ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠰᠢᠭᠤᠳ ᠨᠡᠪᠲᠡᠷᠡᠭᠦᠯᠭᠡ ᠵᠡᠷᠭᠡ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠲᠠᠢ ᠠᠵᠢᠯᠴᠢᠨ ᠬᠡᠷᠡᠭᠯᠡᠬᠦ ᠣᠨᠴᠠᠯᠢᠭ᠋᠎ᠲᠤ ᠴᠢᠭᠯᠡᠭᠦᠯᠦᠨ ᠥᠪᠥᠷ ᠮᠣᠩᠭᠣᠯ᠎ᠤᠨ ᠬᠥᠬᠡᠬᠣᠲᠠ᠎ᠶᠢᠨ ᠰᠠᠢᠬᠠᠨ ᠲᠣᠭᠣᠷᠢᠭ᠋ ᠰᠢᠨ᠎ᠡ ᠲᠣᠭᠲᠠᠴᠠ᠎ᠶᠢᠨ ᠲᠤᠰᠬᠠᠢ ᠰᠢᠢᠳᠪᠦᠷᠢᠯᠡᠬᠦ ᠵᠠᠮ ᠭᠠᠷᠭᠠᠵᠤ ᠬᠥᠳᠡᠯᠮᠦᠷᠢᠴᠢᠳ᠎ᠤᠨ ᠴᠠᠯᠢᠩ᠎ᠢᠶᠠᠨ ᠤᠷᠤᠭᠰᠢᠲᠠᠢ ᠣᠯᠬᠤ᠎ᠳᠤ ᠲᠤᠰᠠᠯᠠᠨ᠎ᠠ
ᠨᠡᠶ᠋ᠢᠲᠡᠯᠡᠭᠰᠡᠨ ᠴᠠᠭ᠄ 2026-01-03

      《 ᠲᠦᠷᠭᠡᠨ ᠴᠠᠯᠢᠩ᠎ᠢᠶᠠᠨ ᠣᠯᠴᠢᠬᠠᠯ᠎ᠠ ᠂ ᠦᠨᠡᠬᠡᠷ ᠲᠠᠯᠠᠷᠬᠠᠵᠤ ᠪᠠᠢ᠍ᠨ᠎ᠠ ! 》 2025 ᠣᠨ᠎ᠤ 9 ᠳ᠋ᠦ᠍ᠭᠡᠷ ᠰᠠᠷ᠎ᠠ᠎ᠳᠤ᠂ ᠭᠦᠸᠧ ᠣᠪᠣᠭᠲᠤ᠂ ᠵᠣᠣ ᠣᠪᠣᠭᠲᠤ ᠵᠡᠷᠭᠡ ᠡᠯᠧᠺᠲᠷᠣᠨ ᠬᠤᠳᠠᠯᠳᠤᠭᠠᠨ᠎ᠤ ᠰᠢᠭᠤᠳ ᠨᠡᠪᠲᠡᠷᠡᠭᠦᠯᠭᠡ᠎ᠶᠢᠨ ᠠᠵᠢᠯ ᠬᠢᠵᠦ ᠥᠩᠭᠡᠷᠡᠭᠰᠡᠨ 5 ᠬᠥᠳᠡᠯᠮᠦᠷᠢᠴᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠳᠤ ᠬᠡᠮᠡᠷᠯᠢᠭ ᠲᠣᠭ ᠬᠦᠷᠭᠡᠪᠡ᠃ ᠡᠭᠦᠨ᠎ᠡᠴᠡ ᠡᠮᠦᠨ᠎ᠡ᠂ ᠰᠠᠢᠬᠠᠨ ᠲᠣᠭᠣᠷᠢᠭ᠋᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠬᠥᠳᠡᠯᠮᠦᠷᠢᠴᠢᠳ᠎ᠦᠨ ᠡᠷᠬᠡ ᠠᠰᠢᠭ᠋᠎ᠢ ᠬᠠᠮᠠᠭᠠᠯᠠᠬᠤ ᠦᠢᠯᠡᠴᠢᠯᠡᠭᠡᠨ᠎ᠦ ᠲᠥᠪ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠬᠥᠳᠡᠯᠮᠦᠷᠢ᠎ᠶᠢᠨ ᠵᠢᠭᠤᠷᠠᠯᠳᠤᠭᠠᠨ᠎ᠢ ᠲᠤᠰᠬᠠᠢ ᠰᠢᠢᠳᠪᠦᠷᠢᠯᠡᠬᠦ ᠲᠣᠭᠲᠠᠴᠠ᠎ᠪᠠᠷ ᠳᠠᠮᠵᠢᠭᠤᠯᠤᠨ᠂ ᠲᠡᠳᠡᠨ᠎ᠦ ᠺᠣᠮᠫᠠᠨᠢ ᠯᠤᠭ᠎ᠠ᠎ᠶᠢᠨ ᠴᠠᠯᠢᠩ᠎ᠤᠨ ᠵᠢᠭᠤᠷᠠᠯᠳᠤᠭᠠᠨ᠎ᠢ ᠥᠨᠳᠥᠷ ᠪᠦᠳᠦᠮᠵᠢᠳᠡᠢ ᠰᠢᠢᠳᠪᠦᠷᠢᠯᠡᠵᠦ ᠥᠭᠪᠡ᠃
      ᠰᠢᠭᠤᠳ ᠨᠡᠪᠲᠡᠷᠡᠭᠦᠯᠭᠡ ᠵᠡᠷᠭᠡ ᠠᠵᠢᠯ ᠲᠥᠷᠥᠯ᠎ᠦᠨ ᠥᠷᠨᠢᠯᠲᠡ᠎ᠶᠢ ᠳᠠᠭᠠᠯᠳᠤᠨ᠂ ᠠᠵᠢᠯ ᠣᠯᠭᠣᠯᠲᠠ᠎ᠶᠢᠨ ᠰᠢᠨ᠎ᠡ ᠬᠡᠯᠪᠡᠷᠢ ᠨᠢ ᠶᠠᠭ ᠠᠵᠢᠯ ᠣᠯᠭᠣᠯᠲᠠ᠎ᠶᠢᠨ ᠰᠢᠨ᠎ᠡ ᠨᠡᠮᠡᠭᠳᠡᠯ᠎ᠦᠨ ᠴᠢᠬᠤᠯᠠ ᠠᠷᠭ᠎ᠠ ᠵᠠᠮ ᠪᠣᠯᠵᠤ᠂ ᠡᠭᠦᠨ᠎ᠦ ᠳᠠᠭᠠᠤ᠎ᠳᠤ ᠡᠳᠦᠷ ᠢᠷᠡᠬᠦᠶ᠎ᠡ ᠲᠣᠪᠣᠢᠮ᠎ᠠ ᠪᠣᠯᠵᠤ ᠪᠠᠢᠭ᠎ᠠ ᠬᠥᠳᠡᠯᠮᠦᠷᠢ᠎ᠶᠢᠨ ᠡᠷᠬᠡ ᠠᠰᠢᠭ᠋᠎ᠤᠨ ᠪᠠᠲᠤᠯᠠᠭ᠎ᠠ᠎ᠶᠢᠨ ᠠᠰᠠᠭᠤᠳᠠᠯ ᠢᠯᠡᠷᠡᠭᠰᠡᠨ ᠪᠠᠢᠨ᠎ᠠ᠃ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠳᠡᠯᠮᠦᠷᠢᠴᠢᠨ᠎ᠦ ᠬᠠᠤᠯᠢ ᠶᠣᠰᠣᠨ᠎ᠤ ᠡᠷᠬᠡ ᠠᠰᠢᠭ᠋᠎ᠢ ᠬᠡᠷᠬᠢᠨ ᠬᠠᠮᠠᠭᠠᠯᠠᠬᠤ ᠪᠤᠢ ?
      ᠵᠠᠩᠭᠢᠯᠠᠭ᠎ᠠ᠎ᠶᠢᠨ ᠭᠡᠷᠡᠴᠢ ᠪᠠᠷᠢᠮᠲᠠ᠎ᠶᠢ ᠦᠯᠡᠳᠡᠭᠡᠨ ᠬᠠᠳᠠᠭᠠᠯᠠᠬᠤ᠎ᠶᠢ ᠴᠢᠬᠤᠯᠠᠴᠢᠯᠠᠨ᠎ᠠ
      ᠭᠦᠸᠧ ᠣᠪᠣᠭᠲᠤ ᠵᠡᠷᠭᠡ 5 ᠬᠥᠮᠥᠨ ᠰᠠᠢᠬᠠᠨ ᠲᠣᠭᠣᠷᠢᠭ᠋᠎ᠤᠨ ᠨᠢᠭᠡᠨ ᠵᠠᠭᠤᠴᠢᠯᠠᠭᠤᠷ᠎ᠤᠨ ᠺᠣᠮᠫᠠᠨᠢ᠎ᠳᠤ ᠠᠵᠢᠯᠯᠠᠵᠤ᠂ ᠡᠯᠧᠺᠲᠷᠣᠨ ᠬᠤᠳᠠᠯᠳᠤᠭᠠᠨ᠎ᠤ ᠰᠢᠭᠤᠳ ᠨᠡᠪᠲᠡᠷᠡᠭᠦᠯᠭᠡ᠎ᠶᠢᠨ ᠠᠵᠢᠯ ᠬᠢᠵᠦ ᠥᠩᠭᠡᠷᠡᠵᠡᠢ᠃ 2025 ᠣᠨ᠎ᠤ 8 ᠳ᠋ᠤᠭᠠᠷ ᠰᠠᠷ᠎ᠠ᠎ᠳᠤ᠂ ᠲᠡᠳᠡ ᠺᠣᠮᠫᠠᠨᠢ᠎ᠲᠠᠢ ᠪᠢᠴᠢᠭ᠎ᠢᠶᠡᠷ ᠬᠥᠳᠡᠯᠮᠦᠷᠢ᠎ᠶᠢᠨ ᠭᠡᠷ᠎ᠡ ᠲᠣᠭᠲᠠᠭᠠᠭᠰᠠᠨ ᠪᠣᠯᠪᠠᠴᠤ ᠨᠢᠭᠡᠬᠡᠨ ᠰᠠᠷ᠎ᠠ ᠥᠩᠭᠡᠷᠡᠭᠰᠡᠨ᠎ᠦ ᠲᠠᠷᠠᠭ᠎ᠠ᠂ ᠺᠣᠮᠫᠠᠨᠢ᠎ᠠᠴᠠ 《 ᠦᠷ᠎ᠡ ᠠᠰᠢᠭ᠋ ᠮᠠᠭᠤ 》 ᠭᠡᠳᠡᠭ᠎ᠢᠶᠡᠷ ᠰᠢᠯᠲᠠᠭ ᠪᠣᠯᠭᠠᠵᠤ ᠲᠡᠳᠡᠨ᠎ᠢ ᠠᠯᠪᠠᠳᠠᠯᠭ᠎ᠠ᠎ᠪᠠᠷ ᠠᠵᠢᠯ᠎ᠠᠴᠠ ᠨᠢ ᠵᠣᠭᠰᠣᠭᠠᠭᠰᠠᠨ ᠪᠥᠭᠡᠳ ᠠᠵᠢᠯ᠎ᠠᠴᠠ ᠨᠢ ᠪᠠᠭᠤᠯᠭᠠᠭᠰᠠᠨ᠎ᠤ ᠲᠠᠷᠠᠭ᠎ᠠ ᠴᠠᠯᠢᠩ᠎ᠢ ᠨᠢ ᠪᠦᠷᠢᠨ ᠣᠯᠭᠣᠭᠰᠠᠨ ᠦᠭᠡᠢ᠃ ᠲᠡᠳᠡ ᠤᠯᠠᠨ ᠤᠳᠠᠭ᠎ᠠ ᠺᠣᠮᠫᠠᠨᠢ᠎ᠲᠠᠢ ᠵᠥᠪᠳᠡᠯᠴᠡᠵᠦ᠂ ᠰᠠᠨᠠᠯ᠎ᠢᠶᠠᠨ ᠰᠣᠯᠢᠯᠴᠠᠭᠰᠠᠨ ᠪᠣᠯᠪᠠᠴᠤ ᠺᠣᠮᠫᠠᠨᠢ᠎ᠶᠢᠨ ᠬᠢᠨ ᠴᠥᠮ 《 ᠡᠵᠡᠩᠨᠡᠯᠲᠡ᠎ᠶᠢᠨ ᠪᠠᠢᠳᠠᠯ ᠮᠠᠭᠤ 》᠂ 《 ᠰᠢᠭᠤᠳ ᠨᠡᠪᠲᠡᠷᠡᠭᠦᠯᠦᠭᠰᠡᠨ ᠲᠣᠭ᠎ᠠ ᠪᠠᠷᠢᠮᠲᠠ ᠪᠠᠷᠢᠮᠵᠢᠶ᠎ᠠ᠎ᠳᠤ ᠬᠦᠷᠦᠭᠰᠡᠨ ᠦᠭᠡᠢ 》 ᠵᠡᠷᠭᠡ ᠰᠢᠯᠲᠠᠭ᠎ᠢᠶᠠᠷ ᠦᠯᠡᠳᠡᠭᠰᠡᠨ ᠴᠠᠯᠢᠩ᠎ᠢ ᠨᠢ ᠥᠭᠬᠦ᠎ᠶᠢ ᠲᠡᠪᠴᠢᠪᠡ᠃
      9 ᠳ᠋ᠦ᠍ᠭᠡᠷ ᠰᠠᠷ᠎ᠠ᠎ᠳᠤ᠂ ᠭᠦᠸᠧ ᠣᠪᠣᠭᠲᠤ ᠵᠡᠷᠭᠡ ᠬᠥᠮᠥᠰ ᠰᠠᠢᠬᠠᠨ ᠲᠣᠭᠣᠷᠢᠭ᠋᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠳᠤ ᠬᠦᠷᠴᠦ ᠵᠠᠭᠠᠯᠳᠤᠵᠠᠢ᠃ 《 ᠲᠡᠳᠡ ᠭᠤᠷᠪᠠᠬᠠᠨ ᠬᠥᠮᠥᠨ᠎ᠦ ᠬᠥᠳᠡᠯᠮᠦᠷᠢ᠎ᠶᠢᠨ ᠭᠡᠷ᠎ᠡ᠎ᠶᠢ ᠬᠠᠩᠭᠠᠪᠠ᠂ ᠺᠣᠮᠫᠠᠨᠢ᠎ᠠᠴᠠ ᠴᠤ᠌ ᠬᠥᠳᠡᠯᠮᠦᠷᠢ᠎ᠶᠢᠨ ᠬᠠᠷᠢᠴᠠᠭ᠎ᠠ᠎ᠶᠢ ᠬᠦᠴᠦᠨ ᠦᠭᠡᠢ ᠪᠣᠯᠭᠠᠬᠤ ᠭᠠᠷ ᠭᠦᠢᠴᠡᠳᠬᠡᠯ ᠬᠢᠭᠰᠡᠨ ᠦᠭᠡᠢ 》 ᠭᠡᠵᠦ ᠰᠠᠢᠬᠠᠨ ᠲᠣᠭᠣᠷᠢᠭ᠋᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠬᠥᠳᠡᠯᠮᠦᠷᠢᠴᠢᠳ᠎ᠦᠨ ᠡᠷᠬᠡ ᠠᠰᠢᠭ᠋᠎ᠢ ᠬᠠᠮᠠᠭᠠᠯᠠᠬᠤ ᠦᠢᠯᠡᠴᠢᠯᠡᠭᠡᠨ᠎ᠦ ᠲᠥᠪ᠎ᠦᠨ ᠠᠵᠢᠯᠲᠠᠨ ᠰᠦᠨ ᠵᠢᠶᠠᠨ ᠬᠡᠯᠡᠪᠡ᠃
      ᠣᠢᠯᠠᠭᠠᠭᠰᠠᠨ᠎ᠢᠶᠠᠷ᠂ ᠭᠦᠸᠧ ᠣᠪᠣᠭᠲᠤ ᠵᠡᠷᠭᠡ ᠬᠥᠮᠥᠰ᠎ᠦᠨ ᠣᠷᠣᠯᠭ᠎ᠠ᠎ᠶᠢᠨ ᠣᠯᠠᠩᠬᠢ ᠨᠢ ᠰᠢᠭᠤᠳ ᠨᠡᠪᠲᠡᠷᠡᠭᠦᠯᠭᠡ᠎ᠶᠢᠨ ᠬᠤᠪᠢᠳᠠᠯ᠎ᠠᠴᠠ ᠢᠷᠡᠯᠲᠡ᠎ᠲᠠᠢ᠂ ᠬᠥᠳᠡᠯᠮᠦᠷᠢ᠎ᠶᠢᠨ ᠭᠡᠷ᠎ᠡ᠎ᠳᠡᠬᠢ ᠬᠥᠳᠡᠯᠮᠦᠷᠢ᠎ᠶᠢᠨ ᠬᠥᠯᠥᠰᠦ ᠣᠯᠭᠣᠮᠵᠢ᠎ᠶᠢᠨ ᠲᠤᠬᠠᠢ ᠪᠣᠯᠵᠣᠯ ᠨᠢ ᠲᠣᠳᠣᠷᠬᠠᠢ ᠦᠭᠡᠢ᠂ ᠵᠥᠪᠬᠡᠨ 《 ᠵᠣᠭᠣᠰ ᠰᠠᠭᠤᠯᠭᠠᠨ ᠠᠪᠤᠭᠰᠠᠨ ᠪᠠᠢᠳᠠᠯ 》᠎ᠢ ᠲᠣᠳᠣᠷᠬᠠᠢᠯᠠᠵᠤ᠂ ᠦᠨᠳᠦᠰᠦᠨ ᠴᠠᠯᠢᠩ᠎ᠤᠨ ᠪᠠᠷᠢᠮᠵᠢᠶ᠎ᠠ ᠨᠢ ᠲᠣᠳᠣᠷᠬᠠᠢ ᠦᠭᠡᠢ ᠪᠠᠢᠪᠠ᠃《 ᠰᠢᠭᠤᠳ ᠨᠡᠪᠲᠡᠷᠡᠭᠦᠯᠬᠦ ᠡᠭᠡᠯᠵᠢ᠎ᠶᠢᠨ ᠬᠦᠰᠦᠨᠦᠭ᠂ ᠠᠷᠤ ᠲᠠᠯ᠎ᠠ᠎ᠶᠢᠨ ᠠᠵᠢᠯ᠎ᠳᠤ ᠭᠠᠷᠤᠭᠰᠠᠨ ᠲᠣᠭ᠎ᠠ ᠪᠠᠷᠢᠮᠲᠠ᠂ ᠴᠠᠯᠢᠩ᠎ᠤᠨ ᠳ᠋ᠦᠩᠨᠡᠨ ᠪᠣᠳᠣᠯᠲᠠ᠎ᠶᠢᠨ ᠨᠠᠷᠢᠨ ᠲᠠᠩᠰᠠ ᠵᠡᠷᠭᠡ ᠵᠠᠩᠭᠢᠯᠠᠭ᠎ᠠ᠎ᠶᠢᠨ ᠭᠡᠷᠡᠴᠢ ᠪᠠᠷᠢᠮᠲᠠ ᠭᠦᠢᠴᠡᠳ ᠪᠤᠰᠤ ᠪᠠᠢᠨ᠎ᠠ᠂ ᠡᠨᠡ ᠨᠢ ᠪᠠᠢᠴᠠᠭᠠᠯᠲᠠ ᠬᠢᠵᠦ ᠭᠡᠷᠡᠴᠢ ᠠᠪᠬᠤ ᠪᠠ ᠮᠠᠭᠠᠳᠯᠠᠨ ᠲᠣᠭᠲᠠᠭᠠᠬᠤ ᠠᠵᠢᠯ᠎ᠳᠤ ᠪᠠᠭ᠎ᠠ ᠪᠤᠰᠤ ᠬᠦᠴᠢᠷᠳᠡᠯ ᠤᠴᠠᠷᠠᠭᠤᠯᠵᠠᠢ 》ᠭᠡᠵᠦ ᠰᠦᠨ ᠵᠢᠶᠠᠨ ᠬᠡᠯᠡᠪᠡ᠃
      ᠰᠠᠢᠬᠠᠨ ᠲᠣᠭᠣᠷᠢᠭ᠋᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠬᠥᠳᠡᠯᠮᠦᠷᠢᠴᠢᠳ᠎ᠦᠨ ᠡᠷᠬᠡ ᠠᠰᠢᠭ᠋᠎ᠢ ᠬᠠᠮᠠᠭᠠᠯᠠᠬᠤ ᠦᠢᠯᠡᠴᠢᠯᠡᠭᠡᠨ᠎ᠦ ᠲᠥᠪ᠎ᠤᠨ ᠰᠢᠢᠳᠪᠦᠷᠢᠯᠡᠭᠰᠡᠨ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠳᠡᠯᠮᠦᠷᠢᠴᠢᠳ᠎ᠦᠨ ᠴᠠᠯᠢᠩ᠎ᠤᠨ ᠵᠢᠭᠤᠷᠠᠯᠳᠤᠭᠠᠨ᠎ᠳᠤ ᠠᠪᠴᠤ ᠬᠡᠯᠡᠪᠡᠯ ᠡᠨᠡ ᠨᠢ ᠣᠨᠴᠠᠭᠠᠶ ᠵᠢᠱ᠌ᠢᠶ᠎ᠡ ᠪᠢᠰᠢ ᠶᠤᠮ᠃
      2025 ᠣᠨ᠎ᠤ ᠡᠬᠢ᠎ᠪᠡᠷ᠂ ᠨᠢᠭᠡᠨ ᠲᠦᠷᠭᠡᠨ ᠬᠦᠷᠭᠡᠭᠴᠢ ᠺᠣᠮᠫᠠᠨᠢ᠎ᠠᠴᠠ ᠠᠵᠢᠯ᠎ᠠᠴᠠ᠎ᠪᠠᠨ ᠰᠠᠯᠤᠭᠰᠠᠨ᠎ᠤ ᠳᠠᠷᠠᠭ᠎ᠠ ᠴᠠᠯᠢᠩ᠎ᠢᠶᠠᠨ ᠲᠡᠰᠦᠯᠦᠨ ᠪᠤᠳᠤᠵᠤ ᠳᠠᠭᠤᠰᠬᠠᠭᠰᠠᠨ ᠦᠭᠡᠢ᠂ ᠤᠴᠢᠷ ᠨᠢ ᠠᠵᠢᠯ᠎ᠤᠨ ᠴᠤᠭᠯᠠᠷᠠᠯ ᠡᠴᠡ᠎ᠪᠡᠨ ᠰᠢᠯᠵᠢᠭᠦᠯᠦᠭᠳᠡᠭᠰᠡᠨ ᠪᠣᠯᠬᠣᠷ ᠲᠡᠷᠡ ᠠᠵᠢᠯ᠎ᠠᠴᠠ᠎ᠪᠠᠨ ᠰᠠᠯᠤᠭᠰᠠᠨ ᠲᠤᠬᠠᠢ᠎ᠶᠢᠨ ᠰᠠᠷ᠎ᠠ᠎ᠶᠢᠨ ᠴᠠᠯᠢᠩ᠎ᠤᠨ ᠨᠠᠷᠢᠨ ᠲᠣᠳᠣᠷᠬᠠᠢ ᠭᠡᠷᠡᠴᠢ ᠪᠠᠷᠢᠮᠲᠠ᠎ᠶᠢ ᠣᠯᠬᠤ᠎ᠶᠢᠨ ᠠᠷᠭ᠎ᠠ ᠦᠭᠡᠢ ᠪᠣᠯᠵᠤ ᠂ ᠵᠥᠪᠬᠡᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠡᠴᠡ ᠴᠠᠯᠢᠩ᠎ᠤᠨ ᠠᠰᠠᠭᠤᠳᠠᠯ᠎ᠢ ᠬᠢᠨᠠᠨ ᠬᠠᠷᠭᠤᠭᠤᠯᠵᠤ ᠰᠢᠢᠳᠪᠦᠷᠢᠯᠡᠬᠦ᠎ᠶᠢ ᠭᠤᠶᠤᠴᠢᠯᠠᠵᠠᠢ ; ᠨᠢᠭᠡᠨ ᠵᠠᠬᠢᠶᠠᠯᠠᠭ᠎ᠠ᠎ᠶᠢᠨ ᠬᠣᠭᠣᠯᠠᠨ᠎ᠤ ᠠᠵᠢᠯᠲᠠᠨ ᠨᠢᠭᠡᠨ ᠵᠠᠬᠢᠶᠠᠯᠠᠭ᠎ᠠ᠎ᠶᠢᠨ ᠬᠣᠭᠣᠯᠠᠨ᠎ᠤ ᠺᠣᠮᠫᠠᠨᠢ᠎ᠶᠢᠨ ᠣᠷᠣᠨ ᠨᠤᠲᠤᠭ᠎ᠤᠨ ᠥᠷᠲᠡᠭᠡᠨ᠎ᠳᠦ ᠲᠦᠷᠭᠡᠨ ᠬᠦᠷᠭᠡᠭᠴᠢ ᠪᠣᠯᠬᠤ᠎ᠪᠠᠷ ᠳᠠᠩᠰᠠᠯᠠᠭᠤᠯᠪᠠ᠂ ᠭᠡᠷ᠎ᠡ᠎ᠳᠦ ᠭᠠᠷ᠎ᠤᠨ ᠦᠰᠦᠭ ᠵᠢᠷᠤᠬᠤ᠎ᠳᠠᠭᠠᠨ ᠵᠦᠢᠯ ᠵᠤᠷᠪᠤᠰ᠎ᠢ ᠨᠠᠷᠢᠨ ᠤᠩᠰᠢᠭ᠍ᠰᠠᠨ ᠦᠭᠡᠢ᠂ ᠭᠡᠷ᠎ᠡ᠎ᠶᠢᠨ ᠤᠭ ᠮᠠᠲᠧᠷᠢᠶᠠᠯ᠎ᠢ ᠴᠤ᠌ ᠦᠯᠡᠳᠡᠭᠡᠨ ᠬᠠᠳᠠᠭᠠᠯᠠᠭᠰᠠᠨ ᠦᠭᠡᠢ᠂ ᠴᠠᠯᠢᠩ᠎ᠢ ᠲᠠᠰᠤᠯᠤᠨ ᠪᠤᠳᠤᠬᠤ ᠦᠶ᠎ᠡ᠎ᠳᠦ ᠰᠠᠶᠢ ᠭᠡᠷ᠎ᠡ᠎ᠶᠢᠨ ᠵᠦᠢᠯ ᠵᠤᠷᠪᠤᠰ ᠰᠠᠨᠠᠯ ᠡᠭᠦᠰᠴᠦ᠂ ᠴᠠᠯᠢᠩ᠎ᠤᠨ ᠵᠢᠭᠤᠷᠠᠯᠳᠤᠭᠠᠨ ᠡᠭᠦᠰᠪᠡ ᠁
      《 ᠬᠡᠰᠡᠭ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠠᠵᠤ ᠠᠬᠤᠢᠯᠠᠯ ᠨᠢ ᠠᠵᠢᠯᠴᠢᠨ ᠬᠡᠷᠡᠭᠯᠡᠬᠦ ᠵᠠᠭᠪᠤᠷ᠎ᠢ ᠠᠮᠢᠳᠤᠯᠢᠭ᠋ ᠪᠣᠯᠭᠠᠬᠤ ᠵᠡᠷᠭᠡ ᠠᠵᠢᠯ ᠲᠥᠷᠥᠯ᠎ᠦᠨ ᠣᠨᠴᠠᠭᠠᠶ ᠴᠢᠨᠠᠷ᠎ᠢ ᠠᠰᠢᠭ᠍ᠯᠠᠨ ᠵᠣᠷᠢᠭᠤᠳᠠ ᠵᠠᠪᠰᠢᠨ ᠳᠠᠯᠢᠮᠳᠠᠭᠤᠯᠵᠤ ᠪᠠᠢᠨ᠎ᠠ᠂ ᠬᠥᠳᠡᠯᠮᠦᠷᠢᠴᠢᠳ ᠡᠷᠬᠡ᠎ᠪᠡᠨ ᠬᠠᠮᠠᠭᠠᠯᠠᠬᠤ ᠤᠬᠠᠮᠰᠠᠷ᠎ᠢᠶᠠᠨ ᠴᠢᠩᠭᠠᠳᠬᠠᠵᠤ᠂ ᠵᠠᠩᠭᠢᠯᠠᠭ᠎ᠠ᠎ᠶᠢᠨ ᠭᠡᠷᠡᠴᠢ ᠪᠠᠷᠢᠮᠲᠠ᠎ᠶᠢ ᠦᠯᠡᠳᠡᠭᠡᠨ ᠬᠠᠳᠠᠭᠠᠯᠠᠵᠤ᠂ ᠴᠠᠯᠢᠩ ᠬᠥᠯᠥᠰᠦᠨ᠎ᠦ ᠪᠠᠢᠳᠠᠯ᠎ᠢᠶᠠᠨ ᠲᠣᠳᠣᠷᠬᠠᠢᠯᠠᠬᠤ ᠬᠡᠷᠡᠭᠲᠡᠢ 》ᠭᠡᠵᠦ ᠰᠠᠢᠬᠠᠨ ᠲᠣᠭᠣᠷᠢᠭ᠋᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠬᠥᠳᠡᠯᠮᠦᠷᠢᠴᠢᠳ᠎ᠦᠨ ᠡᠷᠬᠡ ᠠᠰᠢᠭ᠋᠎ᠢ ᠬᠠᠮᠠᠭᠠᠯᠠᠬᠤ ᠦᠢᠯᠡᠴᠢᠯᠡᠭᠡᠨ᠎ᠦ ᠲᠥᠪ᠎ᠦᠨ ᠳᠡᠳ᠋ ᠳᠠᠷᠤᠭ᠎ᠠ ᠢᠯᠴᠢ ᠬᠡᠯᠡᠪᠡ᠃
      ᠬᠥᠳᠡᠯᠮᠦᠷᠢᠴᠢᠳ᠎ᠤᠨ ᠬᠠᠤᠯᠢ ᠶᠣᠰᠣᠨ᠎ᠤ ᠭᠤᠶᠤᠴᠢᠯᠠᠯ᠎ᠳᠤ ᠵᠥᠪ ᠬᠠᠨᠳᠤᠨ᠎ᠠ
      ᠴᠠᠯᠢᠩ ᠬᠥᠯᠥᠰᠦ᠎ᠶᠢ ᠳ᠋ᠦᠩᠨᠡᠨ ᠪᠤᠳᠤᠬᠤ ᠶᠠᠪᠤᠴᠠ ᠪᠣᠯᠣᠨ ᠨᠠᠷᠢᠨ ᠵᠦᠢᠯᠡᠰ᠎ᠢ ᠵᠠᠭᠠᠯᠳᠤᠭ᠍ᠴᠢ ᠪᠣᠯᠣᠨ ᠠᠵᠤ ᠠᠬᠤᠢᠯᠠᠯ ᠬᠣᠶᠠᠷ ᠲᠠᠯ᠎ᠠ᠎ᠶᠢᠨ ᠬᠢᠨ᠎ᠲᠠᠢ ᠬᠢᠨᠠᠨ ᠬᠠᠷᠭᠤᠭᠤᠯᠬᠤ ᠴᠢᠬᠤᠯᠠᠲᠠᠢ ᠪᠣᠯᠬᠣᠷ᠂ ᠭᠦᠸᠧ ᠣᠪᠣᠭᠲᠤ ᠵᠡᠷᠭᠡ ᠬᠥᠮᠥᠰ᠎ᠦᠨ ᠵᠠᠭᠠᠯᠳᠤᠯᠭ᠎ᠠ᠎ᠶᠢ ᠣᠯᠣᠭᠰᠠᠨ ᠲᠡᠷᠡ ᠡᠳᠦᠷ᠎ᠲᠦ᠂ ᠰᠠᠢᠬᠠᠨ ᠲᠣᠭᠣᠷᠢᠭ᠋᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠨᠡᠢᠭᠡᠮ᠎ᠦᠨ ᠪᠠᠲᠤᠯᠠᠪᠤᠷᠢ᠎ᠶᠢᠨ ᠲᠣᠪᠴᠢᠶ᠎ᠠ᠎ᠶᠢᠨ ᠬᠥᠳᠡᠯᠮᠦᠷᠢᠴᠢᠨ᠎ᠦ ᠡᠷᠬᠡ ᠠᠰᠢᠭ᠋᠎ᠢ ᠬᠠᠮᠠᠭᠠᠯᠠᠬᠤ ᠦᠢᠯᠡᠴᠢᠯᠡᠭᠡᠨ᠎ᠦ ᠲᠥᠪ᠎ᠦᠨ ᠠᠵᠢᠯᠲᠠᠳ ᠳᠠᠷᠤᠢ ᠬᠡᠷᠡᠭ᠎ᠲᠦ ᠬᠣᠯᠪᠣᠭᠳᠠᠭᠰᠠᠨ ᠺᠣᠮᠫᠠᠨᠢ᠎ᠳᠤ ᠬᠦᠷᠴᠦ ᠲᠤᠬᠠᠢ᠎ᠶᠢᠨ ᠭᠠᠵᠠᠷ᠎ᠤᠨ ᠪᠠᠢᠴᠠᠭᠠᠯᠲᠠ ᠬᠢᠵᠡᠢ᠃
      《 ᠭᠥᠸᠧ ᠣᠪᠣᠭᠲᠤ ᠨᠠᠷ᠎ᠤᠨ ᠬᠡᠯᠡᠵᠦ ᠪᠠᠢᠭ᠎ᠠ ᠺᠣᠮᠫᠠᠨᠢ᠎ᠶᠢᠨ〈 ᠬᠠᠷᠢᠭᠤᠴᠠᠯᠭᠠᠲᠠᠨ 〉ᠲᠠᠢ ᠠᠭᠤᠯᠵᠠᠭᠰᠠᠨ ᠪᠣᠯᠪᠠᠴᠤ ᠲᠡᠷᠡ ᠪᠡᠶ᠎ᠡ᠎ᠶᠢᠨ ᠭᠠᠷᠤᠯ᠎ᠢᠶᠠᠨ ᠮᠡᠳᠡᠷᠡᠬᠦ ᠦᠭᠡᠢ ᠪᠠᠢᠵᠤ᠂ 〈 ᠵᠠᠩᠭᠤᠢᠳᠠ ᠪᠠᠢᠬᠤ ᠦᠭᠡᠢ 〉 ᠭᠡᠵᠦ ᠯᠡ ᠬᠡᠯᠡᠵᠡᠢ 》 ᠭᠡᠵᠦ ᠰᠦᠨ ᠵᠢᠶᠠᠨ ᠬᠡᠯᠡᠪᠡ᠃ ᠰᠠᠢᠬᠠᠨ ᠲᠣᠭᠣᠷᠢᠭ᠋᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠬᠥᠳᠡᠯᠮᠦᠷᠢᠴᠢᠨ᠎ᠦ ᠡᠷᠬᠡ ᠠᠰᠢᠭ᠋᠎ᠢ ᠬᠠᠮᠠᠭᠠᠯᠠᠬᠤ ᠦᠢᠯᠡᠴᠢᠯᠡᠭᠡᠨ᠎ᠦ ᠲᠥᠪ ᠲᠡᠷᠡ ᠳᠠᠷᠤᠢ ᠳ᠋ᠤᠨᠢ ᠬᠡᠷᠡᠭ᠎ᠲᠦ ᠬᠣᠯᠪᠣᠭᠳᠠᠭᠰᠠᠨ ᠺᠣᠮᠫᠠᠨᠢ᠎ᠳᠤ 《 ᠬᠥᠳᠡᠯᠮᠦᠷᠢ᠎ᠶᠢᠨ ᠪᠠᠲᠤᠯᠠᠭ᠎ᠠ᠎ᠶᠢᠨ ᠬᠢᠨᠠᠨ ᠪᠠᠢᠴᠠᠭᠠᠬᠤ ᠪᠠᠢᠴᠠᠭᠠᠨ ᠠᠰᠠᠭᠤᠬᠤ ᠮᠡᠳᠡᠭᠳᠡᠯ᠎ᠦᠨ ᠪᠢᠴᠢᠭ 》 ᠭᠠᠷᠳᠠᠭᠤᠯᠪᠠ᠃
      《 ᠮᠡᠳᠡᠭᠳᠡᠯ᠎ᠦᠨ ᠪᠢᠴᠢᠭ᠎ᠲᠦ ᠲᠣᠰ ᠺᠣᠮᠫᠠᠨᠢ ᠬᠠᠤᠯᠢ ᠶᠣᠰᠣᠭᠠᠷ ᠬᠠᠮᠵᠢᠯᠴᠠᠵᠤ ᠪᠠᠢᠭᠠᠳ ᠪᠥᠬᠥ ᠠᠵᠢᠯᠲᠠᠳ᠎ᠤᠨ ᠲᠤᠬᠠᠢ᠎ᠶᠢᠨ ᠵᠢᠯ᠎ᠦᠨ ᠬᠥᠳᠡᠯᠮᠦᠷᠢ᠎ᠶᠢᠨ ᠭᠡᠷ᠎ᠡ᠎ᠳᠦ ᠭᠠᠷ᠎ᠤᠨ ᠥᠰᠥᠭ ᠵᠢᠷᠤᠭᠰᠠᠨ᠂ ᠴᠠᠯᠢᠩ᠎ᠢ ᠥᠭᠭᠦᠭᠰᠡᠨ᠂ ᠨᠡᠢᠭᠡᠮ᠎ᠦᠨ ᠳᠠᠭᠠᠳᠬᠠᠯ᠎ᠢ ᠲᠤᠰᠢᠶᠠᠭᠰᠠᠨ ᠵᠡᠷᠭᠡ ᠪᠠᠢᠳᠠᠯ᠎ᠤᠨ ᠲᠤᠬᠠᠢ ᠮᠠᠲᠧᠷᠢᠶᠠᠯ᠎ᠢ ᠬᠠᠩᠭᠠᠬᠤ ᠬᠡᠷᠡᠭᠲᠡᠢ ᠪᠥᠭᠡᠳ ᠪᠠᠰᠠ ᠠᠵᠢᠯᠴᠢᠨ ᠬᠡᠷᠡᠭᠯᠡᠭᠰᠡᠨ ᠲᠠᠯ᠎ᠠ᠎ᠶᠢᠨ ᠠᠯᠢ ᠣᠯᠠᠨ ᠲᠡᠮᠳᠡᠭᠯᠡᠯ᠎ᠢ ᠬᠠᠩᠭᠠᠬᠤ ᠬᠡᠷᠡᠭᠲᠡᠢ ᠭᠡᠵᠦ ᠱᠠᠭᠠᠷᠳᠠᠭᠰᠠᠨ ᠪᠠᠢᠨ᠎ᠠ 》 ᠭᠡᠵᠦ ᠰᠦᠨ ᠵᠢᠶᠠᠨ ᠬᠡᠯᠡᠪᠡ᠃
      ᠲᠤᠰ ᠺᠣᠮᠫᠠᠨᠢ᠎ᠶᠢᠨ ᠰᠢᠭᠤᠳ ᠨᠡᠪᠲᠡᠷᠡᠭᠦᠯᠦᠭᠰᠡᠨ ᠡᠵᠡᠩᠨᠡᠯᠲᠡ᠎ᠶᠢᠨ ᠡᠬᠡ ᠲᠠᠨᠭᠰᠠ᠂ ᠭᠥᠸᠧ ᠣᠪᠣᠭᠲᠤ ᠵᠡᠷᠭᠡ 5 ᠬᠥᠮᠥᠨ᠎ᠦ ᠠᠵᠢᠯ᠎ᠳᠤ ᠭᠠᠷᠤᠭᠰᠠᠨ ᠲᠡᠮᠳᠡᠭᠯᠡᠯ ᠪᠠ ᠬᠥᠳᠡᠯᠮᠦᠷᠢ᠎ᠶᠢᠨ ᠭᠡᠷ᠎ᠡ᠎ᠶᠢᠨ ᠤᠭ ᠮᠠᠲᠧᠷᠢᠶᠠᠯ᠂ ᠴᠠᠯᠢᠩ ᠥᠭᠭᠦᠭᠰᠡᠨ ᠨᠠᠷᠢᠨ ᠲᠠᠩᠰᠠ ᠵᠡᠷᠭᠡ ᠮᠠᠲᠧᠷᠢᠶᠠᠯ᠎ᠢ ᠰᠢᠯᠵᠢᠭᠦᠯᠦᠨ ᠠᠪᠬᠤ᠎ᠪᠠᠷ ᠲᠠᠮᠵᠢᠨ᠂ ᠺᠣᠮᠫᠠᠨᠢ᠎ᠶᠢᠨ ᠴᠠᠯᠢᠩ᠎ᠢᠶᠠᠨ ᠲᠤᠰᠢᠶᠠᠵᠤ ᠳᠠᠭᠤᠰᠬᠠᠭᠰᠠᠨ ᠦᠭᠡᠢ ᠪᠣᠳᠠᠲᠤ ᠬᠡᠷᠡᠭ ᠨᠢ ᠨᠤᠲᠠᠯᠠᠭᠳᠠᠪᠠ᠃
      《 ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠳᠤ ᠪᠠᠢᠩᠭᠤ ᠲᠣᠬᠢᠶᠠᠯᠳᠤᠳᠠᠭ ᠬᠤᠪᠢᠳᠠᠯ᠎ᠤᠨ ᠳᠦᠷᠢᠮ᠂ ᠰᠢᠷᠬᠡᠭ᠎ᠢᠶᠡᠷ ᠪᠣᠳᠣᠬᠤ ᠳᠦᠷᠢᠮ᠎ᠦᠨ ᠴᠠᠯᠢᠩ ᠪᠣᠯ 〈 ᠬᠣᠶᠠᠷ ᠲᠠᠯ᠎ᠠ᠎ᠪᠠᠷ᠎ᠢᠶᠠᠨ ᠬᠠᠤᠯᠢ ᠶᠣᠰᠣᠭᠠᠷ ᠪᠣᠯᠵᠣᠨ ᠲᠣᠭᠲᠠᠭᠰᠠᠨ 〉 ᠴᠠᠯᠢᠩ᠎ᠤᠨ ᠬᠡᠯᠪᠡᠷᠢ᠎ᠳᠦ ᠲᠣᠭᠠᠴᠠᠭᠳᠠᠨ᠎ᠠ᠂ ᠠᠵᠤ ᠠᠬᠤᠢᠯᠠᠯ ᠨᠢ ᠬᠥᠳᠡᠯᠮᠦᠷᠢᠴᠢᠨ᠎ᠲᠠᠢ ᠬᠤᠪᠢᠳᠠᠯ᠎ᠤᠨ ᠦᠨᠳᠦᠰᠦᠨ ᠴᠠᠯᠢᠩ᠎ᠤᠨ ᠪᠠᠷᠢᠮᠵᠢᠶ᠎ᠠ᠂ ᠬᠤᠪᠢᠳᠠᠯ᠎ᠤᠨ ᠬᠠᠷᠢᠴᠠᠯ᠂ ᠳ᠋ᠦᠩᠨᠡᠨ ᠪᠣᠳᠣᠬᠤ ᠠᠷᠭ᠎ᠠ ᠮᠠᠶᠢᠭ᠋᠂ ᠳ᠋ᠦᠩᠨᠡᠨ ᠪᠣᠳᠣᠬᠤ ᠦᠶᠡᠯᠡᠯ᠎ᠦᠨ ᠬᠤᠭᠤᠴᠠᠭ᠎ᠠ ᠵᠡᠷᠭᠡ᠎ᠶᠢ ᠲᠣᠳᠣᠷᠬᠠᠢ ᠪᠣᠯᠵᠣᠨ ᠲᠣᠭᠲᠠᠭᠠᠬᠤ ᠬᠡᠷᠡᠭᠲᠡᠢ᠂ ᠠᠵᠢᠯ ᠲᠥᠷᠥᠯ᠎ᠦᠨ ᠣᠨᠴᠠᠭᠠᠶ ᠪᠠᠢᠳᠠᠯ᠎ᠠᠴᠠ ᠪᠣᠯᠵᠤ ᠬᠣᠢᠰᠢᠯᠠᠭᠤᠯᠬᠤ ᠪᠤᠶᠤ ᠰᠠᠭᠤᠳᠬᠠᠨ ᠠᠪᠴᠤ ᠪᠣᠯᠬᠤ ᠦᠭᠡᠢ 》 ᠭᠡᠵᠦ ᠰᠠᠢᠬᠠᠨ ᠲᠣᠭᠣᠷᠢᠭ᠋᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶᠠᠨ᠎ᠤ ᠬᠥᠳᠡᠯᠮᠦᠷᠢᠴᠢᠳ᠎ᠦᠨ ᠡᠷᠬᠡ ᠠᠰᠢᠭ᠋᠎ᠢ ᠬᠠᠮᠠᠭᠠᠯᠠᠬᠤ ᠦᠢᠯᠡᠴᠢᠯᠡᠭᠡᠨ᠎ᠦ ᠲᠥᠪ᠎ᠦᠨ ᠬᠠᠮᠢᠶ᠎ᠠ ᠪᠦᠬᠦᠢ ᠠᠵᠢᠯᠲᠠᠨ ᠬᠡᠯᠡᠪᠡ᠃
      ᠠᠵᠢᠯᠲᠠᠳ ᠰᠢᠭᠤᠳ ᠨᠡᠪᠲᠡᠷᠡᠭᠦᠯᠬᠦ ᠠᠵᠢᠯ ᠲᠥᠷᠥᠯ᠎ᠦᠨ ᠡᠵᠡᠩᠨᠡᠯᠲᠡ᠎ᠶᠢᠨ ᠣᠨᠴᠠᠯᠢᠭ᠋᠎ᠲᠠᠢ ᠤᠶᠠᠯᠳᠤᠭᠤᠯᠤᠨ᠂ ᠲᠣᠭᠲᠠᠭᠠᠯ᠎ᠳᠤ ᠨᠡᠢᠴᠡᠭᠦᠯᠦᠨ ᠡᠵᠡᠩᠨᠡᠬᠦ ᠂ ᠨᠡᠷ᠎ᠡ ᠬᠦᠨᠳᠦ᠎ᠶᠢ ᠬᠠᠮᠠᠭᠠᠯᠠᠬᠤ ᠵᠡᠷᠭᠡ ᠠᠯᠤᠰ ᠬᠡᠲᠦ᠎ᠶᠢᠨ ᠬᠥᠭᠵᠢᠯᠲᠡ᠎ᠶᠢᠨ ᠡᠭᠦᠳᠡᠨ᠎ᠡᠴᠡ ᠲᠣᠰ ᠺᠣᠮᠫᠠᠨᠢ᠎ᠶᠢ ᠬᠥᠲᠥᠯᠥᠨ ᠵᠢᠯᠤᠭᠣᠳᠴᠤ ᠪᠠᠢᠭᠠᠳ ᠬᠥᠳᠡᠯᠮᠦᠷᠢᠴᠢᠨ᠎ᠦ ᠬᠠᠤᠯᠢ ᠶᠣᠰᠣᠨ᠎ᠤ ᠬᠦᠰᠡᠯ ᠱᠠᠭᠠᠷᠳᠠᠯᠭ᠎ᠠ᠎ᠳᠤ ᠵᠥᠪ᠎ᠢᠶᠡᠷ ᠬᠠᠨᠳᠤᠭᠤᠯᠪᠠ᠃ ᠡᠴᠦᠰ᠎ᠲᠡᠬᠡᠨ ᠲᠤᠰ ᠺᠣᠮᠫᠠᠨᠢ ᠲᠤᠰ ᠡᠳᠦᠷ᠎ᠲᠡᠬᠡᠨ ᠨᠡᠶ᠋ᠢᠲᠡ 26336.72 ᠲᠥᠭᠥᠷᠢᠭ᠎ᠦᠨ ᠴᠠᠯᠢᠩ᠎ᠢ 5 ᠬᠥᠮᠥᠨ᠎ᠦ ᠳᠠᠩᠰᠠᠨ ᠡᠷᠦᠬᠡ᠎ᠳᠦ ᠭᠦᠢᠴᠡᠳ ᠲᠣᠭ᠎ᠠ᠎ᠪᠠᠷ ᠥᠭᠴᠡᠢ᠃
      ᠲᠠᠨᠢᠯᠴᠠᠭᠤᠯᠤᠭᠰᠠᠨ᠎ᠢᠶᠠᠷ᠂ ᠠᠵᠢᠯ ᠣᠯᠭᠣᠯᠲᠠ᠎ᠶᠢᠨ ᠰᠢᠨ᠎ᠡ ᠬᠡᠯᠪᠡᠷᠢ᠎ᠶᠢᠨ ᠠᠵᠢᠯᠴᠢᠨ ᠬᠡᠷᠡᠭᠯᠡᠬᠦ ᠵᠠᠭᠪᠤᠷ᠎ᠲᠤ ᠤᠯᠠᠮᠵᠢᠯᠠᠯᠲᠤ ᠬᠥᠳᠡᠯᠮᠦᠷᠢ᠎ᠶᠢᠨ ᠭᠡᠷ᠎ᠡ᠎ᠶᠢᠨ ᠬᠠᠷᠢᠴᠠᠭ᠎ᠠ᠂ ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶᠢᠨ ᠳᠡᠩᠰᠡᠯᠡᠨ ᠡᠵᠡᠩᠨᠡᠬᠦ ᠵᠡᠷᠭᠡ ᠣᠯᠠᠨ ᠲᠥᠷᠥᠯ᠎ᠦᠨ ᠬᠡᠯᠪᠡᠷᠢ ᠪᠠᠭᠲᠠᠨ᠎ᠠ᠂ ᠬᠣᠯᠪᠣᠭᠳᠠᠯ ᠪᠦᠬᠦᠢ ᠡᠷᠬᠡ᠎ᠪᠡᠨ ᠬᠠᠮᠠᠭᠠᠯᠠᠬᠤ ᠠᠷᠭ᠎ᠠ ᠵᠠᠮ᠎ᠳᠤ ᠬᠥᠳᠡᠯᠮᠦᠷᠢ᠎ᠶᠢᠨ ᠪᠠᠲᠤᠯᠠᠭ᠎ᠠ᠎ᠶᠢᠨ ᠬᠢᠨᠠᠨ ᠪᠠᠢᠴᠠᠭᠠᠯᠲᠠ᠂ ᠬᠥᠳᠡᠯᠮᠦᠷᠢ᠎ᠶᠢᠨ ᠬᠠᠷᠢᠴᠠᠭ᠎ᠠ᠎ᠶᠢ ᠵᠣᠬᠢᠴᠠᠭᠤᠯᠬᠤ᠂ ᠬᠥᠳᠡᠯᠮᠦᠷᠢ᠎ᠶᠢᠨ ᠮᠠᠷᠭᠤᠯᠳᠤᠭᠠᠨ᠎ᠢ ᠡᠶᠡᠳᠡᠭᠦᠯᠬᠦ ᠪᠠ ᠬᠥᠨᠳᠡᠯᠡᠨ᠎ᠡᠴᠡ ᠲᠠᠰᠤᠯᠬᠤ ᠵᠡᠷᠭᠡ ᠠᠳᠠᠯᠢ ᠪᠤᠰᠤ ᠬᠡᠯᠪᠡᠷᠢ ᠪᠠᠭᠲᠠᠨ᠎ᠠ᠃ ᠬᠥᠳᠡᠯᠮᠦᠷᠢᠴᠢᠨ᠎ᠦ ᠡᠷᠬᠡ ᠠᠰᠢᠭ᠋᠎ᠢ ᠬᠠᠮᠠᠭᠠᠯᠠᠬᠤ ᠦᠢᠯᠡᠴᠢᠯᠡᠭᠡᠨ᠎ᠦ ᠲᠥᠪ᠎ᠦᠨ ᠣᠷᠣᠯᠴᠠᠭᠰᠠᠨ ᠠᠵᠢᠯᠯᠠᠭ᠎ᠠ ᠨᠢ ᠳᠠᠷᠤᠢ ᠡᠷᠬᠡ ᠠᠰᠢᠭ᠋᠎ᠢ ᠬᠠᠮᠠᠭᠠᠯᠠᠬᠤ ᠬᠡᠯᠪᠡᠷᠢ᠎ᠶᠢᠨ ᠨᠢᠭᠡ ᠪᠣᠯᠣᠨ᠎ᠠ᠃
      ᠪᠦᠬᠦ ᠬᠡᠯᠬᠢᠶ᠎ᠡ᠎ᠪᠡᠷ ᠵᠠᠰᠠᠬᠤ᠎ᠶᠢ ᠪᠡᠶᠡᠯᠡᠭᠦᠯᠦᠨ᠎ᠡ
      《 ᠠᠵᠢᠯ ᠣᠯᠭᠣᠯᠲᠠ᠎ᠶᠢᠨ ᠰᠢᠨ᠎ᠡ ᠬᠡᠯᠪᠡᠷᠢ ᠪᠠᠢᠳᠠᠯ ᠨᠢ ᠬᠥᠳᠡᠯᠮᠦᠷᠢ᠎ᠶᠢᠨ ᠬᠠᠷᠢᠴᠠᠭ᠎ᠠ᠎ᠶᠢ ᠠᠮᠢᠳᠤᠯᠢᠭ᠋ ᠪᠣᠯᠭᠠᠭᠰᠠᠨ᠂ ᠠᠵᠢᠯ᠎ᠤᠨ ᠠᠭᠤᠯᠭ᠎ᠠ᠎ᠶᠢ ᠣᠯᠠᠨ ᠶᠠᠩᠵᠤ᠎ᠶᠢᠨ ᠪᠣᠯᠭᠠᠭᠰᠠᠨ᠂ ᠠᠵᠢᠯ᠎ᠤᠨ ᠠᠷᠭ᠎ᠠ ᠮᠠᠶᠢᠭ᠋᠎ᠢ ᠠᠮᠢᠳᠤᠯᠢᠭ᠋ ᠪᠣᠯᠭᠠᠭᠰᠠᠨ᠂ ᠠᠵᠢᠯ᠎ᠤᠨ ᠲᠣᠬᠢᠷᠠᠭᠤᠯᠤᠯᠲᠠ᠎ᠶᠢ ᠵᠣᠬᠢᠶᠠᠨ ᠪᠠᠢᠭᠤᠯᠤᠯᠴᠠᠭᠰᠠᠨ ᠵᠡᠷᠭᠡ ᠣᠨᠴᠠᠯᠢᠭ᠋᠎ᠲᠠᠢ ᠪᠠᠢᠳᠠᠭ᠂ ᠡᠢᠮᠦ ᠲᠥᠷᠥᠯ᠎ᠦᠨ ᠴᠠᠯᠢᠩ᠎ᠤᠨ ᠵᠢᠭᠤᠷᠠᠯᠳᠤᠭᠠᠨ᠎ᠳᠤ ᠬᠥᠳᠡᠯᠮᠦᠷᠢ᠎ᠶᠢᠨ ᠬᠠᠷᠢᠴᠠᠭ᠎ᠠ᠎ᠶᠢ ᠮᠠᠭᠠᠳᠯᠠᠨ ᠲᠣᠭᠲᠠᠭᠠᠬᠤ᠎ᠳᠤ ᠪᠡᠷᠬᠡᠲᠡᠢ᠂ ᠭᠡᠷᠡᠴᠢ ᠪᠠᠷᠢᠮᠲᠠ ᠠᠪᠬᠤ᠎ᠳᠤ ᠬᠦᠴᠢᠷᠲᠡᠢ ᠪᠠᠢᠬᠤ ᠵᠡᠷᠭᠡ ᠣᠯᠠᠨ ᠳᠠᠪᠬᠤᠷ ᠠᠰᠠᠭᠤᠳᠠᠯ ᠣᠷᠣᠰᠢᠵᠤ ᠪᠠᠢᠭ᠎ᠠ ᠪᠣᠯᠬᠣᠷ ᠤᠯᠠᠮᠵᠢᠯᠠᠯᠲᠤ ᠠᠵᠢᠯ᠎ᠤᠨ ᠪᠠᠢᠷᠢ᠎ᠳᠤ ᠴᠢᠭᠯᠡᠭᠦᠯᠦᠭᠰᠡᠨ ᠬᠢᠨᠠᠯᠲᠠ ᠬᠠᠮᠢᠶᠠᠷᠤᠯᠲᠠ ᠪᠣᠯᠣᠨ ᠬᠠᠤᠯᠢ ᠬᠡᠷᠡᠭᠵᠢᠭᠦᠯᠬᠦ ᠠᠷᠭ᠎ᠠ ᠮᠠᠶᠢᠭ᠋᠎ᠢ ᠰᠢᠭᠤᠳ ᠬᠡᠷᠡᠭᠯᠡᠬᠦ᠎ᠶᠢᠨ ᠠᠷᠭ᠎ᠠ ᠦᠭᠡᠢ ᠪᠣᠯᠬᠣᠷ ᠬᠠᠨᠳᠤᠯᠭᠠᠲᠤ ᠴᠢᠨᠠᠷᠲᠠᠢ᠎ᠪᠠᠷ ᠲᠣᠬᠢᠷᠠᠭᠤᠯᠤᠯᠲᠠ ᠬᠢᠬᠦ ᠬᠡᠷᠡᠭᠲᠡᠢ 》ᠭᠡᠵᠦ ᠢᠯᠴᠢ ᠲᠠᠨᠢᠯᠴᠠᠭᠤᠯᠪᠠ᠃
      ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠦᠷᠢᠶᠡᠨ᠎ᠳᠡᠬᠢ ᠴᠠᠯᠢᠩ᠎ᠤᠨ ᠠᠰᠠᠭᠤᠳᠠᠯ᠎ᠢ ᠥᠨᠳᠥᠷ ᠪᠦᠲᠦᠮᠵᠢᠲᠡᠢ᠎ᠪᠡᠷ ᠰᠢᠢᠳᠪᠦᠷᠢᠯᠡᠬᠦ᠎ᠶᠢᠨ ᠲᠥᠯᠥᠭᠡ᠂ ᠲᠤᠬᠠᠢ᠎ᠶᠢᠨ ᠭᠠᠵᠠᠷ᠎ᠤᠨ ᠬᠢᠨ 《 ᠬᠡᠷᠡᠭ᠎ᠦᠨ ᠡᠮᠦᠨ᠎ᠡ ᠤᠷᠢᠳᠴᠢᠯᠠᠨ ᠰᠡᠷᠭᠡᠢᠯᠡᠬᠦ᠂ ᠬᠡᠷᠡᠭ᠎ᠦᠨ ᠳᠤᠮᠳᠠ ᠬᠢᠨᠠᠨ ᠬᠠᠮᠢᠶᠠᠷᠬᠤ᠂ ᠬᠡᠷᠡᠭ᠎ᠦᠨ ᠳᠠᠷᠠᠭ᠎ᠠ ᠵᠠᠯᠬᠠᠭᠠᠨ ᠴᠡᠭᠡᠷᠯᠡᠭᠦᠯᠬᠦ 》 ᠪᠦᠬᠦ ᠬᠡᠯᠬᠢᠶ᠎ᠡ᠎ᠶᠢᠨ ᠵᠠᠰᠠᠯᠲᠠ᠎ᠶᠢᠨ ᠰᠢᠰᠲᠧᠮ᠎ᠢ ᠰᠢᠨ᠎ᠡ᠎ᠪᠡᠷ ᠡᠭᠦᠳᠴᠡᠢ᠃
      ᠤᠯᠠᠨ ᠰᠠᠯᠠᠭ᠎ᠠ ᠮᠥᠴᠢᠷ ᠬᠠᠮᠵᠢᠯᠴᠠᠨ ᠬᠥᠳᠡᠯᠦᠯᠴᠡᠵᠦ᠂ ᠬᠢᠨᠠᠯᠲᠠ ᠬᠠᠮᠢᠶᠠᠷᠤᠯᠲᠠ᠎ᠶᠢ ᠠᠯᠢ ᠴᠢᠳᠠᠬᠤ᠎ᠪᠠᠷ ᠤᠷᠢᠳᠠᠴᠢ ᠪᠣᠯᠭᠠᠬᠤ ᠬᠡᠷᠡᠭᠲᠡᠢ᠃ ᠰᠠᠢᠬᠠᠨ ᠲᠣᠭᠣᠷᠢᠭ᠋᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠨᠢ ᠬᠤᠳᠠᠯᠳᠤᠭᠠᠨ᠎ᠤ ᠶᠠᠪᠤᠳᠠᠯ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠵᠤ᠂ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠪᠣᠯᠣᠨ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠠᠵᠤ ᠠᠬᠤᠢᠯᠠᠯ᠎ᠤᠨ ᠳᠠᠩᠰᠠᠯᠠᠭᠤᠯᠤᠨ ᠡᠵᠡᠩᠨᠡᠬᠦ ᠲᠣᠭ᠎ᠠ ᠪᠠᠷᠢᠮᠲᠠ᠎ᠶᠢ ᠬᠠᠮᠲᠤ᠎ᠪᠠᠷ ᠡᠳ᠋ᠯᠡᠬᠦ ᠵᠠᠮ᠎ᠢ ᠨᠡᠪᠲᠡᠷᠡᠭᠦᠯᠵᠡᠢ᠃
      ᠡᠳᠦᠷ ᠳᠤᠳᠤᠮ᠎ᠤᠨ ᠠᠵᠢᠯ ᠳᠤᠮᠳᠠ᠂ ᠰᠠᠢᠬᠠᠨ ᠲᠣᠭᠣᠷᠢᠭ᠋᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠪᠠᠰᠠ ᠲᠣᠭᠲᠠᠭᠰᠠᠨ ᠬᠤᠭᠤᠴᠠᠭ᠎ᠠ᠎ᠲᠠᠢ᠎ᠪᠠᠷ ᠬᠠᠷᠢᠶ᠎ᠠ ᠣᠷᠣᠨ᠎ᠤ᠎ᠪᠠᠨ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠲᠠᠢ ᠠᠵᠤ ᠠᠬᠤᠢᠯᠠᠯ᠎ᠳᠤ《 ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠲᠠᠢ ᠠᠵᠢᠯᠴᠢᠨ ᠬᠡᠷᠡᠭᠯᠡᠬᠦ ᠳᠦᠷᠢᠮ᠎ᠳᠦ ᠨᠡᠢᠴᠡᠬᠦ ᠵᠢᠭᠠᠯᠲᠠ 》 ᠶ᠋ᠢ ᠲᠠᠷᠬᠠᠭᠠᠵᠤ᠂ ᠴᠠᠯᠢᠩ ᠥᠭᠬᠦ᠂ ᠬᠥᠳᠡᠯᠮᠦᠷᠢ᠎ᠶᠢᠨ ᠭᠡᠷ᠎ᠡ ᠲᠣᠭᠲᠠᠬᠤ ᠵᠡᠷᠭᠡ ᠱᠠᠭᠠᠷᠳᠠᠯᠭ᠎ᠠ᠎ᠶᠢ ᠲᠣᠳᠣᠷᠬᠠᠢᠯᠠᠪᠠ᠃《 ᠪᠢᠳᠡ ᠡᠩ᠎ᠦᠨ ᠦᠶ᠎ᠡ᠎ᠳᠦ ᠪᠠᠰᠠ ᠠᠵᠤ ᠠᠬᠤᠢᠯᠠᠯ᠎ᠳᠤ ᠬᠦᠷᠴᠦ ᠠᠵᠢᠯᠲᠠᠨ᠎ᠤ ᠴᠠᠯᠢᠩ᠎ᠤᠨ ᠴᠤᠪᠤᠷᠠᠯ᠂ ᠨᠡᠢᠭᠡᠮ᠎ᠦᠨ ᠳᠠᠭᠠᠳᠬᠠᠯ᠎ᠤᠨ ᠰᠦᠢᠳᠬᠡᠯ ᠲᠤᠰᠢᠶᠠᠭᠰᠠᠨ ᠵᠡᠷᠭᠡ ᠪᠠᠢᠳᠠᠯ᠎ᠢ ᠰᠤᠭᠤᠴᠢᠨ ᠪᠠᠢᠴᠠᠭᠠᠵᠤ᠂ ᠱᠠᠭᠠᠷᠳᠠᠯᠭ᠎ᠠ᠎ᠳᠤ ᠨᠡᠢᠴᠡᠬᠦ ᠦᠭᠡᠢ ᠭᠠᠵᠠᠷ ᠪᠠᠢᠬᠤ᠎ᠶᠢ ᠣᠯᠵᠤ ᠮᠡᠳᠡᠪᠡᠯ᠂ ᠬᠣᠯᠪᠣᠭᠳᠠᠯ ᠪᠦᠬᠦᠢ ᠲᠣᠭᠲᠠᠭᠠᠯ ᠪᠣᠯᠣᠨ ᠠᠶᠤᠯ ᠲᠦᠭᠰᠢᠭᠦᠷᠢ᠎ᠶᠢ ᠲᠣᠳᠣᠷᠬᠠᠢ ᠲᠠᠢᠯᠪᠤᠷᠢᠯᠠᠵᠤ᠂ ᠠᠵᠤ ᠠᠬᠤᠢᠯᠠᠯ᠎ᠤᠨ ᠠᠯᠳᠠᠭᠳᠠᠯ᠎ᠢ ᠪᠠᠢᠴᠠᠭᠠᠨ ᠨᠥᠬᠥᠵᠦ᠂ ᠠᠶᠤᠯ ᠲᠦᠭᠰᠢᠭᠦᠷᠢ᠎ᠶᠢ ᠰᠡᠷᠭᠡᠢᠯᠡᠬᠦ ᠬᠡᠷᠡᠭᠲᠡᠢ 》 ᠭᠡᠵᠦ ᠰᠦᠨ ᠵᠢᠶᠠᠨ ᠬᠡᠯᠡᠪᠡ᠃
      ᠳᠦᠷᠢᠮ᠎ᠦᠨ ᠵᠢᠷᠤᠭ ᠲᠥᠯᠥᠪᠯᠡᠭᠡ᠎ᠶᠢᠨ ᠲᠠᠯ᠎ᠠ᠎ᠪᠠᠷ᠂ ᠰᠠᠢᠬᠠᠨ ᠲᠣᠭᠣᠷᠢᠭ᠋᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠬᠥᠳᠡᠯᠮᠦᠷᠢᠴᠢᠨ᠎ᠦ ᠡᠷᠬᠡ ᠠᠰᠢᠭ᠋᠎ᠢ ᠬᠠᠮᠠᠭᠠᠯᠠᠬᠤ ᠦᠢᠯᠡᠴᠢᠯᠡᠭᠡᠨ᠎ᠦ ᠲᠥᠪ ᠨᠢ ᠰᠢᠭᠤᠳ ᠨᠡᠪᠲᠡᠷᠡᠭᠦᠯᠭᠡ ᠵᠡᠷᠭᠡ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠠᠵᠢᠯᠴᠢᠨ ᠬᠡᠷᠡᠭᠯᠡᠬᠦ ᠣᠨᠴᠠᠯᠢᠭ᠋᠎ᠲᠤ ᠴᠢᠭᠯᠡᠭᠦᠯᠦᠨ᠂ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠬᠥᠳᠡᠯᠮᠦᠷᠢ᠎ᠶᠢᠨ ᠵᠢᠭᠤᠷᠠᠯᠳᠤᠭᠠᠨ᠎ᠢ ᠲᠤᠰᠬᠠᠢ ᠰᠢᠢᠳᠪᠦᠷᠢᠯᠡᠬᠦ ᠲᠣᠭᠲᠠᠴᠠ᠎ᠶᠢ ᠪᠠᠢᠭᠤᠯᠵᠤ᠂ ᠵᠠᠭᠠᠯᠳᠤᠯᠭ᠎ᠠ᠎ᠶᠢ ᠭᠥᠯᠢᠶᠡᠨ ᠠᠪᠤᠭᠰᠠᠨ᠎ᠤ ᠳᠠᠷᠠᠭ᠎ᠠ ᠡᠷᠬᠡᠪᠰᠢ 24 ᠴᠠᠭ᠎ᠤᠨ ᠳᠣᠲᠣᠷ᠎ᠠ ᠡᠬᠢᠯᠡᠨ ᠪᠠᠢᠴᠠᠭᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ ; ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠡᠷᠬᠡ᠎ᠪᠡᠨ ᠬᠠᠮᠠᠭᠠᠯᠠᠬᠤ ᠲᠤᠰᠬᠠᠢ ᠡᠩᠨᠡᠭᠡ᠎ᠶᠢ ᠵᠣᠬᠢᠶᠠᠨ ᠪᠠᠢᠭᠤᠯᠵᠤ᠂ ᠡᠷᠬᠡ᠎ᠪᠡᠨ ᠬᠠᠮᠠᠭᠠᠯᠠᠬᠤ ᠡᠩᠨᠡᠭᠡ᠎ᠶᠢᠨ ᠪᠦᠷᠢᠯᠳᠦᠭᠦᠨ᠎ᠳᠦ ᠰᠢᠭᠤᠳ ᠨᠡᠪᠲᠡᠷᠡᠭᠦᠯᠬᠦ ᠵᠡᠷᠭᠡ ᠠᠵᠢᠯ ᠲᠥᠷᠥᠯ᠎ᠦᠨ ᠠᠵᠢᠯᠴᠢᠨ ᠬᠡᠷᠡᠭᠯᠡᠬᠦ ᠳᠦᠷᠢᠮ᠂ ᠴᠠᠯᠢᠩ ᠬᠥᠯᠥᠰᠦ ᠪᠤᠳᠤᠬᠤ ᠠᠷᠭ᠎ᠠ ᠮᠠᠶᠢᠭ᠋ ᠵᠡᠷᠭᠡ ᠮᠡᠳᠡᠯᠭᠡ᠎ᠶᠢ ᠪᠣᠯᠪᠠᠰᠤᠷᠠᠭᠤᠯᠵᠤ᠂ ᠲᠡᠳᠡᠨ᠎ᠦ ᠡᠷᠬᠡ᠎ᠪᠡᠨ ᠬᠠᠮᠠᠭᠠᠯᠠᠬᠤ ᠬᠡᠷᠡᠭᠴᠡᠭᠡ ᠱᠠᠭᠠᠷᠳᠠᠯᠭ᠎ᠠ᠎ᠶᠢ ᠣᠨᠣᠪᠴᠢᠲᠠᠶ ᠵᠣᠯᠭᠠᠭᠤᠯᠬᠤ᠎ᠶᠢ ᠦᠨᠡᠨ ᠬᠦ᠌ ᠪᠠᠲᠤᠯᠠᠨ᠎ᠠ᠃
      ᠲᠣᠭᠲᠠᠭᠠᠯ᠎ᠠᠴᠠ ᠵᠥᠷᠢᠴᠡᠭᠰᠡᠨ ᠠᠵᠤ ᠠᠬᠤᠢᠯᠠᠯ᠎ᠳᠤ ᠴᠠᠯᠢᠩ ᠥᠭᠭᠥᠭᠦᠯᠬᠦ᠎ᠪᠡᠷ ᠰᠢᠪᠠᠳᠠᠬᠤ᠎ᠠᠴᠠ ᠭᠠᠳᠠᠨ᠎ᠠ᠂ ᠰᠠᠢᠬᠠᠨ ᠲᠣᠭᠣᠷᠢᠭ᠋᠎ᠤᠨ ᠬᠢᠨ ᠪᠠᠰᠠ ᠬᠣᠯᠪᠣᠭᠳᠠᠯ ᠪᠦᠬᠦᠢ ᠮᠡᠳᠡᠭᠡ ᠵᠠᠩᠭᠢ᠎ᠶᠢ ᠬᠥᠳᠡᠯᠮᠦᠷᠢ᠎ᠶᠢᠨ ᠪᠠᠲᠤᠯᠠᠭ᠎ᠠ᠎ᠶᠢᠨ ᠦᠨᠡᠨᠴᠢ ᠢᠲᠡᠭᠡᠮᠵᠢ᠎ᠶᠢᠨ ᠲᠠᠩᠰᠠ ᠡᠪᠬᠡᠮᠡᠯ᠎ᠳᠦ ᠣᠷᠣᠭᠤᠯᠵᠤ᠂ ᠦᠶ᠋ᠯᠡ ᠪᠠᠢᠳᠠᠯ ᠨᠢ ᠬᠦᠨᠳᠦ ᠨᠣᠴᠢᠲᠠᠢ ᠪᠣᠯ ᠬᠠᠤᠯᠢ ᠶᠣᠰᠣᠭᠠᠷ ᠴᠠᠯᠢᠩ ᠥᠷᠢᠲᠦᠵᠦ ᠢᠲᠡᠭᠡᠯ ᠠᠯᠳᠠᠭᠰᠠᠨ ᠨᠡᠷᠡᠰ᠎ᠲᠦ ᠵᠢᠭ᠍ᠰᠠᠭᠠᠨ ᠣᠷᠣᠭᠤᠯᠬᠤ᠎ᠶᠢᠨ ᠬᠠᠮᠲᠤ ᠢᠲᠡᠭᠡᠮᠵᠢ᠎ᠶᠢᠨ ᠲᠠᠪᠴᠠᠩ᠎ᠳᠤ ᠬᠦᠷᠭᠡᠨ ᠬᠣᠯᠪᠤᠭᠠᠯᠠᠨ ᠵᠠᠯᠬᠠᠭᠠᠨ ᠴᠡᠭᠡᠷᠯᠡᠭᠦᠯᠵᠦ ᠂ ᠵᠠᠰᠠᠭ᠎ᠤᠨ ᠣᠷᠳᠣᠨ᠎ᠤ ᠪᠡᠯᠡ ᠮᠥᠩᠭᠥ᠎ᠶᠢᠨ ᠳᠡᠮᠵᠢᠯᠭᠡ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠪᠡᠯᠡ ᠲᠣᠬᠢᠷᠠᠭᠤᠯᠭ᠎ᠠ᠎ᠶᠢᠨ ᠵᠢᠭᠡᠯᠡᠯᠭᠡ᠂ ᠵᠠᠬ᠎ᠠ ᠳᠡᠯᠭᠡᠭᠦᠷ᠎ᠲᠦ ᠣᠷᠣᠬᠤ᠎ᠶᠢ ᠵᠥᠪᠰᠢᠶᠡᠷᠡᠬᠦ ᠵᠡᠷᠭᠡ ᠲᠠᠯ᠎ᠠ᠎ᠪᠠᠷ ᠬᠠᠤᠯᠢ ᠲᠣᠭᠲᠠᠭᠠᠯ ᠶᠣᠰᠣᠭᠠᠷ ᠬᠢᠵᠠᠭᠠᠷᠯᠠᠨ᠎ᠠ᠃
      ᠦᠢᠯᠡᠴᠢᠯᠡᠭᠡᠨ᠎ᠦ ᠴᠣᠩᠬᠣᠪᠴᠢ
      ᠰᠢᠨ᠎ᠡ ᠠᠵᠢᠯ ᠣᠯᠭᠣᠯᠲᠠ᠎ᠶᠢᠨ ᠬᠡᠯᠪᠡᠷᠢ ᠪᠠᠢᠳᠠᠯ᠎ᠳᠤ ᠬᠥᠳᠡᠯᠮᠦᠷᠢᠴᠢᠨ ᠥᠪᠡᠷ᠎ᠦᠨ ᠡᠷᠬᠡ ᠠᠰᠢᠭ᠋᠎ᠢᠶᠠᠨ ᠬᠡᠷᠬᠢᠨ ᠵᠥᠪ᠎ᠢᠶᠡᠷ ᠪᠠᠲᠤᠯᠠᠬᠤ ᠪᠣᠶ ? ᠰᠠᠢᠬᠠᠨ ᠲᠣᠭᠣᠷᠢᠭ᠋᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶᠠᠨ᠎ᠤ ᠰᠠᠨᠠᠭᠤᠯᠤᠮᠵᠢ᠄
ᠡᠩ ᠲᠡᠷᠢᠭᠦᠨ᠎ᠳᠦ ᠠᠵᠢᠯ᠎ᠳᠤ ᠣᠷᠣᠬᠤ᠎ᠳᠤ ᠡᠷᠬᠡᠪᠰᠢ ᠪᠢᠴᠢᠭ᠎ᠦᠨ ᠭᠡᠷ᠎ᠡ ᠲᠣᠭᠲᠠᠭᠠᠵᠤ᠂ ᠴᠠᠯᠢᠩ᠎ᠤᠨ ᠪᠠᠷᠢᠮᠵᠢᠶ᠎ᠠ᠂ ᠥᠭᠬᠦ ᠴᠠᠭ᠂ ᠠᠵᠢᠯ᠎ᠤᠨ ᠠᠭᠤᠯᠭ᠎ᠠ᠂ ᠬᠢᠨᠠᠨ ᠰᠢᠯᠭᠠᠬᠤ ᠪᠠᠷᠢᠮᠵᠢᠶ᠎ᠠ ᠵᠡᠷᠭᠡ ᠵᠠᠩᠭᠢᠯᠠᠭ᠎ᠠ᠎ᠶᠢᠨ ᠵᠦᠢᠯ ᠵᠤᠷᠪᠤᠰ᠎ᠢ ᠲᠣᠳᠣᠷᠬᠠᠢᠯᠠᠵᠤ᠂ ᠵᠥᠪᠬᠡᠨ 《 ᠠᠮᠠ᠎ᠪᠠᠷ ᠪᠣᠯᠵᠣᠨ ᠲᠣᠭᠲᠠᠬᠤ 》 ᠪᠤᠶᠤ 《 ᠬᠤᠷᠰᠢᠬᠤ ᠬᠡᠯᠡᠯᠴᠡᠭᠡᠷ 》᠎ᠢᠶᠡᠷ ᠬᠥᠳᠡᠯᠮᠦᠷᠢ᠎ᠶᠢᠨ ᠭᠡᠷ᠎ᠡ᠎ᠶᠢ ᠣᠷᠣᠯᠠᠭᠤᠯᠬᠤ᠎ᠠᠴᠠ ᠵᠠᠢᠯᠠᠰᠬᠢᠵᠦ᠂ ᠠᠵᠤ ᠠᠬᠤᠢᠯᠠᠯ᠎ᠤᠨ ᠬᠤᠷᠰᠢᠬᠤ ᠬᠠᠷᠢᠴᠠᠭ᠎ᠠ᠎ᠪᠠᠷ ᠬᠥᠳᠡᠯᠮᠦᠷᠢ᠎ᠶᠢᠨ ᠬᠠᠷᠢᠴᠠᠭ᠎ᠠ᠎ᠶᠢ ᠦᠭᠡᠶ᠋ᠢᠰᠬᠡᠬᠦ᠎ᠡᠴᠡ ᠰᠡᠷᠭᠡᠢᠯᠡᠬᠦ ᠬᠡᠷᠡᠭᠲᠡᠢ᠃
      ᠳᠠᠷᠠᠭ᠎ᠠ ᠳ᠋ᠤᠨᠢ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠠᠵᠢᠯ᠎ᠤᠨ ᠭᠡᠷᠡᠴᠢ ᠪᠠᠷᠢᠮᠲᠠ᠎ᠶᠢ ᠦᠯᠡᠳᠡᠭᠡᠬᠦ᠎ᠶᠢ ᠠᠩᠬᠠᠷᠬᠤ ᠬᠡᠷᠡᠭᠲᠡᠢ᠂ ᠵᠢᠱ᠌ᠢᠶᠡᠯᠡᠪᠡᠯ ᠰᠢᠭᠤᠳ ᠨᠡᠪᠲᠡᠷᠡᠭᠦᠯᠭᠡ᠎ᠶᠢᠨ ᠡᠭᠡᠯᠵᠢ᠎ᠶᠢᠨ ᠬᠦᠰᠦᠨᠦᠭᠲᠦ᠂ ᠠᠷᠤ ᠲᠠᠪᠴᠠᠩ᠎ᠤᠨ ᠲᠣᠭ᠎ᠠ ᠪᠠᠷᠢᠮᠲᠠ᠎ᠶᠢᠨ ᠣᠭᠲᠣᠯᠣᠭᠠᠰᠤ ᠵᠢᠷᠤᠭ ( ᠰᠢᠭᠤᠳ ᠨᠡᠪᠲᠡᠷᠡᠭᠦᠯᠬᠦ ᠴᠠᠭ᠎ᠤᠨ ᠣᠷᠳᠣ᠌᠂ ᠦᠵᠡᠬᠦ ᠬᠥᠮᠥᠨ᠎ᠦ ᠲᠣᠭ᠎ᠠ ᠵᠡᠷᠭᠡ ᠬᠢᠨᠠᠨ ᠰᠢᠯᠭᠠᠬᠤ ᠦᠨᠳᠦᠰᠦᠯᠡᠯ ᠪᠠᠭᠲᠠᠨ᠎ᠠ ) ᠂ ᠴᠠᠯᠢᠩ᠎ᠤᠨ ᠳ᠋ᠦᠩᠨᠡᠨ ᠪᠣᠳᠣᠯᠲᠠ᠎ᠶᠢᠨ ᠨᠠᠷᠢᠨ ᠲᠠᠩᠰᠠ᠂ ᠨᠡᠪᠲᠡᠷᠡᠯᠴᠡᠭᠰᠡᠨ ᠲᠡᠮᠳᠡᠭᠯᠡᠯ᠂ ᠵᠠᠬᠢᠶᠠᠯᠠᠭ᠎ᠠ ᠭᠥᠯᠢᠶᠡᠨ ᠠᠪᠤᠭᠰᠠᠨ ᠭᠡᠷᠡᠴᠢ ᠪᠠᠷᠢᠮᠲᠠ ᠵᠡᠷᠭᠡ ᠪᠣᠯᠣᠨ᠎ᠠ᠂ ᠡᠲᠡᠭᠡᠷ ᠮᠠᠲᠧᠷᠢᠶᠠᠯ ᠪᠣᠯ ᠲᠠᠷᠠᠭᠠᠴᠢ᠎ᠶᠢᠨ ᠡᠷᠬᠡ᠎ᠪᠡᠨ ᠬᠠᠮᠠᠭᠠᠯᠠᠬᠤ᠎ᠶᠢᠨ ᠵᠠᠩᠭᠢᠯᠠᠭ᠎ᠠ᠎ᠶᠢᠨ ᠭᠡᠷᠡᠴᠢ ᠪᠠᠷᠢᠮᠲᠠ ᠪᠣᠯᠣᠨ᠎ᠠ᠃
      ᠬᠡᠷᠪᠡ ᠴᠠᠯᠢᠩ᠎ᠤᠨ ᠵᠢᠭᠤᠷᠠᠯᠳᠤᠭᠠᠨ᠂ ᠬᠠᠤᠯᠢ᠎ᠶᠢ ᠵᠥᠷᠢᠴᠡᠨ ᠠᠵᠢᠯ᠎ᠠᠴᠠ ᠨᠢ ᠵᠣᠭᠰᠤᠭᠠᠬᠤ ᠵᠡᠷᠭᠡ ᠠᠰᠠᠭᠤᠳᠠᠯ ᠲᠣᠬᠢᠶᠠᠯᠳᠤᠪᠠᠯ᠂ ᠴᠠᠭ ᠲᠤᠬᠠᠢ ᠳ᠋ᠤᠨᠢ ᠲᠤᠰᠬᠠᠢ ᠮᠡᠷᠭᠡᠵᠢᠯ᠎ᠦᠨ ᠠᠷᠭ᠎ᠠ ᠵᠠᠮ᠎ᠢᠶᠠᠷ ᠲᠤᠰᠠᠯᠠᠮᠵᠢ ᠭᠤᠶᠤᠴᠢᠯᠠᠵᠤ᠂ ᠰᠦᠯᠵᠢᠶᠡᠨ᠎ᠡᠴᠡ ᠭᠠᠳᠠᠨ᠎ᠠ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠨ ᠡᠷᠬᠡ᠎ᠪᠡᠨ ᠬᠠᠮᠠᠭᠠᠯᠠᠬᠤ ᠴᠣᠩᠬᠣᠪᠴᠢ᠎ᠳᠤ ᠣᠴᠢᠬᠤ ᠪᠤᠶᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠬᠠᠯᠠᠮᠰᠢᠯ ᠤᠲᠠᠰᠤ᠎ᠶᠢ ᠤᠲᠠᠰᠤᠳᠠᠵᠤ ᠪᠣᠯᠣᠨ᠎ᠠ᠂ ᠢᠩᠭᠢᠵᠦ ᠬᠠᠤᠯᠢ ᠶᠣᠰᠣᠭᠠᠷ ᠡᠷᠬᠡ᠎ᠪᠡᠨ ᠬᠠᠮᠠᠭᠠᠯᠠᠪᠠᠯ ᠰᠠᠶᠢ ᠠᠰᠠᠭᠤᠳᠠᠯ᠎ᠢ ᠨᠠᠩ ᠥᠨᠳᠥᠷ ᠪᠦᠲᠦᠮᠵᠢᠲᠡᠶ᠎ᠪᠡᠷ ᠰᠢᠢᠳᠪᠦᠷᠢᠯᠡᠵᠦ ᠴᠢᠳᠠᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            