ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠣᠷᠳᠣᠰ᠎ᠤᠨ ᠬᠢᠶ᠎ᠠ ᠪᠠᠭ᠍ᠰᠢ ᠲᠣᠭᠣᠷᠢᠭ᠋ ᠄ ᠲᠥᠷᠥ᠎ᠶᠢᠨ ᠪᠣᠳᠣᠯᠭ᠎ᠠ ᠨᠢ ᠳᠤᠯᠠᠭᠠᠴᠠ ᠲᠠᠢ ᠦᠢᠯᠡᠴᠢᠯᠡᠭᠡ ᠨᠢ ᠵᠠᠢ ᠵᠠᠪᠰᠠᠷ ᠦᠭᠡᠢ ᠪᠠᠢᠵᠤ ᠨᠡᠢᠭᠡᠮ᠎ᠦᠨ ᠪᠠᠲᠤᠯᠠᠭ᠎ᠠ᠎ᠶᠢᠨ 《 ᠲᠠᠪᠤᠨ ᠰᠡᠳᠬᠢᠯ᠎ᠦᠨ ᠠᠷᠭ᠎ᠠ ᠬᠡᠮᠵᠢᠶ᠎ᠡ 》 ᠪᠡᠷ ᠠᠵᠢᠯ᠎ᠤᠨ ᠬᠠᠷᠠᠭ᠎ᠠ᠎ᠠᠴᠠ ᠪᠣᠯᠤᠭᠰᠠᠨ ᠭᠡᠮᠲᠦᠯ᠎ᠦᠨ ᠲᠠᠩᠰᠠ ᠲᠠᠢᠯᠬᠤ ᠬᠦᠴᠢᠷ ᠠᠰᠠᠭᠤᠳᠠᠯ᠎ᠢ ᠰᠢᠢᠳᠪᠦᠷᠢᠯᠡᠵᠦ ᠪᠣᠶ
ᠨᠡᠶ᠋ᠢᠲᠡᠯᠡᠭᠰᠡᠨ ᠴᠠᠭ᠄ 2025-12-18

      《 ᠤᠤᠯ ᠨᠢ ᠬᠡᠳᠦ ᠤᠳᠠᠭ᠎ᠠ ᠭᠦᠶᠦᠨ᠎ᠡ᠂ ᠨᠡᠯᠢᠶᠡᠳ ᠤᠳᠠᠭᠠᠨ ᠬᠦᠯᠢᠶᠡᠨ᠎ᠡ ᠭᠡᠵᠦ ᠪᠣᠳᠣᠵᠤ ᠪᠠᠢᠭᠰᠠᠨ᠂ ᠨᠡᠢᠭᠡᠮ᠎ᠦᠨ ᠪᠠᠲᠤᠯᠠᠭ᠎ᠠ᠎ᠶᠢᠨ ᠠᠵᠢᠯᠲᠠᠳ ᠪᠦᠬᠦ ᠶᠠᠪᠤᠴᠠ᠎ᠳᠤ ᠵᠢᠭᠠᠨ ᠵᠢᠯᠤᠭᠣᠳᠴᠤ᠂ ᠳᠠᠩᠰᠠ ᠲᠠᠢᠯᠬᠤ ᠵᠣᠭᠣᠰ ᠤᠳᠠᠯ ᠦᠭᠡᠢ ᠳᠠᠩᠰᠠᠨ᠎ᠳᠤ ᠣᠷᠣᠵᠤ ᠢᠷᠡᠨ᠎ᠡ ᠭᠡᠵᠦ ᠦᠨᠡᠬᠡᠷ ᠪᠣᠳᠣᠵᠤ ᠣᠯᠣᠭᠰᠠᠨ ᠦᠭᠡᠢ ! 》 ᠣᠢᠷ᠎ᠠ᠎ᠳᠤ ᠂ ᠬᠣᠲᠠ᠎ᠶᠢᠨ ᠠᠷᠠᠳ ᠵᠣᠣ ᠠᠪᠠᠬᠠᠢ ᠲᠠᠩᠰᠠᠨ᠎ᠳᠤ ᠣᠷᠣᠭᠰᠠᠨ ᠮᠡᠳᠡᠭᠳᠡᠯ᠎ᠢ ᠲᠣᠰᠴᠤ ᠣᠯᠣᠭᠠᠳ ᠬᠢᠶ᠎ᠠ ᠪᠠᠭ᠍ᠰᠢ ᠲᠣᠭᠣᠷᠢᠭ᠋᠎ᠤᠨ ᠨᠡᠢᠭᠡᠮ᠎ᠦᠨ ᠪᠠᠲᠤᠯᠠᠭ᠎ᠠ᠎ᠶᠢᠨ ᠲᠥᠪ᠎ᠦᠨ 《 ᠰᠡᠳᠬᠢᠯ᠎ᠢ ᠳᠤᠯᠠᠭᠠᠴᠠᠭᠤᠯᠬᠤ ᠦᠢᠯᠡᠴᠢᠯᠡᠭᠡ 》᠎ᠶᠢ ᠵᠠᠯᠭᠠᠭ᠎ᠠ᠎ᠪᠠᠷ ᠮᠠᠭᠲᠠᠨ ᠰᠠᠢᠰᠢᠶᠠᠵᠤ ᠪᠠᠢᠯ᠎ᠠ᠃ ᠲᠡᠭᠦᠨ᠎ᠦ ᠥᠩᠭᠡᠷᠡᠯᠲᠡ ᠪᠣᠯ ᠶᠠᠭ ᠪᠥᠬᠥ ᠤᠯᠤᠰ᠎ᠤᠨ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠦᠨ ᠬᠢᠨ᠎ᠦ 《 ᠨᠡᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡ᠎ᠶᠢ ᠲᠦᠮᠡᠨ ᠡᠷᠦᠬᠡ᠎ᠳᠦ ᠬᠦᠷᠭᠡᠬᠦ 》 ᠠᠵᠢᠯᠯᠠᠭ᠎ᠠ᠎ᠶᠢ ᠭᠦᠨᠵᠡᠭᠡᠢ ᠲᠦᠯᠬᠢᠨ ᠠᠬᠢᠭᠤᠯᠵᠤ᠂ ᠠᠷᠠᠳ᠎ᠲᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢ ᠠᠷᠠᠳ᠎ᠤᠨ ᠠᠮᠢᠳᠤᠷᠠᠯ᠎ᠤᠨ ᠬᠠᠯᠠᠭᠤᠨ ᠳᠤᠯᠠᠭᠠᠨ ᠪᠣᠯᠭᠠᠨ ᠬᠤᠪᠢᠷᠠᠭᠤᠯᠤᠭᠰᠠᠨ᠎ᠤ ᠠᠮᠢᠳᠤᠯᠢᠭ᠋ ᠬᠤᠷᠢᠶᠠᠩᠭᠤᠢ ᠳᠦᠷᠰᠦ ᠪᠣᠯᠣᠨ᠎ᠠ᠃
      ᠡᠨᠡ ᠵᠢᠯ᠎ᠡᠴᠡ ᠨᠠᠭᠠᠰᠢ᠂ ᠨᠢᠭᠡᠨ ᠭᠡᠨᠡᠳᠲᠡ᠎ᠶᠢᠨ ᠰᠠᠨᠠᠭᠠᠨ᠎ᠳᠤ ᠦᠭᠡᠢ ᠬᠡᠷᠡᠭ ᠵᠣᠣ ᠠᠪᠠᠬᠠᠢ᠎ᠶᠢᠨ ᠠᠮᠢᠳᠤᠷᠠᠯ᠎ᠢ ᠰᠠᠮᠠᠭᠤᠷᠠᠭᠤᠯᠵᠠᠢ᠃ ᠠᠵᠢᠯ᠎ᠠᠴᠠ᠎ᠪᠠᠨ ᠪᠠᠭᠤᠬᠤ ᠵᠠᠮ᠎ᠳᠠᠭᠠᠨ ᠲᠡᠷᠡ ᠠᠳᠠᠯᠢᠬᠠᠨ ᠬᠠᠷᠢᠭᠤᠴᠠᠯᠭ᠎ᠠ᠎ᠶᠢᠨ ᠵᠠᠮ ᠬᠠᠷᠢᠯᠴᠠᠭᠠᠨ᠎ᠤ ᠡᠨᠳᠡᠯ᠎ᠳᠦ ᠤᠴᠠᠷᠠᠵᠤ᠂ ᠪᠡᠶ᠎ᠡ ᠨᠢ ᠰᠢᠷᠬᠠᠲᠤᠭᠰᠠᠨ᠎ᠤ ᠬᠠᠮᠲᠤ᠂ ᠡᠮ ᠡᠮᠨᠡᠯᠭᠡ᠎ᠶᠢᠨ ᠵᠠᠷᠤᠳᠠᠯ ᠨᠢ ᠴᠦ᠍ ᠲᠡᠭᠦᠨ᠎ᠳᠦ ᠲᠤᠢᠯ᠎ᠤᠨ ᠶᠡᠬᠡ ᠳᠠᠷᠤᠯᠲᠠ ᠥᠭᠴᠡᠢ —— ᠨᠥᠭᠥᠭᠡ ᠡᠲᠡᠭᠡᠳ ᠨᠢ ᠵᠥᠪᠬᠡᠨ ᠡᠮᠴᠢᠯᠡᠭᠡᠨ᠎ᠦ ᠵᠠᠷᠤᠳᠠᠯ᠎ᠤᠨ ᠬᠠᠭᠠᠰ᠎ᠢ ᠯᠠ ᠲᠥᠯᠥᠵᠦ᠂ ᠦᠯᠡᠳᠡᠭᠰᠡᠨ ᠳᠠᠩᠰᠠ ᠲᠠᠢᠯᠬᠤ ᠪᠠᠷᠢᠮᠲᠠ᠎ᠶᠢᠨ ᠡᠮᠦᠨ᠎ᠡ᠂ ᠲᠥᠷᠥ᠎ᠶᠢᠨ ᠪᠣᠳᠣᠯᠭ᠎ᠠ᠎ᠶᠢᠨ ᠠᠯᠬᠤᠮ ᠳᠠᠷᠠᠭ᠎ᠠ᠎ᠶᠢ ᠰᠠᠢᠨ ᠮᠡᠳᠡᠬᠦ ᠦᠭᠡᠢ ᠲᠡᠷᠡ ᠨᠢᠭᠡ ᠦᠶ᠎ᠡ ᠮᠠᠰᠢ ᠵᠣᠪᠠᠨᠢᠵᠤ ᠪᠠᠢᠪᠠ᠃ 《 ᠶᠠᠮᠠᠷ ᠮᠠᠲᠧᠷᠢᠶᠠᠯ ᠪᠡᠯᠡᠳᠬᠡᠪᠡᠯ ᠵᠣᠬᠢᠬᠤ᠎ᠶᠢ ᠮᠡᠳᠡᠬᠦ ᠦᠭᠡᠢ᠂ 〈 ᠭᠤᠷᠪᠠᠳᠠᠭ᠍ᠴᠢ ᠡᠲᠡᠭᠡᠳ᠎ᠡᠴᠡ ᠲᠥᠯᠥᠵᠦ ᠥᠭᠭᠦᠭᠰᠡᠨ᠎ᠦ ᠳᠠᠷᠠᠭ᠎ᠠ ᠨᠡᠢᠭᠡᠮ᠎ᠦᠨ ᠪᠠᠲᠤᠯᠠᠭ᠎ᠠ᠎ᠶᠢ ᠮᠡᠳᠡᠭᠦᠯᠵᠦ ᠪᠣᠯᠬᠤ ᠡᠰᠡᠬᠦ 〉 ᠎ᠶᠢ ᠴᠦ᠍ ᠮᠡᠳᠡᠬᠦ ᠦᠭᠡᠢ ᠂ ᠬᠥᠯ᠎ᠢᠶᠡᠨ ᠬᠤᠭᠤᠯᠴᠢᠬᠠᠭᠠᠳ ᠪᠠᠰᠠ ᠰᠢᠢᠳᠪᠦᠷᠢᠯᠡᠵᠦ ᠳᠡᠶ᠋ᠢᠯᠬᠦ ᠦᠭᠡᠢ᠎ᠡᠴᠡ ᠦᠨᠡᠬᠡᠷ ᠠᠶᠤᠵᠤ ᠪᠠᠢᠵᠠᠢ 》 ᠡᠬᠢᠨ᠎ᠦ ᠦᠶ᠎ᠡ᠎ᠶᠢᠨ ᠡᠷᠡᠭᠡᠯᠵᠡᠭᠡ᠎ᠪᠡᠨ ᠡᠷᠭᠢᠴᠡᠭᠦᠯᠬᠦ᠎ᠳᠦ ᠵᠣᠣ ᠠᠪᠠᠬᠠᠢ ᠮᠥᠨ ᠯᠡ ᠭᠦᠨ ᠲᠥᠷᠥᠭᠳᠡᠯ᠎ᠲᠠᠢ ᠪᠠᠢᠯ᠎ᠠ᠃
      ᠵᠣᠣ ᠠᠪᠠᠬᠠᠢ᠎ᠶᠢᠨ ᠬᠦᠴᠢᠷᠳᠡᠯ᠎ᠢ ᠣᠢᠯᠠᠭᠠᠭᠰᠠᠨ᠎ᠤ ᠳᠠᠷᠠᠭ᠎ᠠ᠂ ᠬᠢᠶ᠎ᠠ ᠪᠠᠭ᠍ᠰᠢ ᠲᠣᠭᠣᠷᠢᠭ᠋᠎ᠤᠨ ᠨᠡᠢᠭᠡᠮ᠎ᠦᠨ ᠪᠠᠲᠤᠯᠠᠭ᠎ᠠ᠎ᠶᠢᠨ ᠲᠥᠪ᠎ᠦᠨ ᠠᠵᠢᠯᠲᠠᠨ ᠵᠦ᠍ ᠷᠥᠸᠧ ᠨᠠᠨ ᠬᠠᠮᠤᠭ᠎ᠤᠨ ᠲᠦᠷᠦᠭᠦᠨ᠎ᠳᠦ ᠰᠡᠳᠬᠢᠯ᠎ᠢ ᠳᠤᠯᠠᠭᠠᠴᠠᠭᠤᠯᠬᠤ ᠦᠢᠯᠡᠴᠢᠯᠡᠭᠡᠨ᠎ᠦ ᠲᠣᠭᠲᠠᠴᠠ᠎ᠶᠢ ᠡᠬᠢᠯᠡᠨ ᠬᠡᠷᠡᠭᠵᠢᠭᠦᠯᠵᠦ᠂ ᠲᠠᠪᠤᠨ ᠵᠦᠢᠯ᠎ᠦᠨ ᠨᠠᠷᠢᠯᠢᠭ᠍ᠵᠢᠭᠤᠯᠬᠤ ᠠᠷᠭ᠎ᠠ ᠬᠡᠮᠵᠢᠶ᠎ᠡ᠎ᠪᠡᠷ ᠲᠡᠭᠦᠨ᠎ᠳᠦ ᠲᠠᠩᠰᠠ ᠲᠠᠢᠯᠬᠤ 《 ᠰᠠᠭᠠᠳ ᠦᠭᠡᠢ ᠵᠠᠮ 》 ᠎ᠢ ᠨᠠᠪᠲᠠᠷᠡᠭᠦᠯᠵᠦ ᠥᠭᠴᠡᠢ᠃ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ ᠬᠢᠬᠦ᠎ᠳᠡᠭᠡᠨ ᠲᠡᠷᠡ ᠵᠦᠢᠯ ᠵᠤᠷᠪᠤᠰ᠎ᠢ ᠠᠯᠪᠠ᠎ᠪᠠᠷ ᠤᠬᠠᠭᠤᠯᠤᠨ ᠲᠠᠢᠯᠪᠤᠷᠢᠯᠠᠭᠰᠠᠨ ᠦᠭᠡᠢ᠂ ᠬᠠᠷᠢᠨ ᠠᠳᠠᠯᠢ ᠲᠥᠷᠥᠯ᠎ᠦᠨ ᠬᠡᠷᠡᠭ᠎ᠦᠨ ᠵᠢᠱ᠌ᠢᠶ᠎ᠡ᠎ᠲᠠᠢ ᠤᠶᠠᠯᠳᠤᠭᠤᠯᠤᠨ 《 ᠭᠤᠷᠪᠠᠳᠠᠭᠢ ᠡᠲᠡᠭᠡᠳ᠎ᠡᠴᠡ ᠤᠷᠢᠳ᠎ᠢᠶᠠᠷ ᠲᠥᠯᠥᠵᠦ᠂ ᠰᠠᠭᠤᠷᠢ ᠮᠥᠩᠭᠥ᠎ᠡᠴᠡ ᠵᠥᠷᠢᠶ᠎ᠡ᠎ᠶᠢ ᠨᠥᠬᠥᠪᠦᠷᠢᠯᠡᠬᠦ 》 ᠳᠦᠷᠢᠮ᠎ᠢ ᠬᠢᠯᠪᠠᠷᠴᠢᠯᠠᠭᠰᠠᠨ ᠦᠭᠡ᠎ᠪᠡᠷ ᠨᠠᠷᠢᠨ ᠲᠠᠢᠯᠪᠤᠷᠢᠯᠠᠵᠤ᠂ ᠳᠠᠩᠰᠠ ᠲᠠᠢᠯᠬᠤ ᠯᠣᠭᠢᠭ᠋᠎ᠢ ᠨᠢ ᠠᠭᠱᠠᠨ ᠵᠠᠭᠤᠷ᠎ᠠ ᠲᠣᠳᠣᠷᠬᠠᠢ ᠪᠣᠯᠭᠠᠪᠠ ; ᠶᠠᠪᠤᠴᠠ᠎ᠶᠢᠨ ᠵᠢᠯᠣᠭᠣᠳᠤᠮᠵᠢ᠎ᠶᠢᠨ ᠲᠠᠯ᠎ᠠ᠎ᠪᠠᠷ᠂ ᠬᠡᠷᠡᠭᠰᠡᠬᠦ ᠮᠠᠲᠧᠷᠢᠶᠠᠯ᠂ ᠣᠨᠣᠰᠢᠯᠠᠨ ᠡᠮᠨᠡᠬᠦ ᠲᠠᠩᠰᠠ ᠲᠠᠢᠯᠬᠤ ᠬᠡᠪᠴᠢᠶ᠎ᠡ ᠵᠢᠴᠢ ᠲᠥᠯᠥᠬᠦ ᠭᠡᠷᠡᠴᠢ ᠪᠠᠷᠢᠮᠲᠠ᠎ᠶᠢᠨ ᠱᠠᠭᠠᠷᠳᠠᠯᠭ᠎ᠠ᠎ᠶᠢ ᠨᠢᠭᠡ ᠯᠡ ᠤᠳᠠᠭ᠎ᠠ᠎ᠶᠢᠨ ᠴᠢᠨᠠᠷᠲᠠᠢ᠎ᠪᠠᠷ ᠮᠡᠳᠡᠭᠳᠡᠵᠦ᠂ ᠪᠡᠯᠡᠳᠬᠡᠯ᠎ᠦᠨ ᠲᠠᠰᠢᠶᠠᠷᠠᠯ᠎ᠠᠴᠠ ᠤᠷᠢᠳᠴᠢᠯᠠᠨ ᠵᠠᠢᠯᠠᠰᠬᠢᠪᠡ ; ᠤᠲᠠᠰᠤ᠎ᠪᠠᠷ ᠠᠰᠠᠭᠤᠨ ᠯᠠᠪᠯᠠᠬᠤ ᠵᠠᠮ᠎ᠢ ᠪᠥᠬᠥ ᠶᠠᠪᠤᠴᠠ᠎ᠳᠤ ᠨᠡᠭᠡᠭᠡᠵᠦ ᠂ ᠶᠠᠮᠠᠷ ᠦᠶ᠎ᠡ᠎ᠳᠦ ᠠᠰᠠᠭᠤᠳᠠᠯ ᠲᠤᠯᠭᠠᠷᠠᠭᠰᠠᠨ ᠴᠤ᠌ ᠴᠥᠮ ᠲᠤᠰᠬᠠᠢ ᠮᠡᠷᠭᠡᠵᠢᠯ᠎ᠦᠨ ᠬᠠᠷᠢᠭᠤᠯᠲᠠ ᠣᠯᠵᠤ ᠪᠣᠯᠣᠨ᠎ᠠ ; ᠮᠠᠲᠧᠷᠢᠶᠠᠯ ᠨᠢ ᠣᠷᠬᠢᠭ᠍ᠳᠠᠭᠰᠠᠨ ᠴᠤ᠌᠂ ᠨᠠᠷᠢᠨ ᠲᠣᠳᠣᠷᠬᠠᠢ ᠲᠠᠢᠯᠪᠤᠷᠢ ᠬᠢᠭᠰᠡᠨ ᠨᠥᠬᠥᠪᠦᠷᠢ ᠲᠣᠳᠣᠷᠬᠠᠢ ᠬᠠᠭᠤᠳᠠᠰᠤ ᠭᠠᠷᠭᠠᠵᠤ᠂ ᠳᠠᠬᠢᠨ ᠳᠠᠪᠲᠠᠨ ᠭᠦᠶᠦᠯᠭᠡᠬᠦ ᠦᠭᠡᠢ ᠪᠣᠯᠭᠠᠨ᠎ᠠ ; ᠮᠡᠳᠡᠭᠡ ᠵᠠᠩᠭᠢ᠎ᠶᠢ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠲᠡᠷᠡ ᠳᠠᠷᠤᠢ ᠳ᠋ᠤᠨᠢ ᠪᠠᠴᠢᠮ ᠲᠦᠷᠭᠡᠨ ᠭᠦᠢᠴᠡᠳᠬᠡᠵᠦ᠂ 《 ᠳᠤᠲᠠᠭᠤ ᠬᠦᠯᠢᠶᠡᠬᠦ᠂ ᠲᠦᠷᠭᠡᠨ ᠭᠦᠢᠴᠡᠳᠬᠡᠬᠦ᠂ ᠨᠢᠭᠡ ᠯᠡ ᠤᠳᠠᠭ᠎ᠠ᠎ᠳᠤ ᠭᠦᠢᠴᠡᠳᠬᠡᠬᠦ 》 ᠶ᠋ᠢ ᠪᠣᠳᠠᠲᠤ ᠶᠠᠪᠤᠳᠠᠯ ᠪᠣᠯᠭᠠᠨ ᠬᠤᠪᠢᠷᠠᠭᠤᠯᠤᠨ᠎ᠠ᠃
      《 ᠲᠥᠷᠥ᠎ᠶᠢᠨ ᠪᠣᠳᠣᠯᠭ᠎ᠠ᠎ᠶᠢᠨ ᠯᠠᠪᠯᠠᠯᠲᠠ᠎ᠠᠴᠠ ᠠᠪᠤᠭᠠᠳ ᠵᠣᠭᠣᠰ ᠮᠥᠩᠭᠥ᠎ᠶᠢ ᠳᠠᠩᠰᠠᠨ᠎ᠳᠤ ᠣᠷᠣᠭᠤᠯᠬᠤ ᠬᠦᠷᠲᠡᠯ᠎ᠡ᠂ ᠪᠦᠬᠦ ᠶᠠᠪᠤᠴᠠ᠎ᠳᠤ ᠪᠢ ᠢᠯᠡᠭᠦᠦ ᠨᠢᠭᠡ ᠤᠳᠠᠭ᠎ᠠ ᠵᠠᠮ ᠬᠥᠭᠡᠭᠡᠭᠰᠡᠨ ᠦᠭᠡᠢ᠂ ᠠᠵᠢᠯᠲᠠᠳ᠎ᠤᠨ ᠲᠡᠰᠪᠦᠷᠢ ᠲᠡᠪᠴᠢᠶᠡᠷᠢ ᠪᠣᠯᠣᠨ ᠦᠷ᠎ᠡ ᠪᠦᠲᠦᠮᠵᠢ ᠨᠢ ᠦᠨᠡᠬᠡᠷ ᠬᠥᠮᠥᠨ᠎ᠦ ᠰᠡᠳᠬᠢᠯ᠎ᠢ ᠬᠥᠳᠡᠯᠭᠡᠨ᠎ᠡ 》 ᠃ ᠵᠣᠣ ᠠᠪᠠᠬᠠᠢ᠎ᠶᠢᠨ ᠰᠡᠳᠬᠢᠯ᠎ᠦᠨ ᠦᠭᠡ ᠨᠢ ᠲᠣᠭ᠎ᠠ ᠲᠣᠮᠰᠢ ᠦᠭᠡᠢ ᠣᠯᠠᠨ ᠬᠥᠳᠡᠯᠮᠦᠷᠢᠴᠢᠳ᠎ᠦᠨ ᠬᠠᠮᠲᠤ᠎ᠶᠢᠨ ᠬᠦᠰᠡᠯ ᠡᠷᠡᠮᠡᠯᠵᠡᠯ᠎ᠢ ᠢᠯᠡᠳᠬᠡᠵᠡᠢ᠃ ᠨᠡᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡᠨ᠎ᠦ ᠬᠡᠯᠪᠡᠷᠢ᠎ᠪᠡᠨ ᠬᠤᠪᠢᠷᠠᠭᠤᠯᠵᠤ ᠪᠠᠢᠭ᠎ᠠ ᠣᠳᠣᠬᠠᠨ᠎ᠳᠤ᠂ ᠡᠢᠮᠦᠷᠬᠦᠦ ᠬᠠᠯᠠᠭᠤᠨ ᠳᠤᠯᠠᠭᠠᠨ ᠪᠠᠢᠳᠠᠯ ᠨᠢ ᠬᠢᠶ᠎ᠠ ᠪᠠᠭ᠍ᠰᠢ ᠲᠣᠭᠣᠷᠢᠭ᠋᠎ᠤᠨ ᠨᠡᠢᠭᠡᠮ᠎ᠦᠨ ᠪᠠᠲᠤᠯᠠᠭ᠎ᠠ᠎ᠶᠢᠨ ᠲᠥᠪ᠎ᠲᠦ ᠲᠠᠰᠤᠷᠠᠯᠲᠠ ᠦᠭᠡᠢ ᠭᠠᠷᠴᠤ ᠪᠠᠢᠨ᠎ᠠ᠃ 《 ᠠᠵᠢᠯ᠎ᠠᠴᠠ ᠪᠣᠯᠤᠭᠰᠠᠨ ᠭᠡᠮᠲᠦᠯ᠎ᠦᠨ ᠳᠠᠭᠠᠳᠬᠠᠯ᠎ᠤᠨ ᠳᠦᠷᠢᠮ 》᠎ᠦᠨ ᠬᠠᠲᠠᠭᠤ ᠲᠣᠭᠲᠠᠭᠠᠯ ᠨᠢ ᠬᠦᠢᠲᠡᠨ ᠳᠦᠷᠢᠮ ᠲᠣᠭᠲᠠᠭᠠᠯ᠎ᠤᠨ ᠵᠦᠢᠯ ᠵᠤᠷᠪᠤᠰ ᠪᠢᠰᠢ᠂ ᠬᠠᠷᠢᠨ ᠠᠵᠢᠯᠲᠠᠨ᠎ᠤ ᠰᠠᠨᠠᠭᠠᠴᠢᠯᠠᠭ᠎ᠠ᠎ᠠᠴᠠ᠎ᠪᠠᠨ ᠦᠢᠯᠡᠴᠢᠯᠡᠬᠦ᠂ ᠣᠨᠣᠴᠢᠲᠠᠢ᠎ᠪᠠᠷ ᠠᠪᠴᠠᠯᠳᠤᠭᠤᠯᠬᠤ᠎ᠪᠠᠷ ᠳᠠᠮᠵᠢᠭᠤᠯᠤᠨ᠂ ᠨᠢᠳᠦᠨ᠎ᠳᠦ ᠦᠵᠡᠭᠳᠡᠵᠦ ᠭᠠᠷ᠎ᠲᠤ ᠪᠠᠷᠢᠭ᠍ᠳᠠᠮ᠎ᠠ ᠠᠷᠠᠳ᠎ᠤᠨ ᠠᠮᠢᠳᠤᠷᠠᠯ᠎ᠤᠨ ᠬᠠᠯᠠᠮᠵᠢᠯᠠᠯ ᠪᠣᠯᠭᠠᠨ ᠬᠤᠪᠢᠷᠠᠭᠤᠯᠬᠤ ᠪᠣᠯᠣᠨ᠎ᠠ᠃
      ᠣᠢᠷ᠎ᠠ᠎ᠶᠢᠨ ᠵᠢᠯ᠎ᠡᠴᠡ᠂ ᠬᠢᠶ᠎ᠠ ᠪᠠᠭ᠍ᠰᠢ ᠲᠣᠭᠣᠷᠢᠭ᠋᠎ᠤᠨ ᠨᠡᠢᠭᠡᠮ᠎ᠦᠨ ᠪᠠᠲᠤᠯᠠᠭ᠎ᠠ᠎ᠶᠢᠨ ᠲᠥᠪ 《 ᠤᠯᠠᠨ ᠲᠦᠮᠡᠨ ᠳᠤᠲᠠᠭᠤ ᠭᠦᠶᠦᠬᠦ᠂ ᠲᠣᠭ᠎ᠠ ᠪᠠᠷᠢᠮᠲᠠ᠎ᠶᠢ ᠢᠯᠡᠭᠦᠦ ᠭᠦᠶᠦᠯᠭᠡᠬᠦ 》 ᠦᠢᠯᠡᠴᠢᠯᠡᠭᠡᠨ᠎ᠦ ᠵᠣᠷᠢᠯᠲᠠ᠎ᠶᠢ ᠢᠮᠠᠭᠲᠠ ᠪᠠᠷᠢᠮᠲᠠᠯᠠᠵᠤ᠂ 《 ᠬᠠᠮᠢᠶᠠᠷᠤᠯᠲᠠ᠎ᠶᠢᠨ ᠬᠡᠯᠪᠡᠷᠢ 》 ᠡᠴᠡ 《 ᠦᠢᠯᠡᠴᠢᠯᠡᠭᠡᠨ᠎ᠦ ᠬᠡᠯᠪᠡᠷᠢ 》 ᠲᠡᠢᠰᠢ ᠭᠦᠨᠵᠡᠭᠡᠢ ᠬᠤᠪᠢᠷᠠᠵᠠᠢ᠃ ᠨᠡᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡᠨ᠎ᠦ ᠪᠦᠯᠬᠦᠮ᠎ᠢ ᠵᠣᠬᠢᠶᠠᠨ ᠪᠠᠢᠭᠤᠯᠵᠤ ᠭᠡᠷ ᠲᠦ᠍ᠨᠢ ᠬᠦᠷᠭᠡᠬᠦ ᠲᠥᠷᠥ᠎ᠶᠢᠨ ᠪᠣᠳᠣᠯᠭ᠎ᠠ᠎ᠶᠢ ᠪᠠᠢᠭᠤᠯᠤᠭᠰᠠᠨ ᠴᠤ᠌ ᠲᠡᠷᠡ᠂ ᠰᠦᠯᠵᠢᠶᠡᠨ ᠳᠡᠭᠡᠷᠡᠬᠢ ᠲᠠᠪᠴᠠᠩ᠎ᠢ ᠪᠠᠢᠭᠤᠯᠵᠤ 《 ᠭᠣᠮᠣᠳᠠᠯ ᠱᠠᠭᠠᠷᠳᠠᠯᠭ᠎ᠠ᠎ᠶᠢ ᠳᠠᠷᠤᠢᠬᠠᠨ ᠭᠦᠢᠴᠡᠳᠬᠡᠬᠦ 》᠎ᠶᠢ ᠪᠡᠶᠡᠯᠡᠭᠦᠯᠦᠭᠰᠡᠨ ᠴᠦ᠍ ᠲᠡᠷᠡ ; ᠣᠨᠴᠠᠭᠠᠶ ᠬᠥᠮᠥᠰ᠎ᠲᠤ ᠴᠢᠭᠯᠡᠭᠦᠯᠦᠨ ᠰᠠᠭᠠᠳ ᠦᠭᠡᠢ ᠨᠡᠪᠲᠡᠷᠡᠬᠦ ᠵᠠᠮ ᠨᠡᠭᠡᠭᠡᠭᠰᠡᠨ ᠴᠦ᠍ ᠲᠡᠷᠡ ᠂ ᠣᠷᠣᠨ ᠪᠦᠰᠡ ᠠᠯᠤᠰᠯᠠᠨ ᠬᠠᠮᠵᠢᠯᠴᠠᠬᠤ᠎ᠪᠠᠷ ᠳᠠᠮᠵᠢᠭᠤᠯᠤᠨ ᠣᠨᠳᠣᠣ ᠭᠠᠵᠠᠷ᠎ᠲᠤ ᠲᠠᠩᠰᠠ ᠲᠠᠢᠯᠬᠤ ᠪᠡᠷᠬᠡ ᠰᠡᠳᠦᠪ ᠎ᠢ ᠰᠢᠢᠳᠪᠦᠷᠢᠯᠡᠭᠰᠡᠨ ᠴᠦ᠍ ᠲᠡᠷᠡ᠂ ᠴᠥᠮ ᠪᠣᠳᠠᠲᠤ ᠠᠵᠢᠯᠯᠠᠭ᠎ᠠ᠎ᠪᠠᠷ᠎ᠢᠶᠠᠨ 《 ᠬᠥᠳᠡᠯᠮᠦᠷᠢᠴᠢᠨ᠎ᠦ ᠡᠷᠬᠡ ᠠᠰᠢᠭ᠋ ᠎ᠢ ᠶᠠᠭᠠᠬᠢᠭ᠍ᠰᠠᠨ ᠴᠤ᠌ ᠬᠣᠬᠢᠷᠠᠭᠤᠯᠬᠤ ᠦᠭᠡᠢ 》 ᠭᠡᠰᠡᠨ ᠠᠮᠠᠯᠠᠯᠲᠠ᠎ᠪᠠᠨ ᠦᠢᠯᠡᠳᠦᠯᠭᠡᠵᠢᠭᠦᠯᠵᠦ ᠪᠠᠢᠨ᠎ᠠ᠃ ᠡᠢᠮᠦᠷᠬᠦᠦ ᠳᠦᠷᠢᠮ᠎ᠦᠨ ᠬᠣᠷᠢᠭ᠎ᠠ ᠱᠤᠭᠤᠮ᠎ᠢ ᠪᠠᠲᠤ ᠰᠠᠬᠢᠬᠤ ᠪᠠ ᠠᠷᠠᠳ᠎ᠤᠨ ᠠᠮᠢᠳᠤᠷᠠᠯ᠎ᠤᠨ ᠳᠤᠯᠠᠭᠠᠨ᠎ᠤ ᠬᠡᠮᠵᠢᠶ᠎ᠡ᠎ᠶᠢ ᠳᠠᠮᠵᠢᠭᠤᠯᠬᠤ᠎ᠶᠢᠨ ᠣᠷᠭᠠᠨᠢᠭ᠋ ᠨᠢᠭᠡᠳᠦᠯ ᠨᠢ ᠨᠡᠢᠭᠡᠮ᠎ᠦᠨ ᠪᠠᠲᠤᠯᠠᠭ᠎ᠠ᠎ᠶᠢᠨ ᠰᠠᠭᠤᠷᠢ ᠮᠥᠩᠭᠥ᠎ᠶᠢᠨ ᠪᠠᠲᠤᠯᠠᠭ᠎ᠠ᠎ᠶᠢᠨ ᠦᠢᠯᠡᠳᠦᠯ᠎ᠢ ᠳᠦᠷᠢᠮ᠎ᠦᠨ ᠠᠮᠠᠯᠠᠯᠲᠠ᠎ᠳᠤ ᠯᠠ ᠬᠢᠵᠠᠭᠠᠷᠯᠠᠭᠳᠠᠬᠤ ᠦᠭᠡᠢ ᠪᠣᠯᠭᠠᠵᠤ᠂ ᠨᠠᠩ ᠴᠤ᠌ ᠤᠳᠠᠭ᠎ᠠ ᠪᠦᠷᠢ᠎ᠶᠢᠨ ᠬᠦᠯᠢᠴᠡᠩᠭᠦᠢ᠎ᠪᠡᠷ ᠲᠠᠢᠯᠪᠤᠷᠢᠯᠠᠬᠤ᠂ ᠤᠳᠠᠭ᠎ᠠ ᠪᠦᠷᠢ᠎ᠶᠢᠨ ᠥᠨᠳᠥᠷ ᠪᠦᠲᠦᠮᠵᠢᠲᠡᠶ᠎ᠪᠡᠷ ᠬᠡᠷᠡᠭᠵᠢᠭᠦᠯᠬᠦ ᠶᠠᠪᠤᠴᠠ᠎ᠳᠤ ᠢᠯᠡᠷᠡᠭᠦᠯᠬᠦ ᠪᠣᠯᠣᠨ᠎ᠠ᠃
      ᠠᠷᠠᠳ᠎ᠤᠨ ᠠᠮᠢᠳᠤᠷᠠᠯ᠎ᠳᠤ ᠪᠠᠭ᠎ᠠ ᠶᠠᠪᠤᠳᠠᠯ ᠭᠡᠵᠦ ᠦᠭᠡᠢ᠂ ᠨᠡᠢᠭᠡᠮ᠎ᠦᠨ ᠪᠠᠲᠤᠯᠠᠭ᠎ᠠ ᠲᠦᠮᠡᠨ ᠡᠷᠦᠬᠡ᠎ᠲᠠᠢ ᠬᠣᠯᠪᠣᠭᠳᠠᠨ᠎ᠠ᠃ ᠬᠤᠪᠢ ᠬᠥᠮᠥᠨ᠎ᠦ ᠲᠠᠩᠰᠠ ᠲᠠᠢᠯᠬᠤ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠡᠴᠡ ᠠᠪᠤᠭᠠᠳ ᠪᠦᠬᠦᠨ᠎ᠢ ᠬᠠᠮᠤᠷᠤᠭᠰᠠᠨ᠂ ᠦᠷᠭᠦᠯᠵᠢᠯᠡᠬᠦ ᠨᠡᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡᠨ᠎ᠦ ᠰᠢᠰᠲᠧᠮ᠎ᠢ ᠪᠠᠶ᠋ᠢᠭᠤᠯᠬᠤ ᠬᠦᠷᠲᠡᠯ᠎ᠡ᠂ ᠬᠢᠶ᠎ᠠ ᠪᠠᠭ᠍ᠰᠢ ᠲᠣᠭᠣᠷᠢᠭ᠋᠎ᠤᠨ ᠨᠡᠢᠭᠡᠮ᠎ᠦᠨ ᠪᠠᠲᠤᠯᠠᠭ᠎ᠠ᠎ᠶᠢᠨ ᠲᠥᠪ ᠨᠢ ᠶᠠᠭ 《 ᠣᠶᠤᠨᠴᠢᠯᠠᠭᠰᠠᠨ ᠦᠢᠯᠡᠴᠢᠯᠡᠭᠡ 》᠎ᠪᠠᠷ ᠲᠦᠰᠢᠭ ᠲᠤᠯᠭᠠᠭᠤᠷᠢ ᠪᠣᠯᠭᠠᠵᠤ᠂ ᠨᠠᠷᠢᠯᠢᠭ᠍ᠵᠢᠭᠤᠯᠤᠭᠰᠠᠨ ᠠᠷᠭ᠎ᠠ ᠬᠡᠮᠵᠢᠶ᠎ᠡ᠎ᠪᠡᠷ ᠣᠯᠠᠨ ᠲᠦᠮᠡᠨ᠎ᠦ ᠪᠠᠴᠢᠮ ᠬᠦᠴᠢᠷᠳᠡᠯ ᠪᠠ ᠬᠦᠰᠡᠯ ᠡᠷᠡᠮᠡᠯᠵᠡᠯ᠎ᠳᠦ ᠬᠠᠷᠢᠭᠤ ᠥᠭᠴᠦ᠂ ᠨᠡᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡ᠎ᠶᠢ ᠦᠨᠡᠨ ᠬᠦ᠌ ᠲᠦᠭ ᠲᠦᠮᠡᠨ ᠠᠢᠯ ᠡᠷᠦᠬᠡ᠎ᠳᠦ ᠬᠦᠷᠭᠡᠵᠦ᠂ ᠲᠦᠭ ᠲᠦᠮᠡᠨ ᠬᠥᠮᠥᠰ᠎ᠦᠨ ᠰᠡᠳᠬᠢᠯ᠎ᠢ ᠳᠤᠯᠠᠭᠠᠴᠠᠭᠤᠯᠵᠤ᠂ ᠥᠷᠭᠡᠨ ᠣᠯᠠᠨ ᠬᠥᠳᠡᠯᠮᠦᠷᠢᠴᠢᠳ᠎ᠲᠦ ᠪᠠᠲᠤ ᠨᠠᠢᠳᠠᠪᠤᠷᠢᠲᠠᠢ ᠡᠷᠬᠡ ᠠᠰᠢᠭ᠋᠎ᠤᠨ ᠪᠠᠲᠤᠯᠠᠭ᠎ᠠ᠎ᠶᠢᠨ ᠲᠣᠣᠷ᠎ᠢ ᠴᠣᠭᠴᠠᠯᠠᠨ ᠥᠭᠴᠦ ᠪᠠᠢᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            