《 ᠶᠡᠬᠡ ᠬᠠᠭᠠᠰ ᠨᠠᠰᠤ᠎ᠪᠠᠷ᠎ᠢᠶᠠᠨ ᠲᠠᠷᠢᠶᠠᠨ ᠠᠵᠢᠯ᠎ᠳᠠᠭᠠᠨ ᠶᠠᠭᠠᠷᠠᠵᠤ᠂ ᠥᠩᠭᠡᠷᠡᠭᠰᠡᠨ᠎ᠳᠦ ᠶᠡᠷᠦ ᠨᠢ ᠥᠲᠡᠯᠦᠭᠡᠳ ᠲᠦᠰᠢᠭ ᠦᠭᠡᠢ ᠪᠣᠯᠬᠤ᠎ᠠᠴᠠ ᠠᠶᠤᠵᠤ ᠪᠠᠢᠵᠠᠢ ᠂ ᠣᠳᠣ᠌ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠢ ᠶᠠᠭᠠᠬᠢᠵᠤ ᠲᠤᠰᠢᠶᠠᠬᠤ᠂ ᠬᠡᠳᠦᠢ ᠲᠤᠰᠢᠶᠠᠪᠠᠯ ᠠᠰᠢᠭ᠍ᠲᠠᠢ ᠭᠡᠳᠡᠭ᠎ᠢ ᠣᠢᠯᠠᠭᠠᠭᠠᠳ ᠳᠣᠲᠣᠷ᠎ᠠ᠎ᠪᠠᠨ ᠲᠣᠭ᠎ᠠ᠎ᠲᠠᠢ ᠪᠣᠯᠵᠠᠢ 》 ᠃ ᠲᠦᠮᠡᠳ ᠵᠡᠭᠦᠨ ᠬᠣᠰᠢᠭᠤᠨ᠎ᠤ ᠲᠣᠯᠬᠠᠶ ᠲᠣᠰᠬᠣᠨ᠎ᠤ ᠵᠠᠩ ᠨᠠᠰᠤᠲᠠᠨ ᠬᠥᠬᠡᠬᠣᠲᠠ᠎ᠶᠢᠨ ᠨᠡᠢᠭᠡᠮ᠎ᠦᠨ ᠳᠠᠭᠠᠳᠬᠠᠯ᠎ᠤᠨ ᠦᠢᠯᠡᠰ᠎ᠦᠨ ᠦᠢᠯᠡᠴᠢᠯᠡᠭᠡᠨ᠎ᠦ ᠲᠥᠪ᠎ᠦᠨ ᠠᠵᠢᠯᠲᠠᠨ᠎ᠤ ᠵᠢᠯᠣᠭᠣᠳᠤᠯᠭ᠎ᠠ ᠳᠣᠣᠷ᠎ᠠ ᠳᠠᠭᠠᠳᠬᠠᠯ᠎ᠳᠤ ᠣᠷᠣᠬᠤ ᠳᠠᠩᠰᠠᠯᠠᠯᠲᠠ᠎ᠶᠢ ᠪᠡᠶᠡᠯᠡᠭᠦᠯᠦᠭᠰᠡᠨ ᠪᠥᠭᠡᠳ ᠵᠢᠯ ᠪᠦᠷᠢ 1000 ᠲᠥᠭᠥᠷᠢᠭ᠎ᠦᠨ ᠰᠦᠢᠳᠬᠡᠯ ᠲᠤᠰᠢᠶᠠᠬᠤ ᠲᠠᠰ᠎ᠢ ᠰᠣᠩᠭᠣᠨ ᠲᠣᠭᠲᠠᠭᠠᠵᠠᠢ᠂ ᠭᠠᠷ᠎ᠲᠠᠭᠠᠨ ᠰᠦᠢᠳᠬᠡᠯ ᠲᠤᠰᠢᠶᠠᠬᠤ ᠭᠡᠷᠡᠴᠢ ᠪᠠᠷᠢᠮᠲᠠ ᠠᠳᠬᠤᠵᠤ ᠪᠠᠢᠭ᠎ᠠ ᠲᠡᠭᠦᠨ᠎ᠦ ᠴᠢᠷᠠᠢ᠎ᠳᠤ ᠢᠨᠢᠶᠡᠮᠰᠦᠭᠯᠡᠯ ᠲᠣᠳᠣᠷᠠᠵᠤ ᠪᠠᠢᠯ᠎ᠠ᠃
ᠡᠨᠡ ᠵᠢᠯ᠎ᠡᠴᠡ ᠨᠠᠭᠠᠰᠢ᠂ ᠬᠥᠬᠡᠬᠣᠲᠠ᠎ᠶᠢᠨ ᠨᠡᠢᠭᠡᠮ᠎ᠦᠨ ᠳᠠᠭᠠᠳᠬᠠᠯ᠎ᠤᠨ ᠦᠢᠯᠡᠰ᠎ᠦᠨ ᠦᠢᠯᠡᠴᠢᠯᠡᠭᠡᠨ᠎ᠦ ᠲᠥᠪ ᠨᠢ ᠬᠥᠳᠡᠭᠡ ᠲᠣᠰᠬᠣᠨ᠎ᠤ ᠨᠠᠰᠤᠲᠠᠢᠴᠤᠳ᠎ᠤᠨ ᠳᠠᠭᠠᠳᠬᠠᠯ᠎ᠳᠤ ᠣᠷᠣᠯᠴᠠᠬᠤ ᠭᠡᠵᠦ ᠪᠤᠳᠤᠪᠠᠴᠤ ᠠᠯᠬᠤᠮ ᠳᠠᠷᠠᠭ᠎ᠠ᠎ᠶᠢ ᠮᠡᠳᠡᠬᠦ ᠦᠭᠡᠢ᠂ ᠰᠦᠢᠳᠬᠡᠯ ᠲᠤᠰᠢᠶᠠᠬᠤ ᠭᠡᠵᠦ ᠪᠤᠳᠤᠪᠠᠴᠤ ᠠᠷᠭ᠎ᠠ ᠵᠠᠮ᠎ᠢ ᠮᠡᠳᠡᠬᠦ ᠦᠭᠡᠢ ᠵᠡᠷᠭᠡ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠦᠢᠯᠡᠴᠢᠯᠡᠭᠡᠨ᠎ᠦ ᠶᠠᠪᠤᠴᠠ᠂ ᠵᠢᠯᠤᠭᠣᠳᠬᠤ ᠠᠷᠭ᠎ᠠ ᠮᠠᠶᠢᠭ᠋ ᠂ ᠪᠠᠲᠤᠯᠠᠭ᠎ᠠ᠎ᠶᠢᠨ ᠲᠣᠭᠲᠠᠴᠠ ᠵᠡᠷᠭᠡ ᠭᠤᠷᠪᠠᠨ ᠲᠠᠯ᠎ᠠ᠎ᠪᠠᠷ ᠬᠦᠴᠦᠯᠡᠵᠦ᠂ ᠬᠥᠳᠡᠭᠡ ᠲᠣᠰᠬᠣᠨ᠎ᠤ ᠨᠠᠰᠤᠲᠠᠢᠴᠤᠳ᠎ᠤᠨ ᠳᠠᠭᠠᠳᠬᠠᠯ᠎ᠳᠤ ᠣᠷᠣᠯᠴᠠᠬᠤ᠎ᠶᠢ ᠨᠠᠩ ᠲᠦᠭᠦᠮ ᠳᠥᠲᠡ ᠪᠥᠭᠡᠳ ᠰᠠᠨᠠᠭ᠎ᠠ ᠠᠮᠤᠷ ᠪᠣᠯᠭᠠᠵᠠᠢ᠃
ᠶᠠᠪᠤᠴᠠ᠎ᠶᠢᠨ 《 ᠭᠣᠭᠴᠣᠭ᠎ᠠ᠎ᠶᠢ ᠪᠠᠭᠠᠰᠬᠠᠵᠤ 》 ᠂ ᠰᠦᠢᠳᠬᠡᠯ ᠲᠤᠰᠢᠶᠠᠬᠤ ᠦᠢᠯᠡᠴᠢᠯᠡᠭᠡ᠎ᠶᠢ 《 ᠭᠡᠷ᠎ᠦᠨ ᠡᠭᠦᠳᠡᠨ᠎ᠳᠦ ᠰᠢᠯᠵᠢᠭᠦᠯᠪᠡ 》 ᠃ ᠣᠯᠠᠨ ᠲᠦᠮᠡᠨ᠎ᠢ ᠳᠤᠲᠠᠭᠤ ᠭᠦᠶᠦᠯᠭᠡᠬᠦ᠎ᠶᠢᠨ ᠲᠥᠯᠥᠭᠡ᠂ ᠬᠥᠬᠡᠬᠣᠲᠠ᠎ᠶᠢᠨ ᠨᠡᠢᠭᠡᠮ᠎ᠦᠨ ᠳᠠᠭᠠᠳᠬᠠᠯ᠎ᠤᠨ ᠦᠢᠯᠡᠰ᠎ᠦᠨ ᠦᠢᠯᠡᠴᠢᠯᠡᠭᠡᠨ᠎ᠦ ᠲᠥᠪ ᠨᠢ ᠦᠢᠯᠡᠴᠢᠯᠡᠭᠡᠨ᠎ᠦ ᠵᠢᠭ᠍ᠰᠠᠭᠠᠯ᠎ᠤᠨ ᠭᠠᠵᠠᠷ᠎ᠢᠶᠠᠨ ᠤᠷᠤᠭ᠍ᠰᠢ ᠰᠢᠯᠵᠢᠭᠦᠯᠵᠦ᠂ ᠡᠯ᠎ᠡ ᠲᠣᠰᠬᠣᠨ᠎ᠤ ᠠᠷᠠᠳ᠎ᠤᠨ ᠵᠥᠪᠯᠡᠯ᠎ᠳᠦ 《 ᠠᠷᠠᠳ᠎ᠤᠨ ᠠᠮᠢᠳᠤᠷᠠᠯ᠎ᠤᠨ ᠦᠢᠯᠡᠴᠢᠯᠡᠭᠡᠨ᠎ᠦ ᠥᠷᠲᠡᠭᠡ 》 ᠪᠠᠢᠭᠤᠯᠵᠤ᠂ ᠲᠤᠰᠬᠠᠢ ᠲᠤᠰᠢᠶᠠᠯᠲᠤ ᠠᠵᠢᠯᠲᠠᠨ ᠲᠣᠬᠢᠷᠠᠭᠤᠯᠪᠠ᠃ ᠣᠯᠠᠨ ᠲᠦᠮᠡᠨ ᠬᠣᠲᠠ᠎ᠶᠢᠨ ᠱᠠᠲᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠠᠩᠬᠢᠮ᠎ᠳᠦ ᠣᠴᠢᠬᠤ ᠴᠢᠬᠤᠯᠠ ᠦᠭᠡᠢ᠂ ᠭᠠᠴᠠᠭᠠᠨ᠎ᠤ ᠠᠷᠠᠳ᠎ᠤᠨ ᠵᠥᠪᠯᠡᠯ᠎ᠳᠦ ᠳᠠᠷᠤᠢ ᠮᠠᠲᠧᠷᠢᠶᠠᠯ ᠲᠤᠰᠢᠶᠠᠬᠤ᠂ ᠮᠡᠳᠡᠭᠡ ᠵᠠᠩᠭᠢ᠎ᠶᠢ ᠬᠠᠷᠭᠤᠭᠤᠯᠬᠤ᠂ ᠲᠤᠬᠠᠢᠯᠠᠭᠰᠠᠨ ᠠᠵᠢᠯ᠎ᠢ ᠭᠦᠢᠴᠡᠳᠬᠡᠬᠦ ᠵᠡᠷᠭᠡ ᠪᠥᠬᠥ ᠶᠠᠪᠤᠴᠠ᠎ᠶᠢᠨ ᠠᠵᠢᠯᠯᠠᠭ᠎ᠠ᠎ᠶᠢ ᠪᠡᠶᠡᠯᠡᠭᠦᠯᠵᠦ᠂ 《 ᠪᠠᠭ᠎ᠠ ᠶᠠᠪᠤᠳᠠᠯ᠎ᠳᠤ ᠭᠠᠴᠠᠭᠠᠨ᠎ᠠᠴᠠ ᠭᠠᠷᠬᠤ ᠦᠭᠡᠢ᠂ ᠶᠡᠬᠡ ᠶᠠᠪᠤᠳᠠᠯ᠎ᠳᠤ ᠬᠠᠪᠰᠤᠷᠬᠤ ᠬᠥᠮᠥᠨ᠎ᠲᠠᠢ 》 ᠪᠠᠢᠬᠤ᠎ᠶᠢ ᠪᠡᠶᠡᠯᠡᠭᠦᠯᠪᠡ᠃ ᠡᠭᠦᠨ᠎ᠦ ᠬᠠᠮᠲᠤ᠂ ᠬᠥᠬᠡᠬᠣᠲᠠ᠎ᠶᠢᠨ ᠨᠡᠢᠭᠡᠮ᠎ᠦᠨ ᠳᠠᠭᠠᠳᠬᠠᠯ᠎ᠤᠨ ᠦᠢᠯᠡᠰ᠎ᠦᠨ ᠦᠢᠯᠡᠴᠢᠯᠡᠭᠡᠨ᠎ᠦ ᠲᠥᠪ ᠠᠷᠠᠳ᠎ᠤᠨ ᠠᠮᠢᠳᠤᠷᠠᠯ᠎ᠤᠨ ᠦᠢᠯᠡᠴᠢᠯᠡᠭᠡᠨ᠎ᠦ ᠬᠠᠯᠠᠮᠰᠢᠯ ᠤᠲᠠᠰᠤ᠎ᠶᠢ ᠨᠠᠪᠲᠠᠷᠡᠭᠦᠯᠵᠦ᠂ ᠲᠤᠰᠬᠠᠢ ᠬᠥᠮᠥᠨ ᠡᠭᠡᠯᠵᠢᠯᠡᠨ ᠵᠢᠵᠢᠭᠦᠷᠯᠡᠵᠦ᠂ ᠣᠯᠠᠨ ᠲᠦᠮᠡᠨ ᠶᠠᠮᠠᠷ ᠨᠢᠭᠡᠨ ᠮᠠᠳᠠᠭ᠎ᠲᠠᠢ ᠪᠤᠶᠤ ᠬᠡᠷᠡᠭᠴᠡᠭᠡ᠎ᠲᠠᠢ ᠪᠠᠢᠪᠠᠯ᠂ ᠬᠠᠯᠠᠮᠰᠢᠯ ᠤᠲᠠᠰᠤ᠎ᠶᠢ ᠤᠲᠠᠰᠤᠳᠠᠪᠠᠯ ᠳᠠᠷᠤᠢ ᠲᠥᠷᠥ᠎ᠶᠢᠨ ᠪᠣᠳᠣᠯᠭ᠎ᠠ᠎ᠶᠢᠨ ᠵᠥᠪᠯᠡᠯᠭᠡ ᠥᠭᠬᠦ᠂ ᠭᠦᠢᠴᠡᠳᠬᠡᠬᠦ ᠵᠢᠯᠣᠭᠣᠳᠤᠮᠵᠢ ᠥᠭᠬᠦ᠂ ᠠᠰᠠᠭᠤᠳᠠᠯ᠎ᠢ ᠬᠠᠷᠢᠭᠤ ᠲᠤᠰᠬᠠᠬᠤ ᠵᠡᠷᠭᠡ ᠦᠢᠯᠡᠴᠢᠯᠡᠭᠡ᠎ᠶᠢ ᠭᠥᠷᠳᠡᠵᠦ ᠪᠣᠯᠣᠨ᠎ᠠ᠃ ᠡᠭᠦᠨ᠎ᠡᠴᠡ ᠭᠠᠳᠠᠨ᠎ᠠ᠂ ᠪᠠᠰᠠ ᠣᠯᠠᠨ ᠲᠦᠮᠡᠨ᠎ᠦ ᠲᠤᠰᠬᠠᠭᠰᠠᠨ ᠠᠰᠠᠭᠤᠳᠠᠯ᠎ᠢ ᠮᠥᠷᠳᠡᠨ ᠲᠡᠮᠳᠡᠭᠯᠡᠵᠦ᠂ ᠤᠴᠢᠷ ᠪᠣᠯᠭᠠᠨ᠎ᠳᠤ ᠬᠠᠷᠢᠭᠤᠯᠲᠠ ᠥᠭᠬᠦ᠂ ᠤᠴᠢᠷ ᠪᠣᠯᠭᠠᠨ᠎ᠢ ᠨᠠᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠵᠤ᠂ ᠣᠯᠠᠨ ᠲᠦᠮᠡᠨ᠎ᠳᠦ ᠦᠨᠡᠨ ᠬᠦ᠌ 《 ᠭᠡᠷ᠎ᠦᠨ ᠡᠭᠦᠳᠡᠨ᠎ᠳᠦ ᠤᠴᠢᠷ ᠶᠠᠪᠤᠳᠠᠯ᠎ᠢ ᠰᠢᠢᠳᠪᠦᠷᠢᠯᠡᠵᠦ ᠴᠢᠳᠠᠬᠤ᠂ ᠤᠲᠠᠰᠤ᠎ᠪᠠᠷ ᠶᠠᠷᠢᠪᠠᠯ ᠵᠣᠪᠠᠨᠢᠯ᠎ᠢ ᠨᠢ ᠰᠢᠢᠳᠪᠦᠷᠢᠯᠡᠵᠦ ᠲᠡᠢᠯᠬᠦ 》 ᠳᠥᠭᠥᠮ ᠨᠥᠬᠥᠴᠡᠯ᠎ᠢ ᠮᠡᠳᠡᠷᠡᠭᠦᠯᠪᠡ᠃
《 ᠤᠯᠠᠨ ᠲᠦᠮᠡᠨ᠎ᠲᠠᠢ ᠣᠢᠷᠠᠲᠤᠯᠴᠠᠬᠤ 》 ᠶ᠋ᠢ ᠵᠢᠯᠤᠭᠣᠳᠴᠤ᠂ ᠵᠡᠷᠭᠡ ᠳᠡᠰ᠎ᠤᠨ ᠰᠣᠩᠭᠣᠯᠲᠠ᠎ᠶᠢ 《 ᠦᠵᠡᠮᠡᠭᠴᠡ ᠣᠢᠯᠠᠭᠠᠴᠢᠬᠠᠨᠠ 》᠃ 《 ᠵᠢᠯ ᠪᠦᠷᠢ 500 ᠲᠥᠭᠥᠷᠢᠭ ᠲᠤᠰᠢᠶᠠᠪᠠᠯ ᠵᠠᠰᠠᠭ᠎ᠤᠨ ᠣᠷᠳᠣᠨ᠎ᠠᠴᠠ 60 ᠲᠥᠭᠥᠷᠢᠭ ᠨᠥᠬᠥᠪᠦᠷᠢᠯᠡᠨ᠎ᠡ ; 3000 ᠲᠥᠭᠥᠷᠢᠭ ᠲᠤᠰᠢᠶᠠᠪᠠᠯ ᠵᠠᠰᠠᠭ᠎ᠤᠨ ᠣᠷᠳᠣᠨ᠎ᠠᠴᠠ 90 ᠲᠥᠭᠥᠷᠢᠭ ᠨᠥᠬᠥᠪᠦᠷᠢᠯᠡᠨ᠎ᠡ᠂ ᠡᠭᠦᠨ᠎ᠡᠴᠡ ᠰᠡᠭᠦᠯᠡᠷ ᠣᠯᠬᠤ ᠨᠠᠰᠤᠵᠢᠯ᠎ᠤᠨ ᠠᠰᠠᠷᠠᠮᠵᠢ᠎ᠶᠢᠨ ᠮᠥᠩᠭᠥ ᠴᠦ᠍ ᠠᠷᠪᠢᠨ ᠪᠣᠯᠣᠨ᠎ᠠ 》 ᠃ ᠬᠥᠬᠡᠬᠣᠲᠠ᠎ᠶᠢᠨ ᠨᠡᠢᠭᠡᠮ᠎ᠦᠨ ᠳᠠᠭᠠᠳᠬᠠᠯ᠎ᠤᠨ ᠦᠢᠯᠡᠰ᠎ᠦᠨ ᠦᠢᠯᠡᠴᠢᠯᠡᠭᠡᠨ᠎ᠦ ᠲᠥᠪ᠎ᠦᠨ ᠠᠵᠢᠯᠲᠠᠳ ᠠᠰᠠᠭᠤᠨ ᠯᠠᠪᠯᠠᠬᠤ᠎ᠪᠠᠷ ᠢᠷᠡᠭᠰᠡᠨ ᠨᠠᠰᠤᠲᠠᠢᠴᠤᠳ᠎ᠲᠤ ᠬᠦᠯᠢᠴᠡᠩᠭᠦᠢ᠎ᠪᠡᠷ ᠲᠠᠢᠯᠤᠮᠵᠢ ᠬᠢᠵᠦ ᠪᠠᠢᠨ᠎ᠠ᠃ ᠨᠠᠰᠤᠲᠠᠢᠴᠤᠳ᠎ᠤᠨ ᠲᠥᠷᠥ᠎ᠶᠢᠨ ᠪᠣᠳᠣᠯᠭ᠎ᠠ᠎ᠶᠢᠨ ᠲᠤᠬᠠᠢ ᠣᠢᠯᠠᠭᠠᠯᠲᠠ ᠠᠳᠠᠯᠢ ᠪᠤᠰᠤ ᠪᠠᠢᠬᠤ᠎ᠶᠢ ᠪᠣᠳᠣᠯᠬᠢᠯᠠᠭᠠᠳ᠂ ᠬᠥᠬᠡᠬᠣᠲᠠ᠎ᠶᠢᠨ ᠨᠡᠢᠭᠡᠮ᠎ᠦᠨ ᠳᠠᠭᠠᠳᠬᠠᠯ᠎ᠤᠨ ᠦᠢᠯᠡᠴᠢᠯᠡᠭᠡᠨ᠎ᠦ ᠲᠥᠪ᠎ᠦᠨ ᠠᠵᠢᠯᠲᠠᠳ ᠪᠢᠴᠢᠭ᠎ᠦᠨ ᠤᠬᠠᠭᠤᠯᠭ᠎ᠠ᠎ᠶᠢ ᠲᠠᠶᠠᠭᠳᠠᠵᠤ᠂ ᠲᠥᠬᠥᠮ ᠣᠢᠯᠠᠭᠠᠮᠵᠢᠲᠠᠢ ᠦᠭᠡ ᠬᠡᠯᠡ᠎ᠪᠡᠷ ᠲᠠᠢᠯᠤᠮᠵᠢ ᠬᠢᠪᠡ᠃ ᠡᠭᠦᠨ᠎ᠡᠴᠡ ᠭᠠᠳᠠᠨ᠎ᠠ᠂ ᠲᠣᠰ ᠲᠥᠪ᠎ᠦᠨ ᠠᠵᠢᠯᠲᠠᠨ ᠪᠠᠰᠠ ᠨᠠᠰᠤᠲᠠᠢᠴᠤᠳ᠎ᠤᠨ ᠵᠢᠯ᠎ᠦᠨ ᠣᠷᠣᠯᠭ᠎ᠠ᠎ᠶᠢᠨ ᠬᠢᠷᠢ ᠲᠦᠪᠰᠢᠨ᠎ᠲᠠᠢ ᠤᠶᠠᠯᠳᠤᠭᠤᠯᠤᠨ᠂ ᠲᠣᠬᠢᠷᠠᠮᠵᠢᠲᠠᠢ ᠰᠦᠢᠳᠬᠡᠯ ᠲᠤᠰᠢᠶᠠᠬᠤ ᠲᠠᠰ᠎ᠢ ᠲᠠᠨᠢᠯᠴᠠᠭᠤᠯᠬᠤ᠎ᠶᠢᠨ ᠬᠠᠮᠲᠤ ᠳᠡᠷᠭᠡᠳᠡᠬᠢ ᠳᠠᠭᠠᠳᠬᠠᠯ᠎ᠳᠤ ᠣᠷᠣᠯᠴᠠᠭᠰᠠᠳ᠎ᠢᠶᠠᠷ ᠵᠢᠱ᠌ᠢᠶ᠎ᠡ ᠪᠣᠯᠭᠠᠨ ᠲᠠᠢᠯᠤᠮᠵᠢ ᠬᠢᠵᠦ᠂ ᠨᠠᠰᠤᠲᠠᠢᠴᠤᠳ᠎ᠲᠤ ᠳᠠᠭᠠᠳᠬᠠᠯ᠎ᠳᠤ ᠣᠷᠣᠯᠴᠠᠬᠤ᠎ᠶᠢᠨ ᠰᠠᠢᠨ ᠲᠠᠯ᠎ᠠ᠎ᠶᠢ ᠦᠨᠡᠨ ᠬᠦ᠌ ᠮᠡᠳᠡᠷᠡᠭᠦᠯᠵᠦ᠂ ᠲᠣᠰ ᠪᠡᠶ᠎ᠡ᠎ᠶᠢᠨ ᠪᠠᠢᠳᠠᠯ᠎ᠳᠠᠭᠠᠨ ᠨᠠᠩ ᠨᠡᠢᠴᠡᠬᠦ ᠰᠦᠢᠳᠬᠡᠯ ᠲᠤᠰᠢᠶᠠᠬᠤ ᠲᠠᠰ᠎ᠢ ᠪᠡᠶ᠎ᠡ᠎ᠪᠡᠨ ᠳᠠᠭᠠᠭᠠᠨ ᠰᠣᠩᠭᠣᠭᠤᠯᠬᠤ ᠪᠣᠯᠣᠨ᠎ᠠ᠃
ᠦᠢᠯᠡᠴᠢᠯᠡᠭᠡ᠎ᠶᠢ 《 ᠡᠴᠦᠰ ᠲᠦ᠍ᠨᠢ ᠲᠤᠯᠲᠠᠯ᠎ᠠ ᠳᠠᠭᠠᠵᠤ 》 ᠂ ᠬᠦᠴᠢᠷᠳᠡᠯᠲᠡᠢ ᠬᠥᠮᠥᠰ᠎ᠢ 《 ᠳᠠᠭᠠᠳᠬᠠᠯ᠎ᠳᠤ ᠣᠷᠣᠯᠴᠠᠬᠤ᠎ᠳᠤ ᠡᠷᠡᠭᠡᠯᠵᠡᠭᠡ ᠦᠭᠡᠢ ᠪᠣᠯᠭᠠᠨ᠎ᠠ 》 ᠃ ᠠᠮᠢᠳᠤᠷᠠᠯ᠎ᠤᠨ ᠨᠠᠭᠠᠲᠤ ᠵᠠᠬ᠎ᠠ᠎ᠶᠢᠨ ᠪᠠᠲᠤᠯᠠᠭᠠᠲᠤ ᠡᠷᠦᠬᠡ᠂ ᠣᠨᠴᠠ ᠬᠦᠴᠢᠷᠳᠡᠯᠲᠡᠢ ᠠᠰᠠᠷᠠᠨ ᠲᠡᠵᠢᠭᠡᠭᠴᠢ᠂ ᠬᠦᠨᠳᠦ ᠵᠡᠮᠳᠡᠭ ᠬᠥᠮᠥᠨ ᠵᠡᠷᠭᠡ ᠬᠦᠴᠢᠷᠳᠡᠯᠲᠡᠢ ᠬᠥᠮᠥᠰ᠎ᠲᠤ ᠰᠦᠢᠳᠬᠡᠯ ᠲᠤᠰᠢᠶᠠᠬᠤ ᠴᠢᠳᠠᠪᠤᠷᠢ ᠬᠦᠷᠦᠯᠴᠡᠬᠦ ᠦᠭᠡᠢ᠂ ᠬᠥᠳᠡᠯᠵᠦ ᠪᠠᠷᠢᠬᠤ᠎ᠳᠤ ᠳᠥᠭᠥᠮ ᠦᠭᠡᠢ ᠵᠡᠷᠭᠡ ᠠᠰᠠᠭᠤᠳᠠᠯ ᠣᠷᠣᠰᠢᠵᠤ ᠮᠡᠳᠡᠬᠦ᠎ᠶᠢ ᠪᠣᠳᠣᠯᠬᠢᠯᠠᠭᠠᠳ᠂ ᠬᠥᠬᠡᠬᠣᠲᠠ᠎ᠶᠢᠨ ᠨᠡᠢᠭᠡᠮ᠎ᠦᠨ ᠳᠠᠭᠠᠳᠬᠠᠯ᠎ᠤᠨ ᠦᠢᠯᠡᠰ᠎ᠦᠨ ᠦᠢᠯᠡᠴᠢᠯᠡᠭᠡᠨ᠎ᠦ ᠲᠥᠪ 《 ᠰᠠᠨᠠᠭᠠᠴᠢᠯᠠᠭ᠎ᠠ᠎ᠠᠴᠠ᠎ᠪᠠᠨ ᠭᠡᠷ ᠲᠦ᠍ᠨᠢ ᠬᠦᠷᠴᠦ᠂ ᠪᠥᠬᠥ ᠶᠠᠪᠤᠴᠠ᠎ᠳᠤ ᠣᠷᠣᠯᠠᠨ ᠲᠤᠰᠢᠶᠠᠬᠤ 》 ᠦᠢᠯᠡᠴᠢᠯᠡᠭᠡ ᠭᠠᠷᠭᠠᠵᠤ᠂ ᠠᠵᠢᠯᠲᠠᠳ ᠨᠢᠭᠡ ᠨᠢᠭᠡ᠎ᠪᠡᠷ ᠭᠡᠷ ᠲᠦ᠍ᠨᠢ ᠬᠦᠷᠴᠦ ᠬᠦᠴᠢᠷᠳᠡᠯᠲᠡᠢ ᠬᠥᠮᠥᠰ᠎ᠤᠨ ᠪᠣᠳᠠᠲᠠᠢ ᠪᠠᠢᠳᠠᠯ᠎ᠢ ᠬᠢᠨᠠᠨ ᠬᠠᠷᠭᠤᠭᠤᠯᠵᠤ᠂ ᠰᠦᠢᠳᠬᠡᠯ ᠲᠤᠰᠢᠶᠠᠬᠤ ᠭᠠᠷᠳᠠᠮ᠎ᠢ ᠣᠷᠣᠯᠠᠨ ᠭᠦᠢᠴᠡᠳᠬᠡᠪᠡ᠃ ᠰᠢᠢᠳᠪᠦᠷᠢᠯᠡᠵᠦ ᠳᠠᠭᠤᠰᠤᠭᠰᠠᠨ᠎ᠤ ᠳᠠᠷᠠᠭ᠎ᠠ᠂ ᠠᠵᠢᠯᠲᠠᠨ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ᠎ᠪᠠᠨ ᠣᠯᠠᠨ ᠲᠦᠮᠡᠨ᠎ᠦ ᠭᠠᠷ᠎ᠲᠤ ᠲᠤᠰᠢᠶᠠᠵᠤ᠂ ᠲᠠᠷᠠᠭᠠᠴᠢ᠎ᠶᠢᠨ ᠡᠷᠬᠡ ᠠᠰᠢᠭ᠋᠎ᠢ ᠪᠠᠲᠤᠯᠠᠬᠤ ᠠᠭᠤᠯᠭ᠎ᠠ᠎ᠶᠢ ᠬᠦᠯᠢᠴᠡᠩᠭᠦᠢ᠎ᠪᠡᠷ ᠲᠠᠢᠯᠪᠤᠷᠢᠯᠠᠨ ᠥᠭᠴᠦ᠂ ᠣᠷᠣᠯᠠᠨ ᠲᠤᠰᠢᠶᠠᠬᠤ ᠦᠢᠯᠡᠴᠢᠯᠡᠭᠡ᠎ᠶᠢ 《 ᠨᠢᠭᠡ ᠵᠦᠢᠯ᠎ᠦᠨ ᠶᠠᠪᠤᠳᠠᠯ᠎ᠢ ᠬᠠᠪᠰᠤᠷᠤᠨ ᠭᠦᠢᠴᠡᠳᠬᠡᠬᠦ 》 ᠪᠣᠯᠭᠠᠬᠤ᠎ᠪᠠᠷ ᠪᠠᠷᠠᠬᠤ ᠦᠭᠡᠢ᠂ ᠨᠠᠩ ᠴᠤ᠌ 《 ᠨᠢᠭᠡ ᠵᠦᠢᠯ᠎ᠦᠨ ᠬᠠᠯᠠᠭᠤᠨ ᠳᠤᠯᠠᠭᠠᠨ᠎ᠢ ᠳᠠᠮᠵᠢᠭᠤᠯᠬᠤ 》 ᠪᠣᠯᠭᠠᠨ᠎ᠠ᠃
ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠎ᠠᠴᠠ ᠣᠨᠴᠠᠭᠠᠶ ᠬᠠᠪᠰᠤᠷᠤᠯᠭ᠎ᠠ ᠳᠡᠮᠵᠢᠯᠭᠡ ᠬᠦᠷᠲᠡᠯ᠎ᠡ᠂ ᠦᠢᠯᠡᠴᠢᠯᠡᠨ ᠮᠥᠷᠳᠡᠨ ᠭᠦᠢᠴᠡᠳᠬᠡᠬᠦ᠎ᠡᠴᠡ ᠬᠠᠯᠠᠮᠰᠢᠯ ᠤᠲᠠᠰᠤᠨ᠎ᠤ ᠪᠠᠲᠤᠯᠠᠭ᠎ᠠ ᠬᠦᠷᠲᠡᠯ᠎ᠡ᠂ ᠠᠷᠭ᠎ᠠ ᠬᠡᠮᠵᠢᠶ᠎ᠡ ᠨᠢᠭᠡᠪᠦᠷᠢ ᠨᠢ ᠴᠥᠮ ᠣᠯᠠᠨ ᠲᠦᠮᠡᠨ᠎ᠦ ᠰᠡᠳᠬᠢᠯ᠎ᠳᠦ ᠬᠠᠳᠠᠩᠰᠢᠵᠠᠢ᠃ ᠲᠠᠷᠠᠭᠠᠴᠢ᠎ᠶᠢᠨ ᠠᠯᠬᠤᠮ᠎ᠳᠤ᠂ ᠬᠥᠬᠡᠬᠣᠲᠠ᠎ᠶᠢᠨ ᠨᠡᠢᠭᠡᠮ᠎ᠦᠨ ᠳᠠᠭᠠᠳᠬᠠᠯ᠎ᠤᠨ ᠦᠢᠯᠡᠰ᠎ᠦᠨ ᠦᠢᠯᠡᠴᠢᠯᠡᠭᠡᠨ᠎ᠦ ᠲᠥᠪ ᠦᠷᠭᠦᠯᠵᠢᠯᠡᠨ ᠦᠢᠯᠡᠴᠢᠯᠡᠭᠡᠨ᠎ᠦ ᠶᠠᠪᠤᠴᠠ᠎ᠪᠠᠨ ᠰᠢᠯᠢᠳᠡᠭᠵᠢᠭᠦᠯᠵᠦ᠂ ᠦᠢᠯᠡᠴᠢᠯᠡᠭᠡᠨ᠎ᠦ ᠰᠢᠰᠲᠧᠮ᠎ᠢᠶᠡᠨ ᠲᠡᠭᠦᠯᠳᠡᠷᠵᠢᠭᠦᠯᠦᠨ᠂ ᠨᠠᠩ ᠳᠣᠲᠣᠨᠣ᠌᠂ ᠨᠠᠩ ᠥᠨᠳᠥᠷ ᠪᠦᠲᠦᠮᠵᠢᠲᠡᠶ᠂ ᠨᠠᠩ ᠬᠠᠯᠠᠭᠤᠨ ᠳᠤᠯᠠᠭᠠᠨ ᠦᠢᠯᠡᠴᠢᠯᠡᠭᠡ᠎ᠪᠡᠷ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ 《 ᠵᠣᠯ ᠵᠢᠷᠭᠠᠯ᠎ᠤᠨ ᠲᠣᠣᠷ 》᠎ᠢ ᠤᠯᠠᠮ᠎ᠠᠴᠠ ᠤᠯᠠᠮ ᠨᠢᠭ᠍ᠲᠠ ᠰᠦᠯᠵᠢᠵᠦ᠂ ᠣᠯᠠᠨ ᠲᠦᠮᠡᠨ ᠨᠢᠭᠡᠪᠦᠷᠢ᠎ᠳᠦ ᠦᠨᠡᠨ ᠪᠣᠳᠠᠲᠠᠢ ᠲᠥᠬᠥᠮ ᠪᠠ ᠬᠠᠯᠠᠮᠵᠢᠯᠠᠯ᠎ᠢ ᠬᠦᠷᠲᠡᠭᠡᠨ᠎ᠡ᠃