ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠬᠥᠯᠥᠨ ᠪᠣᠶ᠋ᠢᠷ᠄ ᠨᠤᠲᠤᠭ ᠪᠤᠴᠠᠵᠤ ᠦᠢᠯᠡᠰ ᠪᠣᠰᠬᠠᠨ ᠨᠤᠲᠤᠭ᠎ᠢᠶᠠᠨ ᠬᠥᠭᠵᠢᠭᠦᠯᠦᠨ᠎ᠡ
ᠨᠡᠶ᠋ᠢᠲᠡᠯᠡᠭᠰᠡᠨ ᠴᠠᠭ᠄ 2025-12-18

      ᠡᠪᠦᠯ᠎ᠦᠨ ᠡᠬᠢᠨ᠎ᠳᠦ᠂ ᠬᠥᠯᠥᠨ ᠪᠤᠢ᠍ᠢᠷ᠎ᠤᠨ ᠥᠷᠭᠡᠨ ᠠᠭᠤᠳᠠᠮ ᠨᠤᠲᠤᠭ ᠳᠡᠪᠢᠰᠬᠡᠷ᠎ᠲᠦ᠂ ᠨᠤᠲᠤᠭ᠎ᠲᠠᠭᠠᠨ ᠪᠤᠴᠠᠵᠤ ᠦᠢᠯᠡᠰ ᠪᠣᠰᠬᠠᠬᠤ ᠬᠠᠯᠠᠭᠤᠨ ᠥᠷᠨᠢᠯᠲᠡ ᠥᠷᠨᠢᠵᠦ ᠪᠠᠢᠯ᠎ᠠ᠃ ᠬᠦᠰᠡᠯ ᠵᠡᠭᠦᠳᠦ᠎ᠪᠡᠨ ᠡᠪᠦᠷᠯᠡᠭᠰᠡᠨ ᠨᠤᠲᠤᠭ᠎ᠠᠴᠠ᠎ᠪᠠᠨ ᠬᠣᠯᠠᠳᠠᠭᠰᠠᠨ ᠬᠥᠮᠥᠰ ᠤᠷ᠎ᠠ ᠮᠡᠷᠭᠡᠵᠢᠯ᠂ ᠲᠤᠷᠰᠢᠯᠭ᠎ᠠ ᠪᠠ ᠬᠠᠯᠠᠭᠤᠨ ᠰᠡᠳᠬᠢᠯᠭᠡ᠎ᠪᠠᠨ ᠡᠪᠦᠷᠯᠡᠨ ᠨᠤᠲᠤᠭ᠎ᠲᠠᠭᠠᠨ ᠪᠤᠴᠠᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ ᠳᠣᠣᠷ᠎ᠠ᠂ ᠬᠤᠪᠢ ᠬᠥᠮᠥᠨ᠎ᠦ ᠦᠢᠯᠡᠰ ᠪᠣᠰᠬᠠᠬᠤ ᠬᠦᠰᠡᠯ᠎ᠢᠶᠡᠨ ᠪᠡᠶᠡᠯᠡᠭᠦᠯᠦᠭᠰᠡᠨ᠎ᠢᠶᠡᠷ ᠪᠠᠷᠠᠬᠤ ᠦᠭᠡᠢ ᠨᠠᠩ ᠴᠤ᠌ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠭᠰᠡᠨ ᠪᠠᠢᠨ᠎ᠠ᠃
      ᠭᠡᠭᠡᠨ ᠭᠣᠣᠯ ᠬᠤᠳᠠ᠎ᠶᠢᠨ ᠦᠢᠯᠡᠰ ᠪᠣᠰᠬᠠᠬᠤ ᠬᠦᠷᠢᠶᠡᠯᠡᠩ ᠲᠣᠭᠣᠷᠢᠭ᠋᠎ᠲᠤ᠂ 35 ᠨᠠᠰᠤᠲᠠᠢ ᠴᠡᠷᠢᠭ᠎ᠡᠴᠡ ᠬᠠᠯᠠᠭᠳᠠᠭᠰᠠᠳ ᠵᠤᠤ ᡁᠢ ᠢᠦᠢ ᠰᠢᠭᠤᠳ ᠨᠡᠪᠲᠡᠷᠡᠭᠦᠯᠭᠡ᠎ᠶᠢᠨ ᠥᠷᠥᠭᠡᠨ᠎ᠳᠡᠭᠡᠨ ᠰᠦᠯᠵᠢᠶᠡᠨ ᠠᠨᠳᠠ ᠨᠠᠷ᠎ᠲᠤ ᠨᠤᠲᠤᠭ᠎ᠤᠨ᠎ᠢᠶᠠᠨ ᠣᠨᠴᠠ ᠭᠠᠷᠤᠯᠲᠠ᠎ᠶᠢ ᠲᠠᠨᠢᠯᠴᠠᠭᠤᠯᠵᠤ ᠪᠠᠢᠯ᠎ᠠ᠃ 《 ᠭᠡᠷ᠎ᠦᠨ ᠬᠥᠮᠥᠰ ᠠ᠋᠂ ᠡᠨᠡ ᠪᠣᠯ ᠮᠠᠨ᠎ᠤ ᠬᠡᠭᠡᠷ᠎ᠡ᠎ᠶᠢᠨ ᠭᠦᠵᠡᠯᠵᠡᠭᠡᠨ᠎ᠡ᠎ᠶᠢᠨ ᠬᠠᠲᠠᠭᠠᠮᠠᠯ᠂ ᠴᠡᠪᠡᠷ ᠪᠠᠢᠭᠠᠯᠢᠯᠢᠭ᠋᠂ ᠨᠡᠮᠡᠯᠲᠡ ᠡᠳ᠋ ᠪᠠᠢᠬᠤ ᠦᠭᠡᠢ᠁ 》  ᠃ ᠰᠡᠭᠦᠳᠡᠷᠯᠡᠬᠦ ᠮᠠᠰᠢᠨ᠎ᠤ ᠡᠮᠦᠨ᠎ᠡ᠂ ᠲᠡᠷᠡ ᠪᠦᠲᠦᠭᠡᠭᠳᠡᠬᠦᠨ᠎ᠢᠶᠡᠨ ᠳᠠᠳᠮᠠᠭᠠᠢ᠎ᠪᠠᠷ ᠳᠡᠯᠭᠡᠨ ᠦᠵᠡᠭᠦᠯᠵᠦ᠂ ᠭᠣᠣᠯ ᠨᠡᠪᠲᠡᠷᠡᠭᠦᠯᠦᠭᠴᠢ᠎ᠲᠠᠢ ᠡᠪᠲᠡᠢ ᠬᠠᠮᠵᠢᠯᠴᠠᠨ᠎ᠠ᠃
      2020 ᠣᠨ᠎ᠳᠤ ᠠᠵᠢᠯ᠎ᠠᠴᠠ᠎ᠪᠠᠨ ᠬᠠᠯᠠᠭᠳᠠᠭᠰᠠᠨ᠎ᠤ ᠳᠠᠷᠠᠭ᠎ᠠ᠂ ᠵᠣᠣ ᡁᠢ ᠢᠦᠢ ᠡᠷᠡᠰ ᠰᠢᠭᠤᠷᠬᠠᠢ᠎ᠪᠠᠷ ᠨᠤᠲᠤᠭ᠎ᠲᠠᠭᠠᠨ ᠪᠤᠴᠠᠵᠤ ᠦᠢᠯᠡᠰ ᠪᠣᠰᠬᠠᠬᠤ᠎ᠶᠢ ᠰᠣᠩᠭᠣᠵᠤ᠂ 《 ᠰᠧᠨ ᠶᠠᠩ ᠣᠶ ᠰᠢᠭᠤᠢ᠎ᠶᠢᠨ ᠪᠦᠲᠦᠭᠡᠭᠳᠡᠬᠦᠨ᠎ᠦ ᠪᠣᠷᠤᠯᠠᠭᠤᠯᠭ᠎ᠠ᠎ᠶᠢᠨ ᠳᠡᠯᠭᠡᠭᠦᠷ 》᠎ᠢ ᠡᠭᠦᠳᠦᠨ ᠪᠠᠢᠭᠤᠯᠪᠠ᠃ ᠬᠤᠪᠢ᠎ᠶᠢᠨ ᠵᠠᠭᠤᠴᠢᠯᠠᠭᠤᠷ᠎ᠤᠨ ᠲᠠᠪᠴᠠᠩ᠎ᠢ ᠠᠰᠢᠭ᠍ᠯᠠᠨ᠂ ᠬᠡᠭᠡᠨ ᠭᠣᠣᠯ᠎ᠤᠨ ᠬᠥᠬᠡ ᠵᠢᠮᠢᠰᠭᠡᠨ᠎ᠡ᠎ᠶᠢᠨ ᠬᠠᠲᠠᠭᠠᠮᠠᠯ᠂ ᠬᠠᠲᠠᠭᠠᠭᠰᠠᠨ ᠦᠬᠡᠷ᠎ᠦᠨ ᠮᠢᠬ᠎ᠠ ᠵᠡᠷᠭᠡ ᠦᠢᠯᠡᠳᠬᠦᠨ᠎ᠢ ᠪᠥᠬᠥ ᠤᠯᠤᠰ᠎ᠤᠨ ᠵᠠᠬ᠎ᠠ ᠳᠡᠯᠭᠡᠭᠦᠷ᠎ᠲᠦ ᠭᠠᠷᠭᠠᠨ᠎ᠠ᠃ ᠰᠢᠭᠤᠳ ᠨᠡᠪᠲᠡᠷᠡᠭᠦᠯᠭᠡ᠎ᠪᠡᠷ ᠳᠠᠮᠵᠢᠭᠤᠯᠤᠨ᠂ ᠲᠡᠭᠦᠨ᠎ᠦ ᠳᠡᠯᠭᠡᠭᠦᠷ᠎ᠦᠨ ᠰᠠᠷ᠎ᠠ᠎ᠶᠢᠨ ᠪᠣᠷᠤᠯᠠᠭᠤᠯᠭ᠎ᠠ᠎ᠶᠢᠨ ᠬᠡᠮᠵᠢᠶ᠎ᠡ ᠨᠢ ᠨᠢᠭᠡᠨᠲᠡ 10 ᠲᠦᠮᠡᠨ ᠲᠥᠭᠥᠷᠢᠭ᠎ᠢ ᠳᠠᠪᠠᠭᠰᠠᠨ ᠪᠥᠭᠡᠳ ᠡᠷᠬᠢᠨ ᠲᠣᠭᠣᠷᠢᠨ᠎ᠤ 20 ᠭᠠᠷᠤᠢ ᠲᠠᠷᠢᠶᠠᠴᠢᠨ ᠡᠷᠦᠬᠡ᠎ᠶᠢ ᠳᠠᠶ᠋ᠢᠴᠢᠯᠠᠨ ᠣᠷᠣᠯᠭ᠎ᠠ᠎ᠶᠢ ᠨᠢ ᠨᠡᠮᠡᠭᠳᠡᠭᠦᠯᠪᠡ᠃
      ᠠᠷᠤᠨ ᠬᠣᠰᠢᠭᠤᠨ᠎ᠤ ᠴᠠᠪᠠᠴᠢ᠎ᠶᠢᠨ ᠡᠸᠡᠩᠬᠢ ᠦᠨᠳᠦᠰᠦᠲᠡᠨ᠎ᠦ ᠰᠢᠶᠠᠩ᠎ᠳᠤ ᠬᠦᠷᠬᠦ᠎ᠳᠦ᠂ 《 ᠶᠡᠷᠡ ᠬᠣᠵᠢᠳ 》 ᠯᠢ ᠬᠤᠸᠠ ᠴᠧᠩ ᠡᠷ᠎ᠡ ᠡᠮ᠎ᠡ ᠬᠣᠶᠠᠭᠤᠯᠠ᠎ᠶᠢᠨ ᠠᠷᠢᠬᠢᠨ ᠦᠢᠯᠡᠳᠪᠦᠷᠢ᠎ᠡᠴᠡ ᠠᠩᠬᠢᠯᠤᠮ᠎ᠠ ᠠᠷᠢᠬᠢᠨ᠎ᠤ ᠦᠨᠦᠷ ᠬᠠᠩᠬᠤᠯᠵᠤ ᠪᠠᠢᠯ᠎ᠠ᠃ 4000 ᠲᠡᠭᠰᠢ ᠳᠥᠷᠪᠡᠯᠵᠢᠨ ᠮᠧᠲᠷ᠎ᠤᠨ ᠦᠢᠯᠡᠳᠪᠦᠷᠢ᠎ᠶᠢᠨ ᠲᠣᠭᠣᠷᠢᠭ᠋᠎ᠲᠤ᠂ ᠠᠵᠢᠯᠴᠢᠳ ᠰᠢᠰᠢ᠂ ᠡᠷᠳᠡᠨᠢ ᠰᠢᠰᠢ᠂ ᠲᠤᠲᠤᠷᠭ᠎ᠠ ᠵᠡᠷᠭᠡ 7 ᠵᠦᠢᠯ᠎ᠦᠨ ᠲᠤᠰ ᠭᠠᠵᠠᠷ᠎ᠤᠨ ᠠᠮᠤ ᠪᠤᠳᠠᠭ᠎ᠠ᠎ᠪᠠᠷ ᠢᠰᠬᠡᠯᠲᠡ ᠬᠢᠨ᠎ᠡ᠃
      《 ᠭᠠᠳᠠᠨ᠎ᠠ ᠬᠥᠯᠥᠰᠦᠨ ᠠᠵᠢᠯ ᠬᠢᠭᠡᠳ ᠠᠷᠢᠬᠢ ᠨᠡᠷᠡᠬᠦ ᠮᠡᠷᠭᠡᠵᠢᠯ ᠰᠤᠷᠴᠠᠢ᠂ ᠨᠤᠲᠤᠭ᠎ᠤᠨ ᠲᠥᠷᠥ᠎ᠶᠢᠨ ᠪᠣᠳᠣᠯᠭ᠎ᠠ ᠰᠠᠢᠨ ᠪᠣᠯᠬᠣᠷ ᠨᠤᠲᠤᠭ᠎ᠲᠠᠭᠠᠨ ᠬᠠᠷᠢᠵᠤ ᠦᠢᠯᠡᠰ ᠪᠣᠰᠬᠠᠬᠤ᠎ᠪᠠᠷ ᠰᠢᠢᠳᠦᠭᠰᠡᠨ ᠶᠤᠮ᠃ 》 ᠭᠡᠵᠦ ᠯᠢ ᠬᠤᠸᠠ ᠴᠧᠩ ᠮᠠᠩᠨᠠᠢ᠎ᠶᠢᠨ ᠬᠥᠯᠥᠰᠦ᠎ᠪᠡᠨ ᠠᠷᠴᠢᠬᠤ᠎ᠶᠢᠨ ᠳᠠᠭᠠᠤ ᠬᠡᠯᠡᠨ᠎ᠡ᠃ ᠲᠡᠭᠦᠨ᠎ᠦ ᠠᠷᠢᠬᠢᠨ᠎ᠤ ᠦᠢᠯᠡᠳᠪᠦᠷᠢ ᠨᠢ ᠤᠯᠠᠮᠵᠢᠯᠠᠯᠲᠤ ᠭᠠᠷ ᠤᠷᠠᠯᠠᠯ᠎ᠢᠶᠠᠷ ᠪᠤᠳᠠᠭᠠᠨ ᠠᠷᠢᠬᠢ ᠨᠡᠷᠡᠵᠦ ᠂ ᠲᠤᠬᠠᠢ᠎ᠶᠢᠨ ᠭᠠᠵᠠᠷ᠎ᠤᠨ 15 ᠲᠣᠰᠬᠣᠨ᠎ᠤ ᠠᠷᠠᠳ᠎ᠲᠤ ᠠᠵᠢᠯ ᠣᠯᠭᠣᠭᠰᠠᠨ ᠪᠠᠢᠨ᠎ᠠ᠃
      ᠨᠤᠲᠤᠭ᠎ᠲᠠᠭᠠᠨ ᠪᠤᠴᠠᠵᠤ ᠦᠢᠯᠡᠰ ᠪᠣᠰᠬᠠᠬᠤ ᠬᠠᠯᠠᠭᠤᠨ ᠥᠷᠨᠢᠯᠲᠡ᠎ᠶᠢᠨ ᠠᠷᠤ᠎ᠳᠤ ᠬᠥᠯᠥᠨ ᠪᠣᠶ᠋ᠢᠷ ᠬᠣᠲᠠ᠎ᠶᠢᠨ ᠠᠯᠢ ᠣᠯᠠᠨ ᠲᠡᠳᠬᠦᠨ ᠳᠡᠮᠵᠢᠬᠦ ᠲᠥᠷᠥ᠎ᠶᠢᠨ ᠪᠣᠳᠣᠯᠭ᠎ᠠ᠎ᠶᠢᠨ ᠬᠦᠴᠦᠲᠡᠢ ᠲᠤᠯᠭᠠᠭᠤᠷᠢᠯᠠᠯ ᠪᠣᠶ᠃
      《 ᠪᠢᠳᠡ ᠴᠡᠷᠢᠭ᠎ᠡᠴᠡ ᠬᠠᠯᠠᠭᠳᠠᠭᠰᠠᠳ ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠠᠯᠳᠠᠭᠰᠠᠨ᠎ᠢᠶᠠᠷ ᠳᠠᠩᠰᠠᠯᠠᠭᠤᠯᠤᠭᠰᠠᠨ ᠬᠥᠮᠥᠰ ᠵᠡᠷᠭᠡ ᠠᠳᠠᠯᠢ ᠪᠤᠰᠤ ᠬᠥᠮᠥᠰ᠎ᠲᠤ ᠬᠠᠨᠳᠤᠭᠤᠯᠤᠨ ᠦᠢᠯᠡᠰ ᠪᠣᠰᠬᠠᠬᠤ ᠲᠠᠯᠠᠪᠤᠷ ᠭᠠᠵᠠᠷ᠂ ᠮᠥᠩᠭᠥᠨ ᠭᠦᠢᠯᠭᠡᠭᠡᠨ᠎ᠦ ᠳᠡᠮᠵᠢᠯᠭᠡ ᠂ ᠦᠢᠯᠡᠰ ᠪᠣᠰᠬᠠᠬᠤ ᠨᠢᠭᠡ ᠯᠡ ᠤᠳᠠᠭ᠎ᠠ᠎ᠶᠢᠨ ᠴᠢᠨᠠᠷᠲᠠᠢ ᠨᠥᠬᠥᠪᠦᠷᠢ ᠥᠭᠬᠦ ᠵᠡᠷᠭᠡ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ ᠬᠠᠩᠭᠠᠨ᠎ᠠ 》 ᠃ ᠭᠡᠭᠡᠨ ᠭᠣᠣᠯ ᠬᠤᠳᠠ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ᠎ᠦᠨ ᠳᠡᠳ᠋ ᠡᠷᠬᠢᠯᠡᠭᠴᠢ ᠯᠢᠦᠢ ᠶᠢᠩ ᠶᠢᠩ᠂ ᠵᠢᠯ ᠪᠦᠷᠢ ᠪᠠᠰᠠ ᠡᠯ᠎ᠡ ᠲᠦᠷᠦᠯ᠎ᠦᠨ ᠠᠵᠢᠯ ᠮᠡᠷᠭᠡᠵᠢᠯ᠎ᠦᠨ ᠪᠣᠯᠪᠠᠰᠤᠷᠠᠯ ᠥᠷᠨᠢᠭᠦᠯᠵᠦ᠂ ᠦᠢᠯᠡᠰ ᠪᠣᠰᠬᠠᠭ᠍ᠴᠢᠳ᠎ᠤᠨ ᠨᠤᠲᠤᠭ᠎ᠲᠠᠭᠠᠨ ᠪᠤᠴᠠᠵᠤ ᠬᠦᠰᠡᠯ ᠵᠡᠭᠦᠳᠦ᠎ᠪᠡᠨ ᠲᠡᠷᠭᠡᠯᠰᠢᠭᠦᠯᠬᠦ᠎ᠳᠦ ᠬᠦᠴᠦ ᠨᠡᠮᠡᠷᠢᠯᠡᠨ᠎ᠡ ᠭᠡᠵᠦ ᠲᠠᠨᠢᠯᠴᠠᠭᠤᠯᠪᠠ᠃
      ᠪᠦᠷᠢᠳᠬᠡᠯ᠎ᠢ ᠦᠨᠳᠦᠰᠦᠯᠡᠪᠡᠯ᠂ 2024 ᠣᠨ᠎ᠠᠴᠠ ᠨᠠᠭᠠᠰᠢ᠂ ᠬᠥᠯᠥᠨ ᠪᠤᠢ᠍ᠢᠷ ᠬᠤᠳᠠ ᠨᠡᠢ᠍ᠢᠳᠡ 3.2 ᠳ᠋ᠦᠩᠰᠢᠭᠤᠷ ᠲᠥᠭᠥᠷᠢᠭ᠎ᠦᠨ ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ ᠲᠠᠯᠪᠢᠵᠤ᠂ 1800 ᠭᠠᠷᠤᠢ ᠬᠥᠮᠥᠨ᠎ᠢ ᠲᠡᠳᠬᠦᠵᠦ᠂ 8500 ᠭᠠᠷᠤᠢ ᠬᠥᠮᠥᠨ᠎ᠦ ᠠᠵᠢᠯ ᠣᠯᠭᠣᠯᠲᠠ᠎ᠶᠢ ᠲᠠᠢ᠍ᠢᠴᠢᠯᠠᠵᠠᠢ᠃ ᠪᠥᠬᠥ ᠬᠣᠲᠠ᠎ᠳᠤ ᠨᠤᠲᠤᠭ᠎ᠲᠠᠭᠠᠨ ᠪᠤᠴᠠᠵᠤ ᠦᠢᠯᠡᠰ ᠪᠣᠰᠬᠠᠬᠤ ᠬᠦᠷᠢᠶᠡᠯᠡᠩ ᠲᠣᠭᠣᠷᠢᠭ᠋᠎ᠢ 12 ᠪᠠᠢᠭᠤᠯᠵᠤ᠂ 230 ᠭᠠᠷᠤᠢ ᠠᠵᠤ ᠠᠬᠤᠢᠯᠠᠯ ᠣᠷᠣᠵᠤ ᠰᠠᠭᠤᠪᠠ᠃
      ᠨᠤᠲᠤᠭ᠎ᠲᠠᠭᠠᠨ ᠪᠤᠴᠠᠵᠤ ᠦᠢᠯᠡᠰ ᠪᠣᠰᠬᠠᠭ᠍ᠴᠢᠳ ᠪᠡᠯᠡ ᠮᠥᠩᠭᠥ ᠪᠠ ᠮᠡᠷᠭᠡᠵᠢᠯ᠎ᠢ ᠠᠪᠴᠢᠷᠠᠬᠤ᠎ᠪᠠᠷ ᠪᠠᠷᠠᠬᠤ ᠦᠭᠡᠢ᠂ ᠪᠠᠰᠠ ᠰᠢᠨ᠎ᠡ ᠣᠢᠯᠠᠭᠠᠭᠳᠠᠬᠤᠨ ᠪᠠ ᠵᠠᠬ᠎ᠠ ᠳᠡᠯᠭᠡᠭᠦᠷ᠎ᠦᠨ ᠬᠠᠷᠠᠭᠠᠰᠤ᠎ᠶᠢ ᠠᠪᠴᠢᠷᠠᠵᠠᠢ᠃ ᠡᠭᠦᠨ᠎ᠦ ᠬᠠᠮᠲᠤ ᠣᠷᠣᠨ ᠨᠤᠲᠤᠭ᠎ᠤᠨ ᠡᠬᠢ ᠪᠠᠶᠠᠯᠢᠭ᠋ ᠪᠣᠯᠣᠨ ᠭᠠᠳᠠᠭᠠᠳᠤ ᠵᠠᠬ᠎ᠠ ᠳᠡᠯᠭᠡᠭᠦᠷ᠎ᠢ ᠬᠣᠯᠪᠣᠬᠤ ᠵᠠᠮ᠎ᠢ ᠨᠠᠪᠲᠠᠷᠡᠭᠦᠯᠵᠦ᠂ ᠣᠨᠴᠠᠯᠢᠭ᠍ᠲᠤ ᠠᠵᠤ ᠦᠢᠯᠡᠰ᠎ᠢ ᠰᠢᠨ᠎ᠡ ᠠᠮᠢᠯᠠᠯ᠎ᠲᠠᠢ ᠪᠣᠯᠭᠠᠪᠠ᠃
      ᠣᠳᠣᠬᠠᠨ᠎ᠳᠤ᠂ ᠬᠥᠯᠥᠨ ᠪᠤᠢ᠍ᠢᠷ᠎ᠲᠤ᠂ 《 ᠨᠤᠲᠤᠭ ᠪᠤᠴᠠᠵᠤ ᠨᠤᠲᠤᠭ᠎ᠢᠶᠠᠨ ᠬᠥᠭᠵᠢᠭᠦᠯᠦᠭᠰᠡᠨ 》 ᠦᠯᠢᠭᠡᠷ ᠲᠠᠰᠤᠷᠠᠯᠳᠡ ᠦᠭᠡᠢ ᠭᠠᠷᠴᠤ᠂ ᠴᠢᠳᠠᠪᠤᠷᠢᠲᠠᠨ᠂ ᠲᠦᠷᠦ᠎ᠶᠢᠨ ᠪᠣᠳᠣᠯᠭ᠎ᠠ ᠪᠣᠯᠣᠨ ᠡᠬᠢ ᠪᠠᠶᠠᠯᠢᠭ᠋᠎ᠤᠨ ᠭᠦᠨᠵᠡᠭᠡᠢ ᠠᠭᠤᠰᠤᠯᠴᠠᠯ ᠨᠢ 《 ᠨᠤᠲᠤᠭ ᠤᠰᠤ ᠨᠢ ᠦᠢᠯᠡᠰ ᠪᠣᠰᠬᠠᠭ᠍ᠴᠢᠳ᠎ᠢ ᠠᠮᠵᠢᠯᠲᠠ᠎ᠳᠤ ᠬᠦᠷᠭᠡᠵᠦ᠂ ᠦᠢᠯᠡᠰ ᠪᠣᠰᠬᠠᠭ᠍ᠴᠢᠳ ᠨᠤᠲᠤᠭ ᠤᠰᠤ᠎ᠪᠠᠨ ᠬᠥᠭᠵᠢᠭᠦᠯᠬᠦ 》 ᠬᠣᠣᠰ ᠴᠢᠭᠯᠡᠯ᠎ᠢᠶᠡᠷ ᠤᠷᠤᠭᠰᠢᠯᠠᠬᠤ ᠰᠢᠨ᠎ᠡ ᠬᠠᠭᠤᠳᠠᠰᠤ᠎ᠶᠢ ᠪᠢᠴᠢᠭᠯᠡᠵᠦ ᠪᠤᠢ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            