ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ 《 ᠵᠠᠯᠠᠭᠤᠴᠤᠳ᠎ᠤᠨ ᠦᠢᠯᠡᠰ ᠪᠣᠰᠬᠠᠬᠤ ᠠᠶᠠᠯᠠᠯ᠎ᠳᠤ ᠲᠤᠰᠠᠯᠠᠬᠤ · ᠦᠢᠯᠡᠰ ᠪᠦᠲᠦᠭᠡᠯ᠎ᠢᠶᠡᠷ ᠢᠷᠡᠭᠡᠳᠦᠢ᠎ᠳᠦ ᠬᠠᠨᠳᠤᠬᠤ 》 ᠦᠢᠯᠡᠰ ᠪᠣᠰᠬᠠᠬᠤ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ ᠶᠠᠪᠤᠭᠤᠯᠪᠠ᠃ ᠦᠢᠯᠡᠰ ᠪᠣᠰᠬᠠᠬᠤ ᠤᠷᠤᠯᠳᠤᠭᠠᠨ ᠡᠨᠡ ᠵᠢᠯ᠎ᠦᠨ 7 ᠰᠠᠷ᠎ᠠ᠎ᠳᠤ ᠡᠬᠢᠯᠡᠭᠰᠡᠨ᠎ᠡᠴᠡ ᠨᠠᠭᠠᠰᠢ ᠂ ᠨᠡᠶ᠋ᠢᠲᠡ 102 ᠲᠥᠷᠥᠯ ᠵᠦᠢᠯ ᠨᠡᠷ᠎ᠡ ᠮᠡᠳᠡᠭᠦᠯᠵᠦ᠂ ᠡᠴᠦᠰ᠎ᠲᠡᠬᠡᠨ 6 ᠰᠢᠯᠢᠳᠡᠭ ᠲᠥᠷᠥᠯ ᠵᠦᠢᠯ ᠰᠢᠢᠳᠪᠦᠷᠢᠲᠦ ᠤᠷᠤᠯᠳᠤᠭᠠᠨ᠎ᠳᠤ ᠣᠷᠣᠭᠰᠠᠨ ᠪᠠᠢᠨ᠎ᠠ᠃
ᠰᠢᠢᠳᠪᠦᠷᠢᠲᠦ ᠤᠷᠤᠯᠳᠤᠭᠠᠨ᠎ᠢ 《 6 ᠮᠢᠨᠦ᠋ᠲ᠎ᠦᠨ ᠵᠠᠳᠠᠭᠠᠢ ᠦᠵᠡᠭᠦᠯᠭᠡ + 5 ᠮᠢᠨᠦ᠋ᠲ᠎ᠦᠨ ᠠᠰᠠᠭᠤᠯᠲᠠ ᠬᠠᠷᠢᠭᠤᠯᠲᠠ 》 ᠵᠢᠨ ᠬᠡᠯᠪᠡᠷᠢ᠎ᠪᠡᠷ ᠶᠠᠪᠤᠭᠳᠠᠭᠤᠯᠵᠤ᠂ ᠰᠢᠯᠭᠠᠷᠠᠭᠤᠯᠬᠤ ᠺᠣᠮᠢᠰ᠎ᠠᠴᠠ ᠲᠥᠷᠥᠯ ᠵᠦᠢᠯ᠎ᠦᠨ ᠰᠢᠨ᠎ᠡ᠎ᠶᠢ ᠡᠭᠦᠳᠬᠦ ᠴᠢᠨᠠᠷ᠂ ᠪᠦᠯᠬᠦᠮ ᠨᠡᠶ᠋ᠢᠲᠡ᠎ᠶᠢᠨ ᠪᠠᠢᠭᠤᠯᠤᠯᠲᠠ᠂ ᠵᠠᠬ᠎ᠠ ᠳᠡᠯᠭᠡᠭᠦᠷ᠎ᠦᠨ ᠳᠠᠯᠳᠠ ᠬᠦᠴᠦᠨ ᠵᠡᠷᠭᠡ ᠭᠣᠣᠯ ᠲᠠᠯ᠎ᠠ᠎ᠶᠢᠨ ᠰᠢᠯᠭᠠᠷᠠᠭᠤᠯᠤᠯᠲᠠ ᠬᠢᠵᠦ᠂ ᠲᠤᠬᠠᠢ᠎ᠶᠢᠨ ᠲᠠᠯᠠᠪᠤᠷ᠎ᠲᠤ ᠨᠢᠭᠡᠳᠦᠭᠡᠷ ᠳᠡᠰ᠎ᠤᠨ ᠱᠠᠩᠨᠠᠯ 1᠂ ᠬᠣᠶᠠᠳᠤᠭᠠᠷ ᠳᠡᠰ᠎ᠤᠨ ᠱᠠᠩᠨᠠᠯ 2᠂ ᠭᠤᠷᠪᠠᠳᠤᠭᠠᠷ ᠳᠡᠰ᠎ᠤᠨ ᠱᠠᠩᠨᠠᠯ 3᠎ᠶᠢ ᠰᠢᠯᠭᠠᠷᠠᠭᠤᠯᠵᠠᠢ᠃
ᠤᠷᠤᠯᠳᠤᠭᠠᠨ᠎ᠠᠴᠠ ᠡᠮᠦᠨ᠎ᠡ᠂ ᠬᠥᠬᠡᠬᠣᠲᠠ᠎ᠶᠢᠨ ᠬᠢᠨ 14 ᠲᠤᠰᠬᠠᠢ ᠮᠡᠷᠭᠡᠵᠢᠯ᠎ᠦᠨ ᠦᠢᠯᠡᠰ ᠪᠣᠰᠬᠠᠬᠤ᠎ᠶᠢ ᠵᠢᠯᠤᠭᠣᠳᠬᠤ ᠠᠵᠢᠯ᠎ᠤᠨ ᠲᠠᠰᠤᠭ᠎ᠢ ᠨᠤᠲᠠᠯᠠᠨ ᠲᠣᠭᠲᠠᠭᠠᠬᠤ᠎ᠪᠠᠷ ᠳᠠᠮᠵᠢᠭᠤᠯᠵᠤ᠂ 《 ᠵᠠᠯᠠᠭᠤᠴᠤᠳ᠎ᠤᠨ ᠦᠢᠯᠡᠰ ᠪᠣᠰᠬᠠᠬᠤ᠎ᠳᠤ ᠲᠤᠰᠠᠯᠠᠬᠤ 》 ᠰᠢᠷᠢᠰ ᠠᠵᠢᠯᠯᠠᠭ᠎ᠠ᠎ᠶᠢ ᠥᠷᠨᠢᠭᠦᠯᠵᠦ᠂ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢᠭᠤᠯᠤᠨ 《 ᠨᠢᠭᠡ᠎ᠶᠢ ᠨᠢᠭᠡ᠎ᠳᠦ ᠬᠠᠷᠠᠭᠠᠯᠵᠠᠭᠤᠯᠤᠭᠰᠠᠨ 》 ᠵᠢᠯᠣᠭᠣᠳᠤᠯᠭ᠎ᠠ ᠬᠠᠩᠭᠠᠵᠤ᠂ ᠬᠤᠳᠠᠯᠳᠤᠭᠠᠨ᠎ᠤ ᠰᠡᠳᠬᠢᠬᠦᠢ᠂ ᠪᠣᠳᠠᠲᠤ ᠦᠢᠯᠡᠳᠦᠯᠭᠡ᠎ᠶᠢᠨ ᠤᠷ᠎ᠠ ᠮᠡᠷᠭᠡᠵᠢᠯ᠂ ᠡᠬᠢ ᠪᠠᠶᠠᠯᠢᠭ᠋᠎ᠢ ᠵᠣᠯᠭᠠᠭᠤᠯᠬᠤ᠂ ᠲᠦᠷᠦ᠎ᠶᠢᠨ ᠪᠣᠳᠣᠯᠭ᠎ᠠ᠎ᠶᠢ ᠵᠣᠬᠢᠴᠠᠭᠤᠯᠬᠤ ᠵᠡᠷᠭᠡ ᠲᠠᠯ᠎ᠠ᠎ᠠᠴᠠ ᠦᠢᠯᠡᠰ ᠪᠣᠰᠬᠠᠬᠤ ᠪᠦᠯᠬᠦᠮ᠎ᠳᠦ ᠴᠢᠳᠠᠪᠤᠷᠢ ᠣᠯᠭᠣᠵᠠᠢ᠃ ᠰᠢᠢᠳᠪᠦᠷᠢᠲᠦ ᠤᠷᠤᠯᠳᠤᠭᠠᠨ᠎ᠤ ᠲᠤᠬᠠᠢ᠎ᠶᠢᠨ ᠲᠠᠯᠠᠪᠤᠷ᠎ᠲᠤ᠂ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ ᠰᠢᠨ᠎ᠡ᠎ᠶᠢ ᠡᠭᠦᠳᠬᠦ ᠪᠡᠯᠡ ᠣᠷᠣᠭᠤᠯᠤᠯᠲᠠ᠎ᠶᠢᠨ ᠳᠠᠭᠠᠭᠤᠯᠤᠭ᠍ᠴᠢ᠂ ᠤᠯᠤᠰ᠎ᠤᠨ ᠲᠠᠰ᠎ᠤᠨ ᠰᠢᠨ᠎ᠡ᠎ᠶᠢ ᠡᠭᠦᠳᠬᠦ ᠪᠠ ᠦᠢᠯᠡᠰ ᠪᠣᠰᠬᠠᠬᠤ ᠵᠢᠯᠣᠭᠣᠳᠤᠭ᠍ᠴᠢ ᠪᠠᠭ᠍ᠰᠢ᠎ᠪᠠᠷ ᠪᠦᠷᠢᠯᠳᠦᠭᠰᠡᠨ 7 ᠬᠥᠮᠥᠨ᠎ᠦ ᠰᠢᠯᠭᠠᠷᠠᠭᠤᠯᠬᠤ ᠺᠣᠮᠢᠰ᠎ᠤᠨ ᠪᠦᠯᠬᠦᠮ ᠪᠥᠬᠥ ᠲᠠᠯ᠎ᠠ᠎ᠶᠢᠨ ᠬᠢᠨᠠᠨ ᠰᠢᠯᠭᠠᠯᠲᠠ᠎ᠶᠢ ᠥᠷᠨᠢᠭᠦᠯᠵᠦ᠂ ᠳᠤᠮᠳᠠᠳᠤ ᠤᠯᠤᠰ᠎ᠤᠨ ᠪᠠᠩᠬᠢ ᠵᠡᠷᠭᠡ 6 ᠮᠥᠩᠭᠥᠨ ᠭᠦᠢᠯᠭᠡᠭᠡᠨ᠎ᠦ ᠪᠠᠢᠭᠤᠯᠤᠮᠵᠢ 《 ᠮᠥᠩᠭᠥᠨ ᠭᠦᠢᠯᠭᠡᠭᠡᠨ᠎ᠦ ᠬᠠᠪᠰᠤᠷᠤᠨ ᠬᠠᠪᠰᠤᠷᠬᠤ ᠪᠦᠯᠬᠦᠮ 》᠎ᠢ ᠪᠦᠷᠢᠯᠳᠦᠭᠦᠯᠵᠦ᠂ ᠲᠤᠬᠠᠢ᠎ᠶᠢᠨ ᠲᠠᠯᠠᠪᠤᠷ᠎ᠲᠤ ᠨᠠᠷᠢᠯᠢᠭ᠋ ᠣᠨᠣᠴᠠᠲᠠᠢ ᠮᠥᠩᠭᠥᠨ ᠭᠦᠢᠯᠭᠡᠭᠡᠨ᠎ᠦ ᠵᠣᠯᠭᠠᠯᠴᠠᠭ᠎ᠠ᠎ᠶᠢᠨ ᠦᠢᠯᠡᠴᠢᠯᠡᠭᠡ ᠬᠠᠩᠭᠠᠪᠠ᠃ ᠤᠷᠤᠯᠳᠤᠭᠠᠨ᠎ᠤ ᠳᠠᠷᠠᠭ᠎ᠠ᠂ ᠱᠠᠩᠨᠠᠯ ᠣᠯᠣᠭᠰᠠᠨ ᠲᠥᠷᠥᠯ ᠵᠦᠢᠯ ᠨᠢ ᠨᠠᠩ ᠳᠡᠭᠡᠳᠦ ᠲᠠᠰ᠎ᠤᠨ ᠤᠷᠤᠯᠳᠤᠭᠠᠨ᠎ᠳᠦ ᠲᠠᠰ ᠳᠡᠪᠰᠢᠬᠦ᠂ ᠨᠡᠪᠴᠢᠭᠦᠯᠬᠦ ᠰᠠᠭᠤᠷᠢᠨ ᠭᠠᠵᠠᠷ᠎ᠲᠤ ᠣᠷᠣᠵᠤ ᠰᠠᠭᠤᠬᠤ ᠭᠡᠷ᠎ᠦᠨ ᠲᠦᠷᠢᠶᠡᠰᠦ ᠤᠰᠤ ᠴᠠᠬᠢᠯᠭᠠᠨ᠎ᠤ ᠰᠦᠢᠳᠬᠡᠯ᠎ᠢ ᠬᠠᠰᠤᠵᠤ ᠬᠡᠯᠲᠦᠷᠢᠭᠦᠯᠬᠦ᠂ ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ ᠭᠤᠶᠤᠴᠢᠯᠠᠨ ᠠᠪᠬᠤ ᠵᠡᠷᠭᠡ ᠣᠯᠠᠨ ᠳᠠᠪᠬᠤᠷ ᠬᠠᠪᠰᠤᠷᠤᠯᠭ᠎ᠠ ᠳᠡᠮᠵᠢᠯᠭᠡ᠎ᠶᠢ ᠭᠥᠷᠳᠡᠵᠦ ᠪᠣᠯᠣᠨ᠎ᠠ᠃ ᠬᠥᠬᠡᠬᠣᠲᠠ᠎ᠶᠢᠨ ᠬᠢᠨ ᠪᠦᠬᠦ ᠦᠶᠡᠯᠡᠯ᠎ᠦᠨ ᠬᠤᠭᠤᠴᠠᠭᠠᠨ᠎ᠤ ᠦᠢᠯᠡᠴᠢᠯᠡᠭᠡ᠎ᠪᠡᠷ᠎ᠢᠶᠡᠨ ᠵᠠᠯᠠᠭᠤ ᠦᠢᠯᠡᠰ ᠪᠣᠰᠬᠠᠭ᠍ᠴᠢᠳ᠎ᠢ ᠬᠥᠬᠡᠬᠣᠲᠠ᠎ᠳᠤ ᠦᠨᠳᠦᠰᠦᠯᠡᠭᠦᠯᠵᠦ᠂ ᠰᠠᠨᠠᠭ᠎ᠠ ᠠᠮᠤᠷ ᠦᠢᠯᠡᠰ ᠪᠣᠰᠬᠠᠬᠤ ᠪᠣᠯᠭᠠᠪᠠ᠃