ᠴᠣᠩᠬᠣᠨ᠎ᠤ ᠭᠠᠳᠠᠨ᠎ᠠ ᠲᠡᠰᠬᠢᠮ᠎ᠠ ᠬᠦᠢᠲᠡᠨ ᠰᠠᠯᠬᠢ ᠰᠠᠯᠬᠢᠯᠠᠵᠤ᠂ ᠭᠡᠷ ᠳᠣᠲᠣᠷ᠎ᠠ ᠬᠥᠷ ᠬᠥᠭᠵᠢᠶᠡᠨ᠎ᠢᠶᠡᠷ ᠪᠢᠯᠬᠠᠨ᠎ᠠ᠃ ᠥᠩᠭᠡᠷᠡᠭᠰᠡᠨ᠎ᠳᠦ᠂ ᠡᠪᠦᠯ᠎ᠦᠨ ᠤᠯᠠᠷᠢᠯ ᠨᠢ ᠮᠠᠯᠴᠢᠨ ᠲᠠᠷᠢᠶᠠᠴᠢᠨ᠎ᠳᠤ ᠠᠪᠴᠤ ᠬᠡᠯᠡᠪᠡᠯ᠂ ᠤᠯᠠᠮᠵᠢᠯᠠᠯᠲᠤ 《 ᠲᠠᠷᠢᠶᠠᠯᠠᠩ᠎ᠤᠨ ᠰᠡᠯᠡᠭᠦᠦ ᠴᠠᠭ 》 ᠪᠣᠯᠬᠤ ᠶᠤᠮ᠂ ᠭᠡᠪᠡᠴᠦ ᠲᠦᠩᠯᠢᠶᠣᠣ ᠬᠣᠲᠠ᠎ᠶᠢᠨ ᠺᠠᠢᠯᠤ ᠰᠢᠶᠠᠨ᠎ᠳᠤ᠂ ᠤᠯᠠᠮ᠎ᠠᠴᠠ ᠤᠯᠠᠮ ᠣᠯᠠᠨ ᠮᠠᠯᠴᠢᠨ ᠲᠠᠷᠢᠶᠠᠴᠢᠨ ᠡᠨᠡ ᠬᠦ᠌ ᠴᠠᠭ ᠬᠤᠭᠤᠴᠠᠭ᠎ᠠ᠎ᠶᠢ ᠠᠰᠢᠭ᠍ᠯᠠᠨ ᠢᠳᠡᠪᠬᠢᠲᠡᠢ᠎ᠪᠡᠷ 《 ᠴᠠᠬᠢᠯᠭᠠᠨ ᠴᠡᠨᠡᠭᠯᠡᠵᠦ 》 ᠂ ᠰᠢᠨ᠎ᠡ ᠮᠡᠳᠡᠯᠭᠡ᠎ᠶᠢ ᠰᠤᠷᠤᠯᠴᠠᠵᠤ᠂ ᠰᠢᠨ᠎ᠡ ᠤᠷ᠎ᠠ ᠮᠡᠷᠭᠡᠵᠢᠯ᠎ᠢ ᠡᠵᠡᠮᠰᠢᠨ᠂ ᠢᠷᠡᠬᠦ ᠵᠢᠯ᠎ᠦᠨ ᠬᠥᠭᠵᠢᠯᠲᠡ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠴᠢᠳᠠᠯ᠎ᠢᠶᠠᠨ ᠬᠤᠷᠠᠮᠳᠤᠭᠤᠯᠵᠤ ᠡᠬᠢᠯᠡᠭᠰᠡᠨ ᠪᠠᠢᠨ᠎ᠠ᠃
11 ᠰᠠᠷ᠎ᠠ᠎ᠶᠢᠨ 23᠎ᠤ ᠡᠳᠦᠷ᠂ ᠺᠠᠢᠯᠤ ᠰᠢᠶᠠᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ᠎ᠦᠨ ᠡᠯᠧᠺᠲᠷᠣᠨ ᠬᠤᠳᠠᠯᠳᠤᠭᠠᠨ᠎ᠤ ᠪᠣᠯᠪᠠᠰᠤᠷᠠᠯ᠎ᠤᠨ ᠠᠩᠭᠢ᠎ᠳᠤ ᠬᠥᠮᠥᠰ ᠳᠦᠭᠦᠷᠲᠡᠯ᠎ᠡ ᠰᠠᠭᠤᠵᠤ᠂ ᠰᠤᠷᠤᠭ᠍ᠴᠢᠳ ᠪᠥᠬᠥ ᠠᠩᠬᠠᠷᠤᠯ᠎ᠢᠶᠠᠨ ᠲᠥᠪᠯᠡᠷᠡᠭᠦᠯᠦᠨ ᠯᠧᠺᠲ᠋ᠣᠷ᠎ᠤᠨ ᠰᠢᠭᠤᠳ ᠨᠡᠪᠲᠡᠷᠡᠭᠦᠯᠭᠡ᠎ᠪᠡᠷ ᠪᠠᠷᠠᠭ᠎ᠠ ᠪᠣᠷᠣᠯᠠᠭᠤᠯᠬᠤ ᠤᠷ᠎ᠠ ᠮᠡᠷᠭᠡᠵᠢᠯ᠎ᠦᠨ ᠲᠤᠬᠠᠢ ᠲᠠᠢᠯᠪᠤᠷᠢᠯᠠᠬᠤ᠎ᠶᠢ ᠰᠣᠨᠣᠰᠴᠤ ᠪᠠᠢᠯ᠎ᠠ᠃ ᠬᠣᠶᠠᠷ ᠬᠡᠦᠬᠡᠳ᠎ᠦᠨ ᠡᠵᠢ ᠯᠢ ᠬᠣᠢ ᠯᠢ᠎ᠳᠦ ᠠᠪᠴᠤ ᠬᠡᠯᠡᠪᠡᠯ᠂ ᠡᠨᠡ ᠡᠪᠦᠯ ᠲᠡᠷᠡ ᠭᠡᠷ ᠪᠦᠯᠢ᠎ᠶᠢᠨ ᠠᠷᠰᠠᠷ ᠶᠠᠪᠤᠳᠠᠯ᠎ᠳᠤ ᠯᠠ ᠬᠢᠵᠠᠭᠠᠷᠯᠠᠭᠳᠠᠬᠤ ᠪᠢᠰᠢ᠂ ᠠᠮᠢᠳᠤᠷᠠᠯ᠎ᠤᠨ ᠭᠣᠣᠯᠳᠠᠯᠭ᠎ᠠ᠎ᠪᠠᠨ ᠲᠣᠭᠣᠭᠠᠨ ᠭᠡᠷ᠎ᠲᠡᠬᠡᠨ ᠬᠣᠷᠭᠣᠳᠠᠵᠤ ᠪᠠᠢᠭᠰᠠᠨ᠎ᠠᠴᠠ ᠬᠢᠴᠢᠶᠡᠯ᠎ᠦᠨ ᠲᠠᠩᠬᠢᠮ᠎ᠳᠤ ᠣᠷᠣᠵᠤ᠂ ᠴᠠᠭ ᠦᠶ᠎ᠡ᠎ᠶᠢᠨ ᠬᠥᠭᠵᠢᠯᠲᠡ᠎ᠶᠢᠨ ᠰᠤᠳᠠᠰᠤ᠎ᠶᠢ ᠠᠳᠬᠤᠨ᠂ ᠨᠢᠭᠡ ᠵᠦᠢᠯ᠎ᠦᠨ ᠴᠢᠳᠠᠪᠤᠷᠢ᠎ᠶᠢ ᠡᠵᠡᠮᠰᠢᠬᠦ᠎ᠶᠢ ᠬᠦᠰᠡᠨ ᠮᠥᠷᠥᠭᠡᠳᠴᠡᠢ᠃
ᠵᠢᠷᠭᠠᠯᠠᠩᠲᠤ ᠪᠠᠯᠭᠠᠰᠤᠨ᠎ᠤ ᠪᠦᠦ ᠹᠠ ᠲᠣᠰᠬᠣᠨ᠎ᠤ ᠠᠷᠠᠳ ᠯᠢ ᠬᠣᠢ ᠯᠢ᠄ 《 ᠡᠯᠧᠺᠲᠷᠣᠨ ᠬᠤᠳᠠᠯᠳᠤᠭ᠎ᠠ ᠪᠣᠯ ᠮᠠᠰᠢ ᠰᠠᠢᠨ ᠠᠵᠢᠯ ᠣᠯᠭᠣᠯᠲᠠ᠎ᠶᠢᠨ ᠴᠢᠭᠯᠡᠯ ᠮᠥᠨ᠂ ᠪᠢ ᠲᠣᠰ ᠤᠳᠠᠭᠠᠨ᠎ᠤ ᠪᠣᠯᠪᠠᠰᠤᠷᠠᠯ᠎ᠢᠶᠠᠷ ᠳᠡᠮᠵᠢᠨ ᠥᠪᠡᠷ᠎ᠢ᠎ᠪᠡᠨ ᠳᠡᠭᠡᠭᠰᠢᠯᠡᠭᠦᠯᠵᠦ᠂ ᠥᠪᠡᠷ᠎ᠢ᠎ᠪᠡᠨ ᠮᠡᠳᠡᠯᠭᠡ᠎ᠶᠢᠨ ᠨᠥᠭᠡᠴᠡ᠎ᠲᠠᠢ ᠪᠣᠯᠭᠠᠵᠤ᠂ ᠬᠣᠢᠰᠢᠳᠠ᠎ᠶᠢᠨ ᠬᠥᠭᠵᠢᠯᠲᠡ᠎ᠳᠦ ᠨᠠᠩ ᠰᠠᠢᠨ ᠰᠠᠭᠤᠷᠢ᠎ᠶᠢ ᠲᠠᠯᠪᠢᠵᠤ ᠥᠭᠬᠦ᠎ᠶᠢ ᠬᠦᠰᠡᠵᠦ ᠪᠠᠢᠨ᠎ᠠ 》 ᠭᠡᠵᠦ ᠰᠦᠢᠳᠬᠡᠯ ᠬᠤᠷᠢᠶᠠᠬᠤ ᠦᠭᠡᠢ ᠠᠵᠢᠯ ᠣᠯᠭᠣᠯᠲᠠ᠎ᠶᠢᠨ ᠪᠣᠯᠪᠠᠰᠤᠷᠠᠯ᠎ᠢ ᠮᠠᠭᠲᠠᠨ ᠶᠠᠷᠢᠨ᠎ᠠ᠃
ᠯᠢ ᠬᠤᠢ ᠯᠢ᠎ᠶᠢᠨ ᠪᠤᠳᠤᠯ ᠨᠢ ᠮᠠᠰᠢ ᠤᠯᠠᠨ ᠺᠠᠢᠯᠤ ᠰᠢᠶᠠᠨ᠎ᠤ ᠮᠠᠯᠴᠢᠨ ᠲᠠᠷᠢᠶᠠᠴᠢᠨ᠎ᠤ ᠰᠡᠳᠬᠢᠯ᠎ᠦᠨ ᠦᠭᠡ᠎ᠶᠢ ᠲᠥᠯᠥᠭᠡᠯᠡᠵᠦ ᠪᠠᠢᠨ᠎ᠠ᠃ ᠤᠯᠠᠨ᠎ᠤ ᠠᠵᠢᠯ ᠣᠯᠭᠣᠯᠲᠠ᠂ ᠦᠢᠯᠡᠰ ᠪᠣᠰᠬᠠᠬᠤ ᠬᠡᠷᠡᠭᠴᠡᠭᠡ᠎ᠶᠢ ᠬᠠᠩᠭᠠᠬᠤ᠎ᠶᠢᠨ ᠲᠥᠯᠥᠭᠡ᠂ ᠺᠠᠢᠯᠤ ᠰᠢᠶᠠᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠢᠳᠡᠪᠬᠢᠲᠡᠢ ᠬᠥᠳᠡᠯᠦᠯᠴᠡᠵᠦ᠂ ᠡᠯ᠎ᠡ ᠲᠦᠷᠦᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠤᠨ ᠠᠩᠭᠢ᠎ᠶᠢ ᠤᠯᠠᠨ ᠲᠦᠮᠡᠨ᠎ᠦ ᠡᠭᠦᠳᠡᠨ᠎ᠳᠦ ᠬᠦᠷᠭᠡᠪᠡ᠃
《 ᠡᠨᠡ ᠬᠦ᠌ ᠪᠣᠯᠪᠠᠰᠤᠷᠠᠯ᠎ᠤᠨ ᠠᠩᠭᠢ᠎ᠶᠢ ᠡᠷᠭᠢᠯᠡᠭᠰᠡᠨ ᠵᠣᠷᠢᠯᠭ᠎ᠠ ᠪᠣᠯ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ᠎ᠶᠢ ᠠᠬᠢᠭᠤᠯᠬᠤ ᠠᠵᠢᠯᠯᠠᠭ᠎ᠠ᠎ᠶᠢ ᠨᠠᠢᠳᠠᠪᠤᠷᠢᠵᠢᠭᠤᠯᠵᠤ᠂ ᠬᠥᠳᠡᠯᠮᠦᠷᠢᠴᠢᠳ᠎ᠦᠨ ᠠᠵᠢᠯ ᠣᠯᠬᠤ ᠤᠷ᠎ᠠ ᠮᠡᠷᠭᠡᠵᠢᠯ᠎ᠢ ᠳᠡᠭᠡᠭᠰᠢᠯᠡᠭᠦᠯᠦᠨ᠂ ᠬᠥᠳᠡᠯᠮᠦᠷᠢᠴᠢᠳ᠎ᠦᠨ ᠴᠢᠨᠠᠷ ᠰᠠᠢᠲᠠᠢ ᠠᠵᠢᠯ ᠣᠯᠭᠣᠯᠲᠠ᠎ᠶᠢ ᠠᠬᠢᠭᠤᠯᠬᠤ᠎ᠶᠢᠨ ᠲᠥᠯᠥᠭᠡ ᠶᠤᠮ᠃ 》 ᠺᠠᠢᠯᠤ ᠰᠢᠶᠠᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶᠠᠨ᠎ᠤ ᠳᠡᠳ᠋ ᠳᠠᠷᠤᠭ᠎ᠠ ᠵᠠᠩ ᠰᠢᠶᠣᠣ ᠳ᠋ᠦᠩ᠄ 《 ᠲᠠᠷᠠᠭᠠᠴᠢ᠎ᠶᠢᠨ ᠠᠯᠬᠤᠮ᠎ᠳᠤ ᠺᠠᠢᠯᠤ ᠰᠢᠶᠠᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠠᠵᠢᠯ ᠣᠯᠭᠣᠬᠤ ᠪᠠ ᠦᠢᠯᠡᠰ ᠪᠣᠰᠬᠠᠬᠤ᠎ᠶᠢ ᠲᠡᠷᠢᠭᠦᠨ᠎ᠳᠦ ᠲᠠᠯᠪᠢᠬᠤ ᠪᠠᠢᠯᠳᠤᠬᠤ ᠪᠣᠳᠣᠯᠭ᠎ᠠ᠎ᠶᠢ ᠦᠷᠭᠦᠯᠵᠢᠯᠡᠨ ᠪᠠᠷᠢᠮᠲᠠᠯᠠᠵᠤ ᠂ ᠨᠡᠢᠭᠡᠮ ᠨᠡᠶ᠋ᠢᠲᠡ᠎ᠳᠦ ᠲᠥᠷᠥ᠎ᠶᠢᠨ ᠪᠣᠳᠣᠯᠭ᠎ᠠ᠎ᠶᠢᠨ ᠵᠥᠪᠯᠡᠯᠭᠡ ᠥᠭᠬᠦ᠂ ᠦᠢᠯᠡᠰ ᠪᠣᠰᠬᠠᠬᠤ᠎ᠶᠢ ᠲᠡᠳᠬᠦᠨ ᠳᠡᠮᠵᠢᠬᠦ ᠵᠡᠷᠭᠡ ᠦᠢᠯᠡᠴᠢᠯᠡᠭᠡ᠎ᠶᠢ ᠦᠷᠭᠦᠯᠵᠢᠯᠡᠨ ᠬᠠᠩᠭᠠᠵᠤ᠂ ᠬᠥᠳᠡᠯᠮᠦᠷᠢᠴᠢᠳ᠎ᠦᠨ ᠠᠵᠢᠯ ᠣᠯᠬᠤ ᠪᠠ ᠦᠢᠯᠡᠰ ᠪᠣᠰᠬᠠᠬᠤ᠎ᠶᠢᠨ ᠪᠠᠲᠤ ᠴᠢᠩᠭ᠎ᠠ ᠥᠮᠥᠭ ᠲᠦᠰᠢᠭ ᠪᠣᠯᠣᠨ᠎ᠠ 》 ᠭᠡᠵᠦ ᠢᠯᠡᠳᠬᠡᠪᠡ᠃
ᠲᠥᠷᠥ᠎ᠶᠢᠨ ᠪᠣᠳᠣᠯᠭ᠎ᠠ᠎ᠶᠢᠨ ᠬᠦᠴᠦᠲᠡᠢ ᠲᠤᠯᠭᠠᠭᠤᠷᠢᠯᠠᠯ ᠨᠢ ᠣᠯᠠᠨ ᠲᠦᠮᠡᠨ᠎ᠦ ᠦᠢᠯᠡᠰ ᠪᠣᠰᠬᠠᠵᠤ ᠠᠵᠢᠯ ᠣᠯᠬᠤ ᠬᠠᠯᠠᠭᠤᠨ ᠰᠡᠳᠬᠢᠯᠭᠡ᠎ᠶᠢ ᠬᠥᠭᠵᠢᠭᠡᠭᠰᠡᠨ ᠪᠥᠭᠡᠳ ᠪᠠᠰᠠ ᠨᠢᠭᠡ ᠪᠦᠯᠦᠭ ᠠᠮᠵᠢᠯᠲᠠ᠎ᠲᠠᠢ ᠦᠢᠯᠡᠳᠦᠯᠭᠡᠵᠢᠭᠦᠯᠦᠭᠴᠢ᠎ᠶᠢ ᠪᠣᠢᠵᠢᠭᠤᠯᠤᠭᠰᠠᠨ ᠪᠠᠢᠨ᠎ᠠ᠃ ᠡᠳᠡᠭᠡᠷ ᠠᠮᠵᠢᠯᠲᠠ᠎ᠲᠠᠢ ᠦᠢᠯᠡᠳᠦᠯᠭᠡᠵᠢᠭᠦᠯᠦᠭᠴᠢᠳᠦᠨ ᠳᠣᠲᠣᠷ᠎ᠠ᠂ ᠺᠠᠢᠯᠤ ᠰᠢᠶᠠᠨ᠎ᠤ ᠵᠢᠶᠠᠩ ᠬᠤᠢ ᠤᠯᠠᠭᠠᠨ ᠬᠠᠳᠠᠭᠠᠭᠰᠠᠨ ᠯᠠᠵᠤᠤ᠎ᠶᠢᠨ ᠬᠣᠷᠰᠢᠶᠠᠨ᠎ᠤ ᠬᠠᠷᠢᠭᠤᠴᠠᠯᠭᠠᠲᠠᠨ ᠵᠠᠩ ᠶᠠ ᠯᠢᠩ ᠬᠥᠮᠥᠰ᠎ᠦᠨ ᠠᠩᠬᠠᠷᠤᠯ᠎ᠢ ᠣᠨᠴᠠᠭᠠᠢ ᠲᠠᠲᠠᠨ᠎ᠠ᠃ ᠲᠡᠷᠡ ᠪᠣᠯ ᠳᠠᠷᠤᠢ ᠺᠠᠢᠯᠤ ᠰᠢᠶᠠᠨ᠎ᠤ ᠵᠢᠶᠠᠩ ᠬᠤᠢ ᠤᠯᠠᠭᠠᠨ ᠬᠠᠳᠠᠭᠠᠭᠰᠠᠨ ᠯᠠᠵᠤᠤ᠎ᠶᠢᠨ ᠬᠣᠷᠰᠢᠶᠠᠨ᠎ᠤ ᠬᠠᠷᠢᠭᠤᠴᠠᠯᠭᠠᠲᠠᠨ ᠵᠠᠩ ᠶᠠ ᠯᠢᠩ ᠪᠣᠯᠣᠨ᠎ᠠ᠃ ᠲᠡᠷᠡ 2023 ᠣᠨ᠎ᠤ ᠨᠠᠮᠤᠷ᠎ᠠᠴᠠ ᠡᠬᠢᠯᠡᠨ ᠰᠢᠭᠤᠳ ᠨᠠᠪᠲᠠᠷᠡᠭᠦᠯᠵᠦ᠂ ᠠᠩᠬ᠎ᠠ ᠡᠬᠢᠨ᠎ᠳᠡᠭᠡᠨ ᠰᠢᠭᠤᠳ ᠨᠡᠪᠲᠡᠷᠡᠭᠦᠯᠭᠡ᠎ᠶᠢᠨ ᠲᠠᠰᠤᠭ᠎ᠲᠤ ᠨᠢ ᠬᠡᠳᠦᠬᠡᠨ ᠬᠥᠮᠥᠨ ᠪᠠᠢᠭᠰᠠᠨ᠎ᠠᠴᠠ ᠤᠳᠤ ᠪᠣᠯᠬᠤ᠎ᠳᠤ ᠰᠦᠯᠵᠢᠶᠡᠨ ᠳᠡᠭᠡᠷᠡᠬᠢ ᠬᠥᠮᠥᠨ᠎ᠦ ᠲᠣᠭ᠎ᠠ᠎ᠶᠢᠨ ᠤᠷᠬᠢᠯ᠎ᠤᠨ ᠬᠡᠮᠵᠢᠭᠳᠡᠯ ᠨᠢ ᠬᠡᠳᠦᠨ ᠮᠢᠩᠭᠠᠨ ᠬᠥᠮᠥᠨ᠎ᠳᠦ ᠬᠦᠷᠦᠭᠰᠡᠨ ᠪᠠᠢᠨ᠎ᠠ᠃ ᠲᠡᠭᠦᠨ᠎ᠦ ᠬᠣᠷᠰᠢᠶᠠᠨ᠎ᠤ ᠬᠢᠨ ᠵᠢᠯ᠎ᠳᠦ 1020 ᠲᠣᠨ ᠤᠯᠠᠭᠠᠨ ᠬᠠᠳᠠᠭᠠᠭᠰᠠᠨ ᠯᠠᠵᠤᠤ ᠪᠣᠷᠣᠯᠠᠭᠤᠯᠳᠠᠭ᠃ ᠲᠡᠭᠦᠨ᠎ᠦ ᠠᠮᠵᠢᠯᠲᠠ ᠨᠢ ᠶᠠᠭ ᠰᠤᠷᠤᠯᠴᠠᠵᠤ ᠪᠠᠢᠭ᠎ᠠ ᠲᠣᠰᠬᠣᠨ᠎ᠤ ᠠᠷᠠᠳ᠎ᠲᠤ ᠦᠯᠢᠭᠡᠷ ᠳᠠᠭᠤᠷᠢᠶᠠᠯ ᠪᠣᠯᠤᠭᠰᠠᠨ ᠪᠠᠢᠨ᠎ᠠ᠃
《 ᠡᠳᠡᠭᠡᠷ ᠵᠢᠯ᠎ᠦᠳ᠎ᠦᠨ ᠰᠢᠭᠤᠳ ᠨᠡᠪᠲᠡᠷᠡᠭᠦᠯᠭᠡ᠎ᠶᠢᠨ ᠵᠢᠩᠬᠢᠨᠢ ᠵᠣᠷᠢᠯᠭ᠎ᠠ ᠪᠣᠯ ᠮᠠᠨ᠎ᠤ ᠺᠠᠢᠯᠤ ᠰᠢᠶᠠᠨ᠎ᠤ ᠯᠠᠵᠤᠤ᠎ᠶᠢᠨ ᠲᠠᠷᠢᠮᠠᠯ᠎ᠤᠨ ᠬᠡᠪ ᠵᠠᠭᠪᠤᠷ ᠪᠣᠯᠣᠨ ᠭᠠᠷᠤᠯᠲᠠ᠎ᠶᠢ ᠨᠡᠮᠡᠭᠳᠡᠭᠦᠯᠵᠦ ᠣᠷᠣᠯᠭ᠎ᠠ᠎ᠶᠢ ᠨᠡᠮᠡᠭᠳᠡᠭᠦᠯᠬᠦ ᠦᠷ᠎ᠡ ᠪᠦᠲᠦᠮᠵᠢ᠎ᠶᠢ ᠣᠯᠠᠨ᠎ᠳᠤ ᠨᠡᠩ ᠰᠢᠭᠤᠳ ᠣᠢᠯᠠᠭᠠᠭᠤᠯᠵᠤ᠂ ᠠᠷᠠᠳ ᠢᠷᠭᠡᠳ᠎ᠢ ᠦᠨᠡᠨ ᠬᠦ᠌ ᠪᠠᠶᠠᠵᠢᠭᠤᠯᠵᠤ ᠂ ᠺᠠᠢᠯᠤ ᠰᠢᠶᠠᠨ᠎ᠤ ᠬᠠᠳᠠᠭᠠᠭᠰᠠᠨ ᠯᠠᠵᠤᠤ᠎ᠶᠢ ᠨᠡᠩ ᠶᠡᠬᠡ ᠵᠠᠬ᠎ᠠ ᠳᠡᠯᠭᠡᠭᠦᠷ᠎ᠲᠠᠢ ᠪᠣᠯᠭᠠᠬᠤ᠎ᠶᠢᠨ ᠲᠥᠯᠥᠭᠡ ᠶᠤᠮ 》 ᠭᠡᠵᠦ ᠵᠠᠩ ᠶᠠ ᠯᠢᠩ ᠡᠷᠡᠰ ᠰᠢᠭᠤᠷᠬᠠᠢ᠎ᠪᠠᠷ ᠬᠡᠯᠡᠪᠡ᠃
《 ᠨᠠᠳᠠ᠎ᠪᠠᠷ ᠰᠤᠷᠤᠯᠴᠠᠭᠤᠯᠬᠤ 》 ᠡᠴᠡ 《 ᠪᠢ ᠰᠤᠷᠤᠯᠴᠠᠬᠤ 》 ᠬᠦᠷᠲᠡᠯ᠎ᠡ᠂ 《 ᠡᠪᠦᠯ᠎ᠦᠨ ᠰᠡᠯᠡᠭᠦᠦ ᠴᠠᠭ 》 ᠡᠴᠡ 《 ᠡᠪᠦᠯ᠎ᠦᠨ ᠶᠠᠭᠠᠷᠠᠤ ᠴᠠᠭ 》 ᠬᠦᠷᠲᠡᠯ᠎ᠡ᠂ ᠴᠠᠭ᠎ᠢ ᠠᠰᠢᠭ᠍ᠯᠠᠬᠤ ᠠᠷᠭ᠎ᠠ ᠬᠡᠯᠪᠡᠷᠢᠳᠦ ᠬᠤᠪᠢᠷᠠᠯᠲᠠ ᠭᠠᠷᠤᠭᠰᠠᠨ ᠲᠡᠳᠦᠢ ᠪᠢᠰᠢ᠂ ᠨᠡᠩ ᠴᠤ᠌ ᠺᠠᠢᠯᠤ ᠰᠢᠶᠠᠨ᠎ᠤ ᠥᠷᠭᠡᠨ ᠤᠯᠠᠨ ᠮᠠᠯᠴᠢᠨ ᠲᠠᠷᠢᠶᠠᠴᠢᠨ᠎ᠤ ᠦᠵᠡᠯ ᠰᠠᠨᠠᠭ᠎ᠠ ᠣᠢᠯᠠᠭᠠᠭᠳᠠᠬᠤᠨ ᠪᠣᠯᠣᠨ ᠤᠶᠤᠨ ᠰᠠᠨᠠᠭᠠᠨ᠎ᠤ ᠳᠦᠷᠰᠦ ᠪᠠᠢᠳᠠᠯ᠎ᠳᠤ ᠬᠤᠪᠢᠷᠠᠯᠲᠠ ᠭᠠᠷᠤᠭᠰᠠᠨ ᠪᠠᠢᠨ᠎ᠠ᠃ ᠲᠠᠳᠠ 《 ᠨᠢᠷᠤᠭᠤ ᠪᠥᠭᠲᠥᠢᠨ ᠠᠵᠢᠯᠯᠠᠬᠤ》 ᠤᠯᠠᠮᠵᠢᠯᠠᠯᠲᠤ ᠵᠠᠭᠪᠤᠷ᠎ᠲᠠᠭᠠᠨ ᠰᠡᠳᠬᠢᠯ ᠬᠠᠨᠤᠬᠤ᠎ᠪᠠᠨ ᠪᠣᠯᠢᠵᠤ᠂ ᠰᠠᠨᠠᠭᠠᠴᠢᠯᠠᠭ᠎ᠠ᠎ᠠᠴᠠ᠎ᠪᠠᠨ ᠢᠨᠲᠧᠷ ᠰᠦᠯᠵᠢᠶ᠎ᠡ᠎ᠶᠢ ᠠᠰᠢᠭ᠍ᠯᠠᠨ᠂ ᠰᠢᠨ᠎ᠡ ᠮᠡᠷᠭᠡᠵᠢᠯ ᠰᠤᠷᠴᠤ᠂ ᠥᠪᠡᠷ᠎ᠢ᠎ᠪᠡᠨ ᠲᠠᠷᠢᠬᠢ ᠲᠣᠯᠣᠭᠠᠢᠲᠠᠢ᠂ ᠮᠡᠷᠭᠡᠵᠢᠯ᠎ᠲᠠᠢ᠂ ᠡᠵᠡᠩᠨᠡᠵᠦ ᠴᠢᠳᠠᠳᠠᠭ ᠰᠢᠨ᠎ᠡ ᠮᠠᠶᠢᠭ᠋᠎ᠤᠨ ᠮᠠᠯᠴᠢᠨ ᠲᠠᠷᠢᠶᠠᠴᠢᠨ ᠪᠣᠯᠭᠠᠬᠤ᠎ᠪᠠᠷ ᠴᠢᠷᠮᠠᠢᠵᠠᠢ᠃
ᠡᠨᠡ ᠡᠪᠦᠯ ᠺᠠᠢᠯᠤ ᠰᠢᠶᠠᠨ᠎ᠤ ᠬᠣᠲᠠ ᠬᠥᠳᠡᠭᠡ᠎ᠶᠢᠨ ᠰᠤᠷᠤᠯᠴᠠᠯᠭ᠎ᠠ᠎ᠶᠢᠨ ᠬᠠᠯᠠᠭᠤᠨ ᠥᠷᠨᠢᠯᠲᠡ ᠡᠪᠦᠯ᠎ᠦᠨ ᠬᠦᠢᠲᠡᠨ᠎ᠢ ᠰᠠᠷᠨᠢᠭᠤᠯᠪᠠ᠃ ᠶᠠᠭᠠᠷᠠᠯᠲᠠᠢ ᠠᠵᠢᠯᠯᠠᠭ᠎ᠠ᠎ᠨᠤᠭᠤᠳ᠂ ᠪᠦᠷᠢᠨ ᠲᠡᠭᠦᠯᠳᠡᠷ ᠬᠢᠴᠢᠶᠡᠯ ᠲᠦᠷᠦᠯᠦᠳ ᠬᠦᠴᠦᠷᠬᠡᠭ ᠶᠡᠬᠡ ᠬᠦᠴᠦᠨ᠎ᠢ ᠬᠤᠷᠠᠮᠳᠤᠭᠤᠯᠵᠤ᠂ ᠺᠠᠢᠯᠤ ᠰᠢᠶᠠᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠢᠵᠠᠭᠠᠯᠠᠰᠢ ᠦᠭᠡᠢ ᠠᠮᠢᠵᠢᠷᠠᠯ᠎ᠤᠨ ᠬᠦᠴᠦᠨ᠎ᠢ ᠨᠡᠮᠡᠷᠢᠯᠡᠵᠡᠢ᠃