ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠲᠦᠩᠯᠢᠶᠣᠣ ᠬᠣᠲᠠ᠎ᠶᠢᠨ ᠬᠣᠷᠴᠢᠨ ᠲᠣᠭᠣᠷᠢᠭ᠋ ᠄ ᠴᠢᠳᠠᠪᠤᠷᠢᠲᠠᠨ᠎ᠢᠶᠠᠷ ᠣᠷᠣᠨ᠎ᠢᠶᠠᠨ ᠬᠦᠴᠦᠷᠬᠡᠭᠵᠢᠭᠦᠯᠵᠦ ᠰᠠᠭᠤᠷᠢ᠎ᠶᠢ ᠴᠣᠭᠴᠠᠯᠠᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠳᠤ ᠡᠨᠧᠷᠭᠢ ᠨᠥᠭᠡᠴᠡᠯᠡᠨ᠎ᠡ
ᠨᠡᠶ᠋ᠢᠲᠡᠯᠡᠭᠰᠡᠨ ᠴᠠᠭ᠄ 2025-12-16

      ᠡᠨᠡ ᠵᠢᠯ᠎ᠡᠴᠡ ᠨᠠᠭᠠᠰᠢ᠂ ᠥᠪᠥᠷ ᠮᠣᠩᠭᠣᠯ᠎ᠤᠨ ᠲᠦᠩᠯᠢᠶᠣᠣ ᠬᠣᠲᠠ᠎ᠶᠢᠨ ᠬᠣᠷᠴᠢᠨ ᠲᠣᠭᠣᠷᠢᠭ᠋᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ 《 ᠬᠥᠭᠵᠢᠯᠲᠡ᠎ᠶᠢᠨ ᠴᠢᠬᠤᠯᠠ ᠵᠦᠢᠯ᠂ ᠣᠷᠣᠨ᠎ᠢᠶᠠᠨ ᠬᠦᠴᠦᠷᠬᠡᠭᠵᠢᠭᠦᠯᠬᠦ᠎ᠶᠢᠨ ᠰᠠᠭᠤᠷᠢ 》 ᠭᠡᠬᠦ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ᠎ᠪᠠᠨ ᠲᠣᠭᠲᠠᠭᠠᠵᠤ᠂ ᠴᠢᠳᠠᠪᠤᠷᠢᠲᠠᠨ᠎ᠢᠶᠠᠷ ᠣᠷᠣᠨ᠎ᠢᠶᠠᠨ ᠬᠦᠴᠦᠷᠬᠡᠭᠵᠢᠭᠦᠯᠬᠦ ᠠᠵᠢᠯᠯᠠᠭ᠎ᠠ᠎ᠶᠢ ᠭᠦᠨᠵᠡᠭᠡᠢᠷᠡᠭᠦᠯᠦᠨ ᠠᠬᠢᠭᠤᠯᠵᠤ᠂ ᠴᠢᠳᠠᠪᠤᠷᠢᠲᠠᠨ᠎ᠢ ᠲᠠᠲᠠᠬᠤ ᠲᠣᠭᠲᠠᠴᠠ᠎ᠶᠢᠨ ᠰᠢᠨ᠎ᠡ᠎ᠶᠢ ᠡᠭᠦᠳᠬᠦ᠎ᠪᠡᠷ ᠳᠠᠮᠵᠢᠭᠤᠯᠤᠨ᠂ ᠴᠢᠳᠠᠪᠤᠷᠢᠲᠠᠨ᠎ᠢ ᠬᠥᠮᠥᠵᠢᠭᠦᠯᠬᠦ ᠠᠮᠢ ᠠᠬᠤᠢ᠎ᠶᠢ ᠰᠢᠯᠢᠳᠡᠭᠵᠢᠭᠦᠯᠵᠦ᠂ ᠴᠢᠳᠠᠪᠤᠷᠢᠲᠠᠨ᠎ᠢ ᠬᠡᠷᠡᠭᠯᠡᠬᠦ ᠦᠷ᠎ᠡ ᠪᠦᠲᠦᠮᠵᠢ᠎ᠶᠢ ᠴᠢᠩᠭᠠᠳᠬᠠᠵᠤ᠂ ᠭᠣᠣᠯᠳᠠᠯᠭ᠎ᠠ᠎ᠲᠠᠢ ᠠᠵᠤ ᠦᠢᠯᠡᠰ ᠪᠣᠯᠣᠨ ᠭᠣᠣᠯᠳᠠᠯᠭ᠎ᠠ᠎ᠲᠠᠢ ᠠᠵᠤ ᠠᠬᠤᠢᠯᠠᠯ᠎ᠤᠨ ᠴᠢᠳᠠᠪᠤᠷᠢᠲᠠᠨ᠎ᠤ ᠬᠡᠷᠡᠭᠴᠡᠭᠡ᠎ᠶᠢ ᠣᠨᠣᠪᠴᠢᠲᠠᠶ ᠵᠣᠯᠭᠠᠭᠤᠯᠵᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠴᠢᠳᠠᠪᠤᠷᠢᠲᠠᠨ᠎ᠢ ᠬᠥᠮᠥᠵᠢᠭᠦᠯᠬᠦ᠂ ᠴᠢᠳᠠᠪᠤᠷᠢᠲᠠᠨ᠎ᠢ ᠦᠯᠡᠳᠡᠭᠡᠬᠦ᠂ ᠴᠢᠳᠠᠪᠤᠷᠢᠲᠠᠨ᠎ᠢ ᠬᠡᠷᠡᠭᠯᠡᠬᠦ ᠲᠥᠷᠥ᠎ᠶᠢᠨ ᠪᠣᠳᠣᠯᠭ᠎ᠠ᠎ᠶᠢ ᠪᠣᠳᠠᠲᠠᠢᠵᠢᠭᠤᠯᠤᠨ ᠨᠠᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠵᠤ᠂ ᠴᠢᠳᠠᠪᠤᠷᠢᠲᠠᠨ᠎ᠢ ᠬᠥᠮᠥᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ ᠪᠠ ᠰᠢᠯᠵᠢᠭᠦᠯᠬᠦ ᠲᠣᠭᠲᠠᠴᠠ᠎ᠶᠢ ᠲᠡᠭᠦᠯᠳᠡᠷᠵᠢᠭᠦᠯᠦᠨ᠂ ᠴᠢᠳᠠᠪᠤᠷᠢᠲᠠᠨ᠎ᠤ ᠠᠵᠢᠯ ᠬᠢᠭᠡᠳ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢᠨ ᠵᠡᠷᠭᠡ᠎ᠪᠡᠷ ᠬᠥᠭᠵᠢᠬᠦ᠎ᠶᠢ ᠠᠬᠢᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠎ᠳᠤ ᠬᠦᠴᠦᠷᠬᠡᠭ ᠶᠡᠬᠡ ᠴᠢᠳᠠᠪᠤᠷᠢᠲᠠᠨ᠎ᠤ ᠬᠥᠳᠡᠯᠭᠡᠬᠦ ᠬᠦᠴᠦᠨ᠎ᠢ ᠨᠡᠮᠡᠷᠢᠯᠡᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠬᠢᠭᠡᠳ ᠰᠢᠨ᠎ᠡ ᠴᠢᠨᠠᠷ᠎ᠤᠨ ᠳᠠᠶ᠋ᠢᠴᠢᠨ ᠬᠦᠴᠦᠨ᠎ᠦ ᠴᠢᠳᠠᠪᠤᠷᠢᠲᠠᠨ᠎ᠤ ᠪᠠᠢᠯᠳᠤᠬᠤ ᠪᠣᠳᠣᠯᠭ᠎ᠠ᠎ᠶᠢᠨ ᠲᠠᠰ ᠳᠠᠪᠬᠤᠷᠭ᠎ᠠ᠎ᠳᠠᠬᠢ ᠭᠦᠨᠵᠡᠭᠡᠢ ᠠᠭᠤᠰᠤᠯᠴᠠᠯ᠎ᠢ ᠪᠡᠶᠡᠯᠡᠭᠦᠯᠵᠡᠢ᠃
      ᠴᠢᠳᠠᠪᠤᠷᠢᠲᠠᠨ ᠣᠷᠣᠭᠤᠯᠬᠤ ᠲᠣᠭᠲᠠᠴᠠ᠎ᠶᠢᠨ ᠰᠢᠨ᠎ᠡ᠎ᠶᠢ ᠡᠭᠦᠳᠴᠦ᠂ 《 ᠬᠣᠷᠴᠢᠨ᠎ᠤ ᠣᠨᠴᠠᠯᠢᠭ᠋᠎ᠲᠠᠢ 》 ᠴᠢᠳᠠᠪᠤᠷᠢᠲᠠᠨ ᠴᠤᠭᠯᠠᠭᠤᠯᠬᠤ ᠨᠠᠷᠠᠲᠤ ᠲᠥᠷᠥᠯ ᠲᠡᠮᠳᠡᠭ᠎ᠢ ᠪᠣᠶ ᠪᠣᠯᠭᠠᠨ᠎ᠠ᠃ ᠴᠢᠳᠠᠪᠤᠷᠢᠲᠠᠨ ᠪᠣᠯ ᠰᠢᠨ᠎ᠡ᠎ᠶᠢ ᠡᠭᠦᠳᠬᠦ᠎ᠶᠢᠨ ᠴᠢᠬᠤᠯᠠ ᠵᠦᠢᠯ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢᠨ ᠭᠣᠣᠯ ᠬᠥᠳᠡᠯᠭᠡᠭᠦᠷ ᠮᠥᠨ᠃ 2024 ᠣᠨ᠎ᠳᠤ ᠬᠣᠷᠴᠢᠨ ᠲᠣᠭᠣᠷᠢᠭ᠋᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠡᠩ ᠲᠡᠷᠢᠭᠦᠨ᠎ᠳᠦ ᠲᠦᠩᠯᠢᠶᠣᠣ ᠬᠣᠲᠠ᠎ᠳᠤ 《 ᠠᠵᠢᠯ ᠦᠢᠯᠡᠰ᠎ᠦᠨ ᠣᠷᠣᠨ ᠲᠣᠭ᠎ᠠ᠎ᠶᠢ ᠠᠵᠤ ᠠᠬᠤᠢᠯᠠᠯ ᠬᠡᠷᠡᠭᠯᠡᠬᠦ 》 ᠡᠨᠡ ᠬᠦ᠌ 《 ᠬᠣᠷᠴᠢᠨ᠎ᠤ ᠣᠨᠴᠠᠯᠢᠭ᠋ 》᠎ᠢᠶᠠᠷ ᠴᠢᠳᠠᠪᠤᠷᠢᠲᠠᠨ ᠣᠷᠣᠭᠤᠯᠬᠤ ᠠᠵᠢᠯ᠎ᠢ ᠰᠢᠨᠡᠴᠢᠯᠡᠨ ᠥᠷᠨᠢᠭᠦᠯᠵᠦ᠂ 2025 ᠣᠨ᠎ᠳᠤ 《 2025 ᠣᠨ᠎ᠤ ᠲᠦᠩᠯᠢᠶᠣᠣ ᠬᠣᠲᠠ᠎ᠶᠢᠨ ᠬᠣᠷᠴᠢᠨ ᠲᠣᠭᠣᠷᠢᠭ᠋ 》᠎ᠤᠨ ᠠᠵᠢᠯ ᠦᠢᠯᠡᠰ᠎ᠦᠨ ᠣᠷᠣᠨ ᠲᠣᠭ᠎ᠠ᠎ᠶᠢᠨ ᠠᠵᠤ ᠠᠬᠤᠢᠯᠠᠯ᠎ᠤᠨ 《 ᠴᠢᠳᠠᠪᠤᠷᠢᠲᠠᠨ ᠣᠷᠣᠭᠤᠯᠤᠨ ᠠᠪᠴᠢᠷᠠᠬᠤ ᠬᠡᠷᠡᠭᠵᠢᠭᠦᠯᠬᠦ ᠲᠥᠰᠥᠯ 》 《 2025 ᠣᠨ᠎ᠤ ᠠᠵᠢᠯ ᠦᠢᠯᠡᠰ᠎ᠦᠨ ᠨᠢᠭᠡᠴᠢ᠎ᠶᠢᠨ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ᠎ᠤᠨ ᠬᠡᠷᠡᠭᠵᠢᠭᠦᠯᠬᠦ ᠲᠥᠰᠥᠯ 》᠎ᠢ ᠬᠥᠳᠡᠯᠦᠩᠭᠦᠢ᠎ᠪᠡᠷ ᠰᠢᠨᠡᠳᠬᠡᠵᠦ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠬᠡᠷᠡᠭᠯᠡᠬᠦ ᠪᠠ ᠰᠢᠯᠵᠢᠭᠦᠯᠬᠦ ᠲᠣᠭᠲᠠᠴᠠ᠎ᠶᠢ ᠨᠠᠩ ᠰᠢᠨᠵᠢᠯᠡᠬᠦ ᠤᠬᠠᠭᠠᠨᠴᠢ ᠴᠢᠨᠠᠷ᠂ ᠵᠦᠢ ᠵᠣᠬᠢᠰᠲᠠᠢ ᠪᠣᠯᠭᠠᠵᠤ᠂ ᠴᠢᠳᠠᠪᠤᠷᠢᠲᠠᠨ᠎ᠢ ᠬᠠᠢᠷᠠᠯᠠᠬᠤ᠂ ᠴᠢᠳᠠᠪᠤᠷᠢᠲᠠᠨ᠎ᠢ ᠬᠢᠮᠠᠭᠠᠳᠠᠬᠤ᠂ ᠴᠢᠳᠠᠪᠤᠷᠢᠲᠠᠨ᠎ᠢ ᠬᠦᠨᠳᠦᠳᠬᠡᠬᠦ᠂ ᠴᠢᠳᠠᠪᠤᠷᠢᠲᠠᠨ᠎ᠢ ᠪᠠᠭᠲᠠᠭᠠᠬᠤ ᠤᠯᠤᠰ ᠲᠥᠷᠥ᠎ᠶᠢᠨ ᠣᠷᠴᠢᠨ ᠲᠣᠭᠣᠷᠢᠨ᠂ ᠨᠡᠢᠭᠡᠮ᠎ᠦᠨ ᠣᠷᠴᠢᠨ ᠲᠣᠭᠣᠷᠢᠨ ᠪᠠ ᠰᠣᠶᠣᠯ᠎ᠤᠨ ᠣᠷᠴᠢᠨ ᠲᠣᠭᠣᠷᠢᠨ᠎ᠢ ᠪᠣᠶ ᠪᠣᠯᠭᠠᠵᠠᠢ᠃ ᠣᠲᠣ᠌ ᠪᠣᠯᠲᠠᠯ᠎ᠠ᠂ ᠬᠣᠷᠴᠢᠨ ᠲᠣᠭᠣᠷᠢᠭ᠋᠎ᠤᠨ ᠬᠢᠨ 7 ᠠᠵᠤ ᠠᠬᠤᠢᠯᠠᠯ᠂ 12 ᠠᠵᠢᠯ᠎ᠤᠨ ᠪᠠᠢᠷᠢ᠂ 16 ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢ ᠡᠯᠰᠡᠪᠡ ; ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶᠢᠨ ᠲᠣᠭᠠᠨ᠎ᠤ ᠬᠠᠮᠢᠶ᠎ᠠ ᠪᠦᠬᠦᠢ ᠬᠦᠷᠢᠶᠡᠨ᠎ᠦ ᠳᠡᠭᠡᠳᠦ ᠲᠠᠰ ᠳᠠᠪᠬᠤᠷᠭ᠎ᠠ᠎ᠶᠢᠨ᠂ ᠪᠠᠴᠢᠮ ᠱᠠᠭᠠᠷᠳᠠᠭᠳᠠᠵᠤ ᠪᠠᠢᠭ᠎ᠠ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢ ᠡᠯᠰᠡᠨ ᠴᠤᠭᠯᠠᠭᠤᠯᠵᠤ᠂ 10 ᠨᠢᠭᠡᠴᠢ᠂ 10 ᠠᠵᠢᠯ᠎ᠤᠨ ᠪᠠᠢᠷᠢ᠂ 10 ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠳᠤ ᠬᠣᠯᠪᠣᠭᠳᠠᠪᠠ ; ᠡᠭᠦᠨ᠎ᠳᠦ ᠰᠤᠷᠭᠠᠨ ᠬᠥᠮᠦᠵᠢᠯ᠎ᠦᠨ ᠰᠢᠰᠲᠧᠮ 49᠂ ᠡᠷᠡᠭᠦᠯ ᠬᠠᠮᠠᠭᠠᠯᠠᠯ᠎ᠤᠨ ᠰᠢᠰᠲᠧᠮ 12᠂ ᠡᠩ᠎ᠦᠨ ᠠᠵᠢᠯ ᠦᠢᠯᠡᠰ᠎ᠦᠨ ᠨᠢᠭᠡᠴᠢ 24᠂ ᠤᠯᠤᠰ᠎ᠤᠨ ᠥᠮᠴᠢᠯᠡᠯᠲᠦ ᠠᠵᠤ ᠠᠬᠤᠢᠯᠠᠯ 1 ᠪᠣᠶ ; ᠡᠭᠦᠨ᠎ᠡᠴᠡ ᠭᠠᠳᠠᠨ᠎ᠠ᠂ 2025 ᠣᠨ᠎ᠳᠤ ᠲᠣᠭᠠᠨ᠎ᠤ ᠬᠦᠷᠢᠶᠡᠨ᠎ᠦ ᠳᠡᠭᠡᠳᠦ ᠲᠠᠰ ᠳᠠᠪᠬᠤᠷᠭ᠎ᠠ᠎ᠶᠢᠨ᠂ ᠪᠠᠴᠢᠮ ᠱᠠᠭᠠᠷᠳᠠᠭᠳᠠᠵᠤ ᠪᠠᠢᠭ᠎ᠠ ᠴᠢᠳᠠᠪᠤᠷᠢᠲᠠᠨ ᠡᠯᠰᠡᠬᠦ ᠠᠵᠢᠯ᠎ᠢ ᠲᠦᠯᠬᠢᠨ ᠠᠬᠢᠭᠤᠯᠵᠤ᠂ ᠣᠲᠣ᠌ ᠪᠣᠯᠲᠠᠯ᠎ᠠ ᠨᠢᠭᠡᠨᠲᠡ 6 ᠲᠣᠭᠠᠨ᠎ᠤ ᠬᠦᠷᠢᠶᠡᠨ᠎ᠦ ᠴᠢᠳᠠᠪᠤᠷᠢᠲᠠᠨ᠎ᠢ ᠣᠷᠣᠭᠤᠯᠤᠨ ᠠᠪᠴᠢᠷᠠᠭᠰᠠᠨ ᠪᠠᠢᠨ᠎ᠠ᠃
      ᠴᠢᠳᠠᠪᠤᠷᠢᠲᠠᠨ᠎ᠢ ᠬᠥᠮᠥᠵᠢᠭᠦᠯᠬᠦ ᠰᠠᠭᠤᠷᠢ᠎ᠶᠢ ᠪᠡᠬᠢᠵᠢᠭᠦᠯᠵᠦ᠂ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠲᠤᠯᠭᠠᠭᠤᠷᠢᠯᠠᠯ᠎ᠤᠨ ᠰᠢᠰᠲᠧᠮ᠎ᠢ ᠪᠡᠬᠢᠵᠢᠭᠦᠯᠦᠨ᠎ᠡ᠃ ᠠᠵᠢᠯ ᠦᠢᠯᠡᠰ᠎ᠦᠨ ᠨᠢᠭᠡᠴᠢ᠎ᠶᠢᠨ ᠲᠤᠰᠬᠠᠢ ᠮᠡᠷᠭᠡᠵᠢᠯ᠎ᠦᠨ ᠠᠵᠢᠯᠲᠠᠨ᠎ᠤ ᠬᠠᠮᠢᠶᠠᠷᠤᠯᠲᠠ᠎ᠶᠢᠨ ᠠᠵᠢᠯ᠎ᠢ ᠦᠷᠭᠦᠯᠵᠢᠯᠡᠨ ᠠᠬᠢᠭᠤᠯᠵᠤ᠂ ᠮᠡᠷᠭᠡᠵᠢᠯ᠎ᠦᠨ ᠴᠣᠯᠠ᠎ᠶᠢᠨ ᠠᠵᠢᠯ᠎ᠢ ᠦᠨᠳᠦᠰᠦᠨ ᠱᠠᠲᠤᠨ᠎ᠤ ᠲᠤᠰᠬᠠᠢ ᠮᠡᠷᠭᠡᠵᠢᠯ᠎ᠦᠨ ᠴᠢᠳᠠᠪᠤᠷᠢᠲᠠᠨ ᠲᠡᠢᠰᠢ ᠬᠡᠯᠪᠡᠢᠯᠭᠡᠬᠦ ᠲᠥᠷᠥ᠎ᠶᠢᠨ ᠪᠣᠳᠣᠯᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠦᠨᠡᠯᠡᠬᠦ ᠪᠠ ᠦᠷᠭᠦᠯᠵᠢᠯᠡᠨ ᠬᠥᠮᠥᠵᠢᠭᠦᠯᠬᠦ ᠳᠦᠷᠢᠮ᠎ᠢ ᠥᠨᠳᠥᠷ ᠪᠠᠢᠷᠢᠨ᠎ᠳᠤ ᠲᠠᠯᠪᠢᠬᠤ᠎ᠶᠢ ᠠᠬᠢᠭᠤᠯᠪᠠ᠃ ᠪᠦᠷᠢᠳᠬᠡᠯ᠎ᠢ ᠦᠨᠳᠦᠰᠦᠯᠡᠪᠡᠯ᠂ ᠳᠡᠭᠡᠷ᠎ᠡ ᠨᠢᠭᠡ ᠵᠢᠯ᠎ᠦᠨ ᠬᠣᠷᠴᠢᠨ ᠲᠣᠭᠣᠷᠢᠭ᠋᠎ᠤᠨ ᠰᠤᠷᠭᠠᠨ ᠬᠥᠮᠦᠵᠢᠯ᠎ᠦᠨ ᠪᠡᠶ᠎ᠡ᠎ᠶᠢᠨ ᠲᠠᠮᠢᠷ᠎ᠤᠨ ᠰᠢᠰᠲᠧᠮ᠎ᠳᠦ ᠨᠡᠶ᠋ᠢᠲᠡ 7031 ᠲᠤᠰᠬᠠᠢ ᠮᠡᠷᠭᠡᠵᠢᠯ᠎ᠦᠨ ᠠᠵᠢᠯᠲᠠᠨ ᠪᠠᠢᠵᠤ᠂ ᠪᠤᠰᠤᠳ ᠠᠵᠢᠯ ᠦᠢᠯᠡᠰ᠎ᠦᠨ ᠨᠢᠭᠡᠴᠢ᠎ᠶᠢᠨ ᠲᠤᠰᠬᠠᠢ ᠮᠡᠷᠭᠡᠵᠢᠯ᠎ᠦᠨ ᠠᠵᠢᠯᠲᠠᠨ ᠨᠡᠶ᠋ᠢᠲᠡ 3988 ᠬᠥᠮᠥᠨ ᠪᠠᠢᠪᠠ᠃ 2025 ᠣᠨ᠎ᠤ 10 ᠰᠠᠷ᠎ᠠ᠎ᠶᠢᠨ ᠰᠡᠭᠦᠯᠴᠢ ᠪᠣᠯᠲᠠᠯ᠎ᠠ᠂ ᠥᠪᠥᠷ ᠮᠣᠩᠭᠣᠯ᠎ᠤᠨ ᠴᠢᠳᠠᠪᠤᠷᠢᠲᠠᠨ᠎ᠤ ᠮᠡᠳᠡᠭᠡ ᠵᠠᠩᠭᠢ᠎ᠶᠢᠨ ᠬᠥᠮᠥᠷᠭᠡ᠎ᠳᠦ ᠬᠣᠷᠴᠢᠨ ᠲᠣᠭᠣᠷᠢᠭ᠋᠎ᠤᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ ᠨᠡᠶ᠋ᠢᠲᠡ 10169 ᠬᠥᠮᠥᠨ ᠪᠣᠶ᠃
      ᠤᠷ᠎ᠠ ᠮᠡᠷᠭᠡᠵᠢᠯ᠎ᠦᠨ ᠬᠣᠰᠢᠭᠤᠴᠢ ᠴᠡᠷᠢᠭ᠎ᠢ ᠳᠠᠪᠲᠠᠨ ᠪᠣᠯᠪᠠᠰᠤᠷᠠᠭᠤᠯᠵᠤ᠂ ᠣᠳᠣᠬᠢᠴᠢᠯᠠᠭᠰᠠᠨ ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠤ ᠡᠩᠨᠡᠭᠡ᠎ᠶᠢ ᠦᠷᠭᠦᠯᠵᠢᠯᠡᠨ ᠳᠠᠪᠲᠠᠨ ᠪᠣᠯᠪᠠᠰᠤᠷᠠᠭᠤᠯᠤᠨ᠎ᠠ᠃ ᠤᠷ᠎ᠠ ᠮᠡᠷᠭᠡᠵᠢᠯ ᠪᠣᠯ ᠬᠥᠭᠵᠢᠯᠲᠡ᠎ᠶᠢᠨ ᠡᠬᠢ ᠰᠤᠷᠪᠤᠯᠵᠢ ᠮᠥᠨ᠂ ᠨᠡᠩ ᠴᠤ᠌ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠨᠠᠢᠳᠠᠪᠤᠷᠢᠵᠢᠭᠤᠯᠬᠤ᠎ᠶᠢᠨ ᠴᠢᠬᠤᠯᠠ ᠲᠤᠯᠭᠠᠭᠤᠷᠢᠯᠠᠯ ᠮᠥᠨ᠃ ᠬᠣᠷᠴᠢᠨ ᠲᠣᠭᠣᠷᠢᠭ᠋᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ 《 ᠤᠷ᠎ᠠ ᠮᠡᠷᠭᠡᠵᠢᠯᠲᠦ ᠥᠪᠥᠷ ᠮᠣᠩᠭᠣᠯ 》᠎ᠤᠨ ᠠᠵᠢᠯᠯᠠᠭ᠎ᠠ ᠵᠢᠴᠢ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈 ᠤᠷ᠎ᠠ ᠮᠡᠷᠭᠡᠵᠢᠯ᠎ᠢᠶᠠᠷ ᠢᠷᠡᠭᠡᠳᠦᠢ᠎ᠪᠠᠨ ᠭᠡᠷᠡᠯᠲᠦᠭᠦᠯᠬᠦ 〉 ᠪᠣᠯᠪᠠᠰᠤᠷᠠᠯ᠎ᠤᠨ ᠠᠵᠢᠯᠯᠠᠭ᠎ᠠ᠎ᠶᠢᠨ ᠬᠡᠷᠡᠭᠵᠢᠭᠦᠯᠬᠦ ᠲᠥᠰᠥᠯ 》᠎ᠢ ᠭᠦᠨᠵᠡᠭᠡᠢ ᠲᠤᠭᠤᠰᠢᠯᠠᠭᠤᠯᠵᠤ᠂ ᠣᠳᠣᠬᠢᠴᠢᠯᠠᠭᠰᠠᠨ ᠳᠡᠭᠡᠳᠦ ᠤᠷ᠎ᠠ ᠮᠡᠷᠭᠡᠵᠢᠯᠲᠦ ᠴᠢᠳᠠᠪᠤᠷᠢᠲᠠᠨ᠎ᠤ ᠡᠩᠨᠡᠭᠡ᠎ᠶᠢ ᠬᠦᠴᠦᠯᠡᠨ ᠪᠣᠢᠵᠢᠭᠤᠯᠪᠠ᠃ ᠣᠳᠣᠬᠠᠨ᠎ᠳᠤ᠂ ᠬᠣᠷᠴᠢᠨ ᠲᠣᠭᠣᠷᠢᠭ᠋᠎ᠤᠨ 18 ᠠᠷᠠᠳ᠎ᠠᠴᠠ ᠡᠷᠭᠢᠯᠡᠭᠰᠡᠨ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠪᠠᠢᠭᠤᠯᠤᠮᠵᠢ ᠨᠢᠭᠡᠨᠲᠡ 43 ᠡᠭᠡᠯᠵᠢ᠎ᠶᠢᠨ ᠪᠣᠯᠪᠠᠰᠤᠷᠠᠯ ᠥᠷᠨᠢᠭᠦᠯᠵᠦ᠂ ᠠᠩᠭᠢ ᠡᠬᠢᠯᠡᠭᠰᠡᠨ ᠬᠥᠮᠥᠨ᠎ᠦ ᠲᠣᠭ᠎ᠠ 1537 ᠬᠥᠮᠥᠨ ᠤᠳᠠᠭ᠎ᠠ᠎ᠳᠤ ᠬᠦᠷᠴᠡᠢ ; ᠲᠦᠩᠯᠢᠶᠣᠣ ᠬᠣᠲᠠ᠎ᠶᠢᠨ ᠳᠡᠰ᠎ᠤᠨ ᠤᠷ᠎ᠠ ᠮᠡᠷᠭᠡᠵᠢᠯ᠎ᠤᠨ ᠶᠡᠬᠡ ᠮᠠᠰᠲᠧᠷ᠎ᠦᠨ ᠠᠵᠢᠯᠯᠠᠬᠤ ᠲᠠᠰᠤᠭ ᠨᠡᠶ᠋ᠢᠲᠡ 4 ᠪᠠᠢᠵᠤ᠂ ᠲᠤᠬᠠᠢᠯᠠᠪᠠᠯ ᠲᠦᠩᠯᠢᠶᠣᠣ ᠬᠣᠲᠠ᠎ᠶᠢᠨ ᠮᠧᠶ ᠬᠤᠸᠠ ᠠᠮᠢᠳᠤ ᠪᠣᠳᠠᠰ᠎ᠤᠨ ᠰᠢᠨᠵᠢᠯᠡᠬᠦ ᠤᠬᠠᠭᠠᠨ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠬᠥᠩ ᠬᠤᠸᠠ᠎ᠶᠢᠨ ᠠᠮᠢᠳᠤ ᠪᠣᠳᠠᠰ᠎ᠤᠨ ᠢᠰᠬᠡᠯᠲᠡ᠎ᠶᠢᠨ ᠢᠨᠵᠧᠨᠧᠷᠢᠩ᠎ᠦᠨ ᠮᠡᠷᠭᠡᠵᠢᠯ᠎ᠦᠨ ᠮᠠᠰᠲᠧᠷ᠎ᠦᠨ ᠠᠵᠢᠯᠯᠠᠬᠤ ᠲᠠᠰᠤᠭ᠂ ᠶᠠᠨᠵᠢᠩ ᠫᠢᠸᠤ᠋ ( ᠲᠦᠩᠯᠢᠶᠣᠣ )᠎ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠬᠤᠸᠠᠩ ᠵᠢᠨ ᠹᠧᠩ᠎ᠤᠨ ᠴᠠᠬᠢᠯᠭᠠᠨ᠎ᠤ ᠢᠨᠵᠧᠨᠧᠷᠢᠩ᠎ᠦᠨ ᠤᠷ᠎ᠠ ᠮᠡᠷᠭᠡᠵᠢᠯ᠎ᠤᠨ ᠶᠡᠬᠡ ᠮᠠᠰᠲᠧᠷ᠎ᠦᠨ ᠠᠵᠢᠯᠯᠠᠬᠤ ᠲᠠᠰᠤᠭ᠂ ᠮᠣᠩᠭᠣᠯ ᠸᠠᠩ ( ᠲᠦᠩᠯᠢᠶᠣᠣ )᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠯᠢ ᠱᠧᠦ ᠵᠢᠶᠦ᠋ᠨ᠎ᠤ ᠬᠠᠷ᠎ᠠ ᠠᠷᠢᠬᠢ ᠨᠡᠷᠡᠬᠦ ᠤᠷ᠎ᠠ ᠮᠡᠷᠭᠡᠵᠢᠯ᠎ᠤᠨ ᠶᠡᠬᠡ ᠮᠠᠰᠲᠧᠷ᠎ᠦᠨ ᠠᠵᠢᠯᠯᠠᠬᠤ ᠲᠠᠰᠤᠭ ᠪᠠ ᠥᠪᠥᠷ ᠮᠣᠩᠭᠣᠯ᠎ᠤᠨ ᠬᠣᠲᠠ᠎ᠶᠢᠨ ᠰᠠᠭᠤᠭᠳᠠᠯ᠎ᠤᠨ ᠢᠳᠡᠭᠡᠨ ᠤᠮᠳᠠᠭᠠᠨ᠎ᠤ ᠬᠠᠮᠢᠶᠠᠷᠤᠯᠲᠠ᠎ᠶᠢᠨ ᠬᠢᠵᠠᠭᠠᠷᠲᠤ ᠺᠣᠮᠫᠠᠨᠢ᠎ᠶᠢᠨ ᠭᠣᠸ᠋ ᠵᠢᠩ ᠴᠢᠤᠸᠠᠨ᠎ᠤ ᠠᠵᠢᠯᠯᠠᠬᠤ ᠲᠠᠰᠤᠭ ᠵᠡᠷᠭᠡ ᠪᠣᠢ᠃
      ᠣᠲᠣ᠌ ᠪᠣᠯᠲᠠᠯ᠎ᠠ᠂ ᠬᠣᠷᠴᠢᠨ ᠲᠣᠭᠣᠷᠢᠭ᠋᠎ᠤᠨ ᠰᠢᠨ᠎ᠡ᠎ᠪᠡᠷ ᠨᠡᠮᠡᠭᠳᠡᠭᠰᠡᠨ ᠤᠷ᠎ᠠ ᠮᠡᠷᠭᠡᠵᠢᠯ᠎ᠤᠨ ᠴᠢᠳᠠᠪᠤᠷᠢᠲᠠᠨ ( 1 ︱ 5 ᠲᠠᠰ ) 3109 ᠬᠥᠮᠥᠨ ᠪᠠᠢᠵᠤ᠂ ᠪᠡᠶᠡᠯᠡᠭᠦᠯᠦᠭᠰᠡᠨ ᠬᠠᠷᠢᠴᠠᠯ ᠨᠢ 135.2% ᠪᠣᠯᠣᠨ᠎ᠠ ; ᠤᠷ᠎ᠠ ᠮᠡᠷᠭᠡᠵᠢᠯ᠎ᠤᠨ ᠴᠢᠳᠠᠪᠤᠷᠢᠲᠠᠨ ( 1 ︱ 3 ᠲᠠᠰ )᠎ᠢ 1428 ᠰᠢᠨ᠎ᠡ᠎ᠪᠡᠷ ᠨᠡᠮᠡᠭᠳᠡᠭᠦᠯᠵᠦ᠂ ᠪᠡᠶᠡᠯᠡᠭᠦᠯᠦᠭᠰᠡᠨ ᠬᠠᠷᠢᠴᠠᠯ ᠨᠢ 148.8% ᠪᠣᠯᠣᠨ᠎ᠠ ; ᠳᠡᠭᠡᠳᠦ ᠵᠡᠷᠭᠡ᠎ᠶᠢᠨ ᠮᠠᠰᠲᠧᠷ ( 1 ︱ 2 ᠲᠠᠰ ) ᠎ᠢ 270 ᠰᠢᠨ᠎ᠡ᠎ᠪᠡᠷ ᠨᠡᠮᠡᠭᠳᠡᠭᠦᠯᠵᠦ᠂ ᠪᠡᠶᠡᠯᠡᠭᠦᠯᠦᠭᠰᠡᠨ ᠬᠠᠷᠢᠴᠠᠯ ᠨᠢ 112.5 %᠎ᠳᠤ ᠬᠥᠷᠪᠡ ; ᠣᠷᠣᠨ ᠪᠦᠰᠡ᠎ᠶᠢᠨ ᠨᠡᠢᠭᠡᠮ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠴᠢᠨᠠᠷ ᠰᠠᠢᠲᠠᠢ ᠤᠷ᠎ᠠ ᠮᠡᠷᠭᠡᠵᠢᠯᠲᠦ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠲᠤᠯᠭᠠᠭᠤᠷᠢᠯᠠᠯ ᠬᠠᠩᠭᠠᠵᠠᠢ᠃
      ᠬᠣᠷᠴᠢᠨ ᠲᠣᠭᠣᠷᠢᠭ᠋᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠋᠂ ᠨᠢᠭᠡᠳᠦᠭᠡᠷ ᠦᠢᠯᠡᠳᠪᠦᠷᠢᠯᠡᠯ᠎ᠦᠨ ᠬᠦᠴᠦᠨ ᠪᠣᠯᠬᠤ᠎ᠶᠢ ᠪᠠᠷᠢᠮᠲᠠᠯᠠᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠎ᠳᠦ ᠡᠷᠬᠡᠪᠰᠢ ᠥᠨᠳᠥᠷ ᠬᠡᠪ ᠪᠣᠯᠪᠠᠰᠤᠷᠠᠯ᠎ᠲᠠᠢ ᠴᠢᠳᠠᠪᠤᠷᠢᠲᠠᠨ᠎ᠤ ᠰᠠᠭᠤᠷᠢ᠎ᠶᠢᠨ ᠴᠢᠳᠠᠪᠤᠷᠢᠲᠠᠨ᠎ᠤ ᠠᠵᠢᠯ᠎ᠤᠨ ᠣᠢᠯᠠᠭᠠᠭᠳᠠᠬᠤᠨ᠎ᠢ ᠪᠠᠲᠤᠳᠬᠠᠵᠤ᠂ 《 ᠴᠢᠳᠠᠪᠤᠷᠢᠲᠠᠨ᠎ᠢᠶᠠᠷ ᠣᠷᠣᠨ᠎ᠢᠶᠠᠨ ᠬᠦᠴᠦᠷᠬᠡᠭᠵᠢᠭᠦᠯᠬᠦ 》 ᠪᠠᠢᠯᠳᠤᠬᠤ ᠪᠣᠳᠣᠯᠭ᠎ᠠ᠎ᠪᠠᠷ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠳᠦ ᠬᠦᠴᠦᠨ᠎ᠢ ᠬᠤᠷᠠᠮᠳᠤᠭᠤᠯᠤᠨ ᠴᠢᠳᠠᠪᠤᠷᠢ᠎ᠶᠢ ᠲᠥᠪᠯᠡᠷᠡᠭᠦᠯᠵᠦ᠂ ᠡᠯ᠎ᠡ ᠲᠦᠷᠦᠯ᠎ᠦᠨ ᠴᠢᠳᠠᠪᠤᠷᠢᠲᠠᠨ᠎ᠢ ᠬᠣᠷᠴᠢᠨ᠎ᠤ ᠡᠬᠡ ᠭᠠᠵᠠᠷ᠎ᠲᠤ ᠲᠤᠰ ᠲᠤᠰ᠎ᠤᠨ ᠴᠢᠳᠠᠪᠤᠷᠢ᠎ᠪᠠᠨ ᠪᠠᠳᠠᠷᠠᠭᠤᠯᠵᠤ᠂ ᠲᠤᠰ ᠲᠤᠰ᠎ᠤᠨ ᠦᠢᠯᠡᠳᠦᠯ᠎ᠢ ᠨᠢ ᠪᠠᠳᠠᠷᠠᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠂ ᠣᠷᠣᠨ ᠪᠦᠰᠡ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠪᠠᠲᠤ ᠪᠡᠬᠢ ᠴᠢᠳᠠᠪᠤᠷᠢᠲᠠᠨ᠎ᠤ ᠪᠠᠲᠤᠯᠠᠭ᠎ᠠ ᠬᠠᠩᠭᠠᠵᠤ ᠪᠠᠢᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            