᠭᠡᠢᠯᠡᠬᠦ ᠠᠮᠠᠪᠴᠢ ᠵᠡᠭᠦᠬᠦ᠎ᠳᠦ ᠳᠠᠩᠳᠠ ᠪᠠᠴᠢᠭᠤᠳᠠᠵᠤ ᠪᠦᠭᠴᠢᠮᠳᠡᠳᠡᠭ᠂ ᠣᠳᠣ᠌ ᠡᠨᠡ ᠪᠣᠯ ᠠᠮᠢ᠎ᠪᠠᠨ ᠬᠠᠮᠠᠭᠠᠯᠠᠬᠤ᠎ᠶᠢᠨ 〈 ᠠᠮᠢᠨ ᠰᠠᠬᠢᠶ᠎ᠠ 〉 ᠭᠡᠳᠡᠭ᠎ᠢ ᠰᠠᠶᠢ ᠮᠡᠳᠡᠭᠰᠡᠨ ᠪᠠᠢᠨ᠎ᠠ 》 ᠭᠡᠵᠦ ᠤᠷᠠᠳ᠎ᠤᠨ ᠬᠣᠢᠲᠤ ᠬᠣᠰᠢᠭᠤᠨ᠎ᠤ ᠠᠭᠤᠷᠬᠠᠢ᠎ᠶᠢᠨ ᠠᠵᠤ ᠠᠬᠤᠢᠯᠠᠯ᠎ᠤᠨ ᠪᠣᠯᠪᠠᠰᠤᠷᠠᠯ᠎ᠤᠨ ᠲᠤᠬᠠᠢ᠎ᠶᠢᠨ ᠲᠠᠯᠠᠪᠠᠶ᠎ᠳᠤ᠂ ᠠᠭᠤᠷᠬᠠᠢ᠎ᠶᠢᠨ ᠠᠵᠢᠯᠴᠢᠨ ᠸᠠᠩ ᠣᠪᠣᠭᠲᠤ ᠠᠮᠠᠪᠴᠢ᠎ᠪᠠᠨ ᠵᠢᠷᠤᠮᠵᠢᠯ᠎ᠲᠠᠢ ᠵᠡᠭᠦᠵᠦ ᠪᠣᠯᠪᠠᠰᠤᠷᠠᠬᠤ᠎ᠶᠢᠨ ᠳᠠᠭᠠᠤ ᠰᠡᠳᠬᠢᠯ ᠬᠥᠳᠡᠯᠦᠨ ᠶᠠᠷᠢᠵᠤ ᠪᠠᠢᠯ᠎ᠠ᠃ ᠠᠶᠤᠯᠲᠠᠢ ᠬᠢᠮᠢ᠎ᠶᠢᠨ ᠪᠣᠳᠠᠰ᠂ ᠠᠭᠤᠷᠬᠠᠢ᠂ ᠪᠠᠷᠢᠯᠭ᠎ᠠ ᠵᠡᠷᠭᠡ ᠠᠵᠢᠯ᠎ᠠᠴᠠ ᠪᠣᠯᠤᠭᠰᠠᠨ ᠭᠡᠮᠲᠦᠯ ᠣᠯᠠᠨ ᠡᠭᠦᠰᠳᠡᠭ ᠬᠦᠷᠢᠶᠡᠨ᠎ᠳᠦ ᠴᠢᠭᠯᠡᠭᠦᠯᠦᠨ᠂ ᠪᠠᠶᠠᠨᠨᠠᠭᠤᠷ ᠬᠣᠲᠠ᠎ᠶᠢᠨ ᠬᠢᠨ 《 ᠬᠠᠨᠳᠤᠯᠭᠠᠲᠤ ᠡᠮᠴᠢᠯᠡᠭᠡ 》 ᠵᠢᠨ ᠪᠣᠯᠪᠠᠰᠤᠷᠠᠯ᠎ᠤᠨ ᠵᠠᠭᠪᠤᠷ ᠭᠠᠷᠭᠠᠪᠠ ᠄ ᠠᠶᠤᠯᠲᠠᠢ ᠬᠢᠮᠢ᠎ᠶᠢᠨ ᠪᠣᠳᠠᠰ᠎ᠤᠨ ᠠᠵᠢᠯ ᠲᠥᠷᠥᠯ᠎ᠳᠦ 《 ᠭᠤᠷᠪᠠᠨ ᠵᠢᠯ᠎ᠦᠨ ᠠᠵᠢᠯᠯᠠᠭ᠎ᠠ᠎ᠶᠢ ᠪᠦᠬᠦᠨ᠎ᠢ ᠬᠠᠮᠤᠷᠬᠤ》᠎ᠶᠢ ᠬᠡᠷᠡᠭᠵᠢᠭᠦᠯᠵᠦ᠂ 32 ᠠᠵᠤ ᠠᠬᠤᠢᠯᠠᠯ᠎ᠤᠨ 1236 ᠠᠶᠤᠯᠭᠦᠢ ᠦᠢᠯᠡᠳᠪᠦᠷᠢᠯᠡᠯ᠎ᠦᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠂ ᠲᠤᠰᠬᠠᠢ ᠲᠤᠰᠢᠶᠠᠯᠲᠤ ᠠᠮᠤᠷ ᠲᠦᠪᠰᠢᠨ᠎ᠦ ᠬᠠᠮᠢᠶᠠᠷᠤᠭ᠍ᠴᠢ ᠂ ᠡᠭᠡᠯᠵᠢ ᠳᠤᠭᠤᠢᠯᠠᠩ᠎ᠤᠨ ᠳᠠᠷᠤᠭ᠎ᠠ᠎ᠶᠢᠨ 《 ᠲᠤᠰᠬᠠᠢ ᠠᠵᠢᠯ᠎ᠤᠨ ᠪᠠᠢᠷᠢ ᠲᠤᠰᠬᠠᠢ ᠬᠢᠴᠢᠶᠡᠯ》᠎ᠤᠨ ᠪᠣᠯᠪᠠᠰᠤᠷᠠᠯ᠎ᠢ ᠪᠡᠶᠡᠯᠡᠭᠦᠯᠪᠡ ; ᠠᠭᠤᠷᠬᠠᠢ᠎ᠶᠢᠨ ᠠᠵᠢᠯ ᠲᠥᠷᠥᠯ᠎ᠳᠦ 《 ᠭᠤᠷᠪᠠᠨ ᠲᠥᠷᠥᠯ᠎ᠦᠨ ᠠᠵᠢᠯᠲᠠᠨ 》᠎ᠢ ᠲᠤᠰᠬᠠᠢ ᠵᠦᠢᠯ᠎ᠢᠶᠡᠷ ᠳᠡᠭᠡᠭᠰᠢᠯᠡᠭᠦᠯᠬᠦ ᠪᠣᠯᠪᠠᠰᠤᠷᠠᠯ᠎ᠢ ᠥᠷᠨᠢᠭᠦᠯᠵᠦ᠂ 《 ᠰᠦᠯᠵᠢᠶᠡᠨ ᠳᠡᠭᠡᠷᠡᠬᠢ ᠣᠨᠣᠯ + ᠰᠦᠯᠵᠢᠶᠡᠨ ᠭᠠᠳᠠᠨᠠᠬᠢ ᠪᠣᠳᠠᠲᠤ ᠪᠣᠯᠪᠠᠰᠤᠷᠠᠯ 》᠎ᠤᠨ ᠬᠠᠮ ᠬᠢᠴᠢᠶᠡᠯ᠎ᠢᠶᠡᠷ ᠳᠠᠮᠵᠢᠭᠤᠯᠤᠨ᠂ ᠠᠮᠤᠷ ᠲᠦᠪᠰᠢᠨ᠎ᠦ ᠬᠠᠮᠢᠶᠠᠷᠤᠯᠲᠠ᠎ᠶᠢᠨ ᠮᠡᠳᠡᠯᠭᠡ᠎ᠶᠢ ᠦᠨᠡᠨ ᠬᠦ᠌ ᠠᠭᠤᠷᠬᠠᠢ᠎ᠶᠢᠨ ᠬᠤᠳᠳᠤᠭ ᠳᠣᠲᠣᠷ᠎ᠠ ᠠᠵᠢᠯᠯᠠᠬᠤ 《 ᠠᠮᠢ ᠬᠠᠮᠠᠭᠠᠯᠠᠬᠤ ᠮᠡᠷᠭᠡᠵᠢᠯ ᠴᠢᠳᠠᠪᠤᠷᠢ 》 ᠪᠣᠯᠭᠠᠨ ᠬᠤᠪᠢᠷᠠᠭᠤᠯᠤᠨ᠎ᠠ᠃
ᠥᠪᠥᠷ ᠮᠣᠩᠭᠣᠯ᠎ᠤᠨ ᠾᠧᠢ ᠮᠣᠣ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠬᠢᠵᠠᠭᠠᠷᠲᠤ ᠺᠣᠮᠫᠠᠨᠢ᠎ᠶᠢᠨ ᠲᠥᠪ᠎ᠦᠨ ᠡᠵᠡᠮᠳᠡᠯ᠎ᠦᠨ ᠲᠠᠰᠤᠭ᠎ᠲᠤ ᠣᠷᠣᠬᠤ᠎ᠳᠤ᠂ ᠬᠠᠨᠠᠨ ᠳᠡᠭᠡᠷ᠎ᠡ ᠡᠯᠭᠦᠭᠰᠡᠨ 《 ᠠᠵᠢᠯ᠎ᠠᠴᠠ ᠪᠣᠯᠤᠭᠰᠠᠨ ᠭᠡᠮᠲᠦᠯ᠎ᠦᠨ ᠭᠡᠮ ᠰᠣᠭᠣᠭ᠎ᠢ ᠴᠡᠭᠴᠡᠯᠡᠨ ᠰᠠᠢᠵᠢᠷᠠᠭᠤᠯᠬᠤ ᠮᠥᠷᠳᠡᠯᠲᠡ᠎ᠶᠢᠨ ᠬᠦᠰᠦᠨᠦᠭᠲᠦ 》 ᠣᠨᠴᠠᠭᠠᠢ ᠢᠯᠡ ᠬᠠᠷᠠᠭᠳᠠᠵᠤ᠂ 17 ᠭᠡᠮ ᠰᠣᠭᠣᠭ᠎ᠢ ᠪᠦᠬᠦᠨ᠎ᠢᠶᠡᠷ᠎ᠢᠶᠡᠨ 《 ᠨᠢᠭᠡᠨᠲᠡ ᠴᠡᠭᠴᠡᠯᠡᠨ ᠰᠠᠢᠵᠢᠷᠠᠭᠤᠯᠪᠠ 》 ᠭᠡᠰᠡᠨ ᠵᠡᠭᠦᠯᠲᠡ ᠬᠠᠳᠠᠵᠤ᠂ ᠬᠠᠵᠠᠭᠤ ᠳ᠋ᠤᠨᠢ ᠴᠡᠭᠴᠡᠯᠡᠨ ᠰᠠᠢᠵᠢᠷᠠᠭᠤᠯᠬᠤ᠎ᠶᠢᠨ ᠡᠮᠦᠨ᠎ᠡ ᠬᠣᠢᠨᠠᠬᠢ ᠬᠠᠷᠢᠴᠠᠭᠤᠯᠤᠭᠰᠠᠨ ᠭᠡᠷᠡᠯ ᠵᠢᠷᠤᠭ᠎ᠢ ᠳᠠᠭᠠᠯᠳᠤᠭᠤᠯᠵᠠᠢ᠃ ᠡᠨᠡ ᠪᠣᠯ ᠪᠠᠶᠠᠨᠨᠠᠭᠤᠷ ᠬᠤᠳᠠ᠎ᠶᠢᠨ ᠭᠣᠣᠯᠳᠠᠯᠭ᠎ᠠ᠎ᠲᠠᠢ ᠠᠵᠤ ᠠᠬᠤᠢᠯᠠᠯ᠎ᠳᠤ 《ᠪᠠᠢᠴᠠᠭᠠᠨ ᠰᠤᠳᠤᠯᠤᠯᠲᠠ ᠬᠢᠬᠦ + ᠪᠣᠯᠪᠠᠰᠤᠷᠠᠯ ᠬᠢᠬᠦ + ᠬᠠᠷᠢᠭᠤ ᠰᠣᠷᠪᠤᠯᠵᠢᠯᠠᠭ᠎ᠠ 》 ᠵᠢᠨ ᠪᠢᠲᠡᠭᠦᠦ ᠴᠠᠭᠠᠷᠢᠭ᠋᠎ᠤᠨ ᠬᠠᠮᠢᠶᠠᠷᠤᠯᠲᠠ᠎ᠶᠢ ᠬᠡᠷᠡᠭᠵᠢᠭᠦᠯᠦᠭᠰᠡᠨ ᠠᠮᠢᠳᠤᠯᠢᠭ᠋ ᠬᠤᠷᠢᠶᠠᠩᠭᠤᠢ ᠳᠦᠷᠰᠦ ᠪᠣᠯᠣᠨ᠎ᠠ᠃
《 ᠠᠩᠬ᠎ᠠ ᠡᠬᠢᠯᠡᠬᠦ᠎ᠳᠡᠭᠡᠨ ᠲᠤᠰᠬᠠᠢ ᠮᠡᠷᠭᠡᠵᠢᠯᠲᠡᠨ᠎ᠦ ᠪᠠᠢᠴᠠᠭᠠᠯᠲᠠ᠎ᠶᠢ ᠶᠠᠷᠰᠢᠭ᠋ ᠲᠦᠪᠡᠭ ᠡᠷᠢᠵᠦ ᠪᠠᠢᠨ᠎ᠠ ᠭᠡᠵᠦ ᠪᠣᠳᠣᠵᠤ ᠪᠠᠢᠭᠰᠠᠨ᠂ ᠭᠡᠲᠡᠯ᠎ᠡ ᠲᠡᠳᠡᠨ᠎ᠦ ᠮᠠᠨᠳᠤ ᠡᠷᠢᠵᠦ ᠥᠭᠭᠦᠭᠰᠡᠨ ᠳᠠᠮᠵᠢᠭᠤᠯᠬᠤ ᠪᠦᠰᠡ᠎ᠶᠢᠨ ᠠᠶᠤᠯᠭᠦᠢ᠎ᠶᠢᠨ ᠵᠠᠢ᠎ᠶᠢᠨ ᠠᠰᠠᠭᠤᠳᠠᠯ ᠨᠢ ᠮᠠᠰᠢᠨ ᠮᠧᠬᠠᠨᠢᠭ᠋᠎ᠤᠨ ᠭᠡᠮᠲᠦᠯ ᠭᠠᠷᠬᠤ᠎ᠠᠴᠠ ᠰᠢᠭᠤᠳ ᠵᠠᠢᠯᠠᠰᠬᠢᠵᠦ ᠴᠢᠳᠠᠵᠠᠢ 》 ᠭᠡᠵᠦ ᠪᠠᠶᠠᠨᠨᠠᠭᠤᠷ᠎ᠤᠨ ᠽᠢ ᠵᠢᠨ ᠥᠩᠭᠡᠲᠦ ᠲᠡᠮᠦᠷᠯᠢᠭ᠎ᠦᠨ ᠬᠢᠵᠠᠭᠠᠷᠲᠤ ᠺᠣᠮᠫᠠᠨᠢ᠎ᠶᠢᠨ ᠬᠠᠷᠢᠭᠤᠴᠠᠯᠭᠠᠲᠠᠨ ᠬᠡᠯᠡᠪᠡ᠃ ᠪᠠᠶᠠᠨᠨᠠᠭᠤᠷ ᠬᠣᠲᠠ 53 ᠭᠣᠣᠯᠳᠠᠯᠭ᠎ᠠ᠎ᠲᠠᠢ ᠠᠵᠤ ᠠᠬᠤᠢᠯᠠᠯ᠎ᠢ ᠰᠣᠩᠭᠣᠨ ᠠᠪᠴᠤ᠂ 《 ᠨᠢᠭᠡ ᠠᠵᠤ ᠠᠬᠤᠢᠯᠠᠯ᠎ᠳᠦ ᠨᠢᠭᠡ ᠲᠥᠷᠥ᠎ᠶᠢᠨ ᠪᠣᠳᠣᠯᠭ᠎ᠠ》᠎ᠶᠢᠨ ᠪᠣᠯᠪᠠᠰᠤᠷᠠᠯ᠎ᠤᠨ ᠲᠥᠰᠥᠯ᠎ᠢ ᠪᠡᠶ᠎ᠡ᠎ᠳᠡᠭᠡᠨ ᠲᠣᠬᠢᠷᠠᠭᠤᠯᠤᠨ ᠲᠣᠭᠲᠠᠭᠠᠪᠠ᠃ ᠬᠠᠮᠢᠶᠠᠷᠤᠯᠲᠠ᠎ᠶᠢᠨ ᠳᠠᠪᠬᠤᠷᠭ᠎ᠠ᠂ ᠡᠭᠡᠯᠵᠢ ᠳᠤᠭᠤᠢᠯᠠᠩ᠎ᠤᠨ ᠳᠠᠷᠤᠭ᠎ᠠ᠂ ᠨᠢᠭᠡᠳᠦᠭᠡᠷ ᠹᠷᠣᠨᠲ᠎ᠤᠨ ᠠᠵᠢᠯᠲᠠᠨ᠎ᠤ ᠠᠳᠠᠯᠢ ᠪᠤᠰᠤ ᠠᠵᠢᠯ᠎ᠤᠨ ᠪᠠᠢᠷᠢ᠎ᠶᠢᠨ ᠬᠡᠷᠡᠭᠴᠡᠭᠡ ᠱᠠᠭᠠᠷᠳᠠᠯᠭ᠎ᠠ᠎ᠲᠠᠢ ᠤᠶᠠᠯᠳᠤᠭᠤᠯᠤᠨ᠂ ᠲᠣᠰ ᠲᠣᠰ ᠠᠶᠤᠯᠭᠦᠢ ᠦᠢᠯᠡᠳᠪᠦᠷᠢᠯᠡᠯ᠎ᠦᠨ ᠬᠠᠮᠢᠶᠠᠷᠤᠯᠲᠠ᠂ ᠠᠵᠢᠯ᠎ᠤᠨ ᠨᠥᠯᠥᠭᠡᠨᠦ ᠡᠪᠡᠳᠴᠢᠨ᠎ᠢ ᠰᠡᠷᠭᠡᠢᠯᠡᠨ ᠵᠠᠰᠠᠬᠤ᠂ ᠪᠠᠴᠢᠮ ᠪᠠᠢᠳᠠᠯ᠎ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠵᠡᠷᠭᠡ ᠠᠭᠤᠯᠭ᠎ᠠ᠎ᠪᠠᠷ ᠭᠣᠣᠯᠳᠠᠭᠤᠯᠤᠨ ᠪᠣᠯᠪᠠᠰᠤᠷᠠᠯ ᠬᠢᠪᠡ᠃
《 ᠠᠭᠤᠷᠬᠠᠢ᠎ᠶᠢᠨ ᠭᠦᠨ᠎ᠳᠡᠬᠢ ᠲᠦᠷᠭᠡᠨ ᠠᠪᠤᠷᠠᠯᠳᠠ᠎ᠶᠢᠨ ᠤᠬᠠᠭᠤᠯᠤᠨ ᠲᠠᠢᠯᠪᠤᠷᠢᠯᠠᠬᠤ ᠬᠢᠴᠢᠶᠡᠯ᠎ᠦᠨ ᠲᠠᠩᠬᠢᠮ ᠪᠣᠯ ᠬᠠᠮᠤᠭ᠎ᠠᠴᠠ ᠢᠯᠡᠭᠦᠦ 〈 ᠬᠠᠯᠠᠭᠤᠨ ᠳᠤᠯᠠᠭᠠᠨ 〉 ᠲᠠᠢ ᠪᠠᠢᠳᠠᠭ᠂ ᠲᠦᠷᠭᠡᠨ ᠠᠪᠤᠷᠠᠯᠳᠠ᠎ᠶᠢᠨ ᠯᠧᠺᠲ᠋ᠣᠷ 4 ᠮᠢᠨᠦ᠋ᠲ᠎ᠦᠨ ᠳᠣᠲᠣᠷ᠎ᠠ 〈 ᠰᠢᠵᠢᠷ ᠠᠯᠲᠠᠨ ᠠᠪᠤᠷᠠᠨ ᠲᠤᠰᠠᠯᠠᠯᠲᠠ 〉 ᠶᠢᠨ ᠪᠦᠬᠦ ᠶᠠᠪᠤᠴᠠ᠎ᠶᠢ ᠪᠦᠷᠢᠨ ᠭᠦᠢᠴᠡᠳ ᠦᠵᠡᠭᠦᠯᠵᠦ ᠴᠢᠳᠠᠭᠰᠠᠨ ᠪᠥᠭᠡᠳ ᠪᠠᠰᠠ ᠪᠢᠳᠡᠨ᠎ᠢ ᠥᠪᠡᠷ᠎ᠦᠨ ᠪᠡᠶ᠎ᠡ᠎ᠪᠡᠷ᠎ᠢᠶᠡᠨ ᠪᠣᠳᠠᠲᠠᠢ ᠪᠣᠯᠪᠠᠰᠤᠷᠠᠯ ᠬᠢᠯᠭᠡᠵᠦ᠂ ᠪᠠᠭ᠍ᠰᠢ᠎ᠠᠴᠠ ᠪᠢᠳᠡᠨ᠎ᠦ ᠠᠯᠳᠠᠭ᠎ᠠ ᠪᠤᠷᠤᠭᠤ᠎ᠶᠢ ᠠᠬᠢᠨ ᠳᠠᠬᠢᠨ ᠵᠠᠯᠠᠷᠠᠭᠤᠯᠵᠤ ᠥᠭᠴᠡᠢ᠃ 》 ᠬᠠᠢ ᠮᠢᠩ ᠠᠭᠤᠷᠬᠠᠢ᠎ᠶᠢᠨ ᠦᠢᠯᠡᠰ᠎ᠦᠨ ᠨᠢᠭᠡ ᠰᠤᠷᠤᠭ᠍ᠴᠢ᠄ 《 ᠤᠤᠯ ᠨᠢ ᠬᠤᠳᠳᠤᠭ᠎ᠲᠤ ᠪᠠᠭᠤᠬᠤ᠎ᠳᠤ ᠳᠥᠭᠥᠮᠢ ᠪᠣᠳᠣᠵᠤ ᠴᠢᠬᠢᠨ ᠪᠥᠭᠯᠡᠭᠡ ᠵᠡᠭᠦᠳᠡᠭ ᠦᠭᠡᠢ ᠪᠠᠢᠵᠠᠢ᠂ ᠣᠳᠣ᠌ ᠳᠠᠭᠤ ᠱᠤᠤᠭᠢᠶᠠᠨ᠎ᠤ ᠬᠣᠣᠷ ᠬᠥᠨᠥᠭᠡᠯ᠎ᠢ ᠰᠠᠶᠢ ᠮᠡᠳᠡᠵᠡᠢ ᠂ ᠣᠯᠠᠨ᠎ᠢᠶᠠᠷ᠎ᠢᠶᠠᠨ ᠴᠥᠮ ᠰᠠᠨᠠᠭᠠᠴᠢᠯᠠᠭ᠎ᠠ᠎ᠠᠴᠠ᠎ᠪᠠᠨ ᠰᠢᠨ᠎ᠡ ᠴᠢᠬᠢᠨ ᠪᠥᠭᠯᠡᠭᠡ ᠲᠦᠭᠡᠭᠡᠬᠦ ᠶᠢ ᠱᠠᠭᠠᠷᠳᠠᠵᠤ ᠪᠠᠢᠨ᠎ᠠ 》 ᠭᠡᠵᠡᠢ᠃ ᠲᠤᠰ ᠰᠤᠷᠤᠭ᠍ᠴᠢ᠎ᠶᠢᠨ ᠦᠭᠡ ᠨᠢ ᠪᠣᠯᠪᠠᠰᠤᠷᠠᠯ᠎ᠠᠴᠠ ᠪᠣᠯᠤᠭᠰᠠᠨ ᠣᠢᠯᠠᠭᠠᠭᠳᠠᠬᠤᠨ᠎ᠤ ᠬᠤᠪᠢᠰᠤᠯᠲᠠ᠎ᠶᠢ ᠢᠯᠡᠷᠬᠡᠢᠯᠡᠵᠡᠢ᠃
ᠨᠢᠭᠡ ᠤᠳᠠᠭᠠᠨ᠎ᠤ ᠠᠵᠤ ᠠᠬᠤᠢᠯᠠᠯ᠎ᠳᠤ ᠣᠷᠣᠵᠤ ᠵᠢᠭ᠍ᠰᠠᠭᠠᠨ ᠪᠠᠢᠴᠠᠭᠠᠬᠤ ᠶᠠᠪᠤᠴᠠ᠎ᠳᠤ᠂ ᠪᠠᠶᠠᠨᠨᠠᠭᠤᠷ ᠬᠣᠲᠠ᠎ᠶᠢᠨ ᠠᠵᠢᠯ᠎ᠠᠴᠠ ᠪᠣᠯᠤᠭᠰᠠᠨ ᠭᠡᠮᠲᠦᠯ᠎ᠢ ᠤᠷᠢᠳᠴᠢᠯᠠᠨ ᠰᠡᠷᠭᠡᠢᠯᠡᠬᠦ ᠲᠤᠰᠬᠠᠢ ᠮᠡᠷᠭᠡᠵᠢᠯᠲᠡᠨ᠎ᠦ ᠳᠤᠭᠤᠢᠯᠠᠩ ᠥᠪᠥᠷ ᠮᠣᠩᠭᠣᠯ᠎ᠤᠨ ᠭᠦᠸᠧ ᠴᠧᠩ ᠡᠬᠢ ᠪᠠᠶᠠᠯᠢᠭ᠋᠎ᠢ ᠶᠡᠷᠦᠩᠬᠡᠢᠯᠡᠨ ᠠᠰᠢᠭ᠍ᠯᠠᠬᠤ ᠬᠢᠵᠠᠭᠠᠷᠲᠤ ᠺᠣᠮᠫᠠᠨᠢ᠎ᠠᠴᠠ 37 ᠰᠢᠯᠢᠳᠡᠭᠵᠢᠭᠦᠯᠬᠦ ᠭᠣᠭᠴᠣᠭ᠎ᠠ᠎ᠶᠢ ᠡᠷᠢᠨ ᠭᠠᠷᠭᠠᠵᠤ᠂ ᠠᠵᠤ ᠠᠬᠤᠢᠯᠠᠯ᠎ᠢ ᠬᠠᠪᠰᠤᠷᠤᠨ 《 ᠠᠵᠢᠯ᠎ᠤᠨ ᠪᠠᠢᠷᠢ᠎ᠶᠢᠨ ᠠᠮᠤᠷ ᠲᠦᠪᠰᠢᠨ᠎ᠦ ᠬᠠᠷᠢᠭᠤᠴᠠᠯᠭ᠎ᠠ᠎ᠶᠢᠨ ᠳᠦᠷᠢᠮ 》᠎ᠢᠶᠡᠷ ᠭᠣᠣᠯ ᠪᠣᠯᠭᠠᠭᠰᠠᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠰᠢᠰᠲᠧᠮᠵᠢ᠎ᠶᠢ ᠪᠠᠢᠭᠤᠯᠤᠭᠰᠠᠨ ᠪᠠᠢᠨ᠎ᠠ᠃ ᠠᠮᠤᠷ ᠲᠦᠪᠰᠢᠨ᠎ᠦ ᠬᠠᠷᠢᠭᠤᠴᠠᠯᠭ᠎ᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ᠂ ᠪᠣᠯᠪᠠᠰᠤᠷᠠᠯ ᠪᠠ ᠬᠠᠮᠢᠶᠠᠷᠤᠯᠲᠠ᠎ᠶᠢ ᠴᠢᠩᠭᠠᠳᠬᠠᠬᠤ᠎ᠪᠠᠷ ᠳᠡᠮᠵᠢᠨ᠂ ᠲᠣᠰ ᠠᠵᠤ ᠠᠬᠤᠢᠯᠠᠯ᠎ᠤᠨ ᠠᠮᠤᠷ ᠲᠦᠪᠰᠢᠨ᠎ᠦ ᠬᠢᠷᠢ ᠲᠦᠪᠰᠢᠨ ᠢᠯᠡᠳᠲᠡ ᠳᠡᠭᠡᠭᠰᠢᠯᠡᠵᠦ᠂ ᠠᠵᠢᠯ᠎ᠠᠴᠠ ᠪᠣᠯᠤᠭᠰᠠᠨ ᠭᠡᠮᠲᠦᠯ᠎ᠦᠨ ᠡᠨᠳᠡᠯ ᠭᠠᠷᠬᠤ ᠨᠣᠷᠮ᠎ᠠ ᠢᠯᠡᠳᠲᠡ ᠪᠠᠭᠤᠷᠠᠪᠠ᠂ ᠲᠣᠰ ᠺᠣᠮᠫᠠᠨᠢ᠎ᠶᠢᠨ ᠶᠡᠷᠦᠩᠬᠡᠢ ᠳᠠᠭᠠᠭᠠᠮᠠᠯ ᠢᠯᠡᠷᠬᠡᠢᠯᠡᠬᠦ᠎ᠳᠡᠭᠡᠨ᠄ 《 ᠠᠮᠤᠷ ᠲᠦᠪᠰᠢᠨ᠎ᠦ ᠪᠡᠯᠡ ᠣᠷᠣᠭᠤᠯᠤᠯᠲᠠ ᠪᠣᠯ ᠥᠪᠡᠷ᠎ᠦᠨ ᠥᠷᠲᠡᠭ ᠪᠢᠰᠢ᠂ ᠬᠠᠷᠢᠨ ᠬᠠᠮᠤᠭ᠎ᠤᠨ ᠦᠨ᠎ᠡ ᠥᠷᠲᠡᠭ᠎ᠲᠠᠢ ᠪᠡᠯᠡ ᠣᠷᠣᠭᠤᠯᠤᠯᠲᠠ ᠮᠥᠨ 》 ᠭᠡᠵᠡᠢ᠃ ᠲᠥᠰᠥᠭᠡᠯᠡᠨ ᠪᠤᠳᠤᠭᠰᠠᠨ᠎ᠢᠶᠠᠷ᠂ ᠠᠵᠢᠯ᠎ᠠᠴᠠ ᠪᠣᠯᠤᠭᠰᠠᠨ ᠭᠡᠮᠲᠦᠯ᠎ᠢ ᠤᠷᠢᠳᠴᠢᠯᠠᠨ ᠰᠡᠷᠭᠡᠢᠯᠡᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠲᠣᠰ ᠠᠵᠤ ᠠᠬᠤᠢᠯᠠᠯ ᠣᠢᠷ᠎ᠠ᠎ᠶᠢᠨ ᠭᠤᠷᠪᠠᠨ ᠵᠢᠯ᠎ᠳᠦ ᠬᠠᠮᠢᠶ᠎ᠠ ᠪᠦᠬᠦᠢ ᠵᠠᠷᠤᠯᠭ᠎ᠠ᠎ᠪᠠᠨ ᠪᠠᠭ᠎ᠠ ᠪᠤᠰᠤ ᠠᠷᠪᠢᠯᠠᠵᠤ᠂ ᠠᠵᠢᠯᠲᠠᠨ ᠠᠵᠢᠯᠴᠢᠨ᠎ᠤ ᠠᠯᠳᠠᠭᠳᠠᠯ᠎ᠤᠨ ᠨᠣᠷᠮ᠎ᠠ ᠠᠳᠠᠯᠢ ᠬᠤᠭᠤᠴᠠᠭᠠᠨ᠎ᠤ ᠬᠢ᠎ᠡᠴᠡ 3.5% ᠪᠡᠷ ᠪᠠᠭᠤᠷᠠᠪᠠ᠃