ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠪᠠ ᠦᠨᠳᠦᠰᠦᠲᠡᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠮᠡᠳᠡᠯᠭᠡ ᠵᠢᠨ ᠰᠦᠯᠵᠢᠶᠡᠨ᠎ᠤ ᠱᠠᠩᠨᠠᠯ᠎ᠲᠠᠢ ᠥᠷᠢᠰᠥᠯᠳᠦᠨ ᠬᠠᠷᠢᠭᠤᠯᠬᠤ ᠠᠵᠢᠯᠯᠠᠭ᠎ᠠ ᠵᠢ ᠥᠷᠨᠢᠭᠦᠯᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2020-05-29

  ᠬᠣᠲᠠ ᠵᠢᠨ ᠠᠷᠠᠳ᠎ᠤᠨ ᠵᠥᠪᠯᠡᠯ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠤᠨ ᠲᠤᠰᠬᠠᠶ ᠳᠤᠭᠤᠶ᠋ᠢᠯᠠᠩ᠎ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠡᠯ᠎ᠡ ᠶᠠᠮᠤᠨ᠂ ᠵᠥᠪᠯᠡᠯ᠂ ᠠᠯᠪᠠᠨ

ᠭᠡᠷ᠂ ᠲᠢᠩᠬᠢᠮ᠂ ᠲᠣᠪᠴᠢᠶ᠎ᠠ᠂ ᠡᠯ᠎ᠡ   ᠠᠷᠠᠳ  ᠎ᠤᠨ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠎ᠳᠤ᠄
      ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠶ ᠴᠢᠬᠤᠯᠠ ᠥᠭᠦᠯᠡᠯᠲᠡ ᠪᠣᠯᠤᠨ ᠥᠪᠥᠷ ᠮᠤᠩᠭᠤᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠤᠱ᠌ᠠᠭᠤᠯᠬᠤ ᠵᠢᠨ ᠲᠥᠯᠥᠭᠡ᠂ ᠨᠠᠮ᠎ᠤᠨ ᠦᠨᠳᠦᠰᠦᠲᠡᠨ᠎ᠤ ᠣᠨᠣᠯ᠂ ᠦᠨᠳᠦᠰᠦᠲᠡᠨ᠎ᠤ ᠲᠥᠷᠥ ᠵᠢᠨ ᠪᠣᠳᠣᠯᠭ᠎ᠠ᠂ ᠦᠨᠳᠦᠰᠦᠲᠡᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠦᠨᠳᠦᠰᠦᠲᠡᠨ᠎ᠤ ᠦᠨᠳᠦᠰᠦᠨ ᠮᠡᠳᠡᠯᠭᠡ ᠵᠢᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠪᠦᠬᠦ ᠨᠡᠶ᠋ᠢᠭᠡᠮ ᠵᠶ᠋ᠠᠷ ᠵᠶ᠋ᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ   ᠪᠡᠬᠢᠵᠢᠭᠦᠯᠬᠦ᠎ᠳᠤ ᠪᠠᠲᠤ ᠪᠡᠬᠢ ᠬᠠᠤᠯᠢᠵᠢᠯ᠎ᠤᠨ ᠰᠠᠭᠤᠷᠢ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠤᠨ ᠲᠤᠰᠬᠠᠢ ᠳᠤᠭᠤᠶ᠋ᠢᠯᠠᠩ᠎ᠤᠨ   ᠠᠯᠪᠠᠨ   ᠭᠡᠷ 5 ᠰᠠᠷ᠎ᠠ ᠵᠢᠨ ᠬᠠᠮᠤᠭ ᠰᠡᠭᠦᠯᠴᠢ ᠵᠢᠨ ᠨᠢᠭᠡ ᠭᠠᠷᠠᠭ᠎ᠤᠨ 《ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ》 ᠵᠢ ᠤᠬᠠᠭᠤᠯᠬᠤ ᠭᠠᠷᠠᠭ᠎ᠤᠨ ᠬᠤᠭᠤᠴᠠᠭ᠋ᠠᠨ᠎ᠳᠤ 《ᠬᠠᠤᠯᠢ᠎ᠪᠠᠷ ᠵᠠᠰᠠᠬᠤ ᠵᠣᠷᠢᠭ ᠰᠠᠨᠠᠭ᠎ᠠ ᠵᠢ   ᠪᠠᠳᠠᠷᠠᠭᠤᠯᠤᠨ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ》᠎ᠪᠠᠷ ᠭᠣᠣᠯ ᠰᠡᠳᠦᠪ ᠪᠣᠯᠭ᠋ᠠᠭᠰᠠᠨ ᠲᠣᠣᠷ ᠰᠦᠯᠵᠢᠶᠡᠨ᠎ᠤ ᠨᠠᠮ᠎ᠤᠨ ᠦᠨᠳᠦᠰᠦᠲᠡᠨ᠎ᠤ ᠤᠨᠤᠯ ᠲᠦᠷᠦ ᠵᠢᠨ ᠪᠤᠳᠤᠯᠭ᠎ᠠ ᠪᠣᠯᠤᠨ ᠦᠨᠳᠦᠰᠦᠲᠡᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠮᠡᠳᠡᠯᠭᠡ ᠵᠢᠨ ᠱᠠᠩᠨᠠᠯ᠎ᠲᠠᠢ ᠦᠷᠢᠰᠦᠯᠳᠦᠨ ᠬᠠᠷᠢᠭᠤᠯᠬᠤ ᠠᠵᠢᠯᠯᠠᠭ᠎ᠠ ᠵᠢ ᠬᠠᠮᠲᠤ᠎ᠪᠠᠷ ᠡᠷᠬᠢᠯᠡᠨ᠎ᠡ᠃ ᠡᠳᠦᠭᠡ ᠬᠣᠯᠪᠣᠭᠳᠠᠯ ᠪᠦᠬᠦᠢ ᠤᠴᠢᠷ᠎ᠢ ᠳᠣᠤᠷᠠᠬᠢ ᠮᠡᠲᠦ ᠮᠡᠳᠡᠭᠳᠡᠶ᠎ᠡ᠄
    ᠨᠢᠭᠡ᠂ ᠥᠷᠢᠰᠦᠯᠳᠦᠨ ᠬᠠᠷᠢᠭᠤᠯᠬᠤ ᠴᠠᠭ
   2020 ᠣᠨ᠎ᠤ 5 ᠰᠠᠷ᠎ᠠ ᠵᠢᠨ 25᠎ᠤ ᠡᠳᠦᠷ᠎ᠤᠨ 8᠄ 30᠎ᠠᠴᠠ 2020 ᠣᠨ᠎ᠤ 5 ᠰᠠᠷ᠎ᠠ ᠵᠢᠨ 31᠎ᠤ ᠡᠳᠦᠷ᠎ᠤᠨ 17᠄ 30 ᠪᠣᠯᠲᠠᠯ᠎ᠠ 7 ᠡᠳᠦᠷ᠎ᠤᠨ ᠬᠤᠭᠤᠴᠠᠭ᠎ᠠ᠎ᠲᠠᠢ᠃
    ᠬᠣᠶᠠᠷ᠂ ᠥᠷᠢᠰᠦᠯᠳᠦᠨ ᠬᠠᠷᠢᠭᠤᠯᠬᠤ ᠠᠷᠭ᠎ᠠ ᠮᠠᠶᠢᠭ ᠪᠠ ᠠᠷᠭ᠎ᠠ ᠵᠠᠮ
   (ᠨᠢᠭᠡ) ᠥᠷᠢᠰᠦᠯᠳᠦᠨ ᠬᠠᠷᠢᠭᠤᠯᠬᠤ ᠠᠵᠢᠯᠯᠠᠭ᠎ᠠ᠎ᠳᠤ ᠣᠷᠣᠯᠴᠠᠬᠤ ᠠᠷᠭ᠎ᠠ ᠮᠠᠶᠢᠭ᠄ ᠭᠠᠷ ᠤᠲᠠᠰᠤᠨ᠎ᠤ ᠸᠢᠴᠠᠲ᠎ᠪᠠᠷ ᠰᠡᠳᠦᠪ ᠬᠠᠷᠢᠭᠤᠯᠬᠤ ᠠᠵᠢᠯᠯᠠᠭ᠎ᠠ ᠵᠢᠨ ᠺᠣᠳ᠋᠎ᠢ ᠰᠢᠷᠪᠢᠬᠦ ᠠᠷᠭ᠎ᠠ ᠮᠠᠶᠢᠭ ᠵᠶ᠋ᠠᠷ ᠰᠡᠳᠦᠪ ᠬᠠᠷᠢᠭᠤᠯᠬᠤ᠎ᠳᠤ ᠣᠷᠣᠯᠴᠠᠨ᠎ᠠ᠃
   (ᠬᠣᠶᠠᠷ) ᠥᠷᠢᠰᠦᠯᠳᠦᠨ ᠬᠠᠷᠢᠭᠤᠯᠬᠤ ᠠᠵᠢᠯᠯᠠᠭ᠎ᠠ᠎ᠳᠤ ᠣᠷᠣᠯᠴᠠᠬᠤ ᠠᠷᠭ᠎ᠠ ᠵᠠᠮ᠄ ᠪᠢᠴᠢᠭ ᠮᠠᠲ᠋ᠧᠷᠢᠶᠠᠯ᠎ᠤᠨ ᠳᠤᠤᠷ᠎ᠠ ᠲᠠᠯ᠎ᠠ ᠵᠢᠨ ᠺᠣᠳ᠋᠎ᠢ ᠰᠢᠭᠤᠳ ᠰᠢᠷᠪᠢᠵᠦ ᠰᠡᠳᠦᠪ ᠬᠠᠷᠢᠭᠤᠯᠬᠤ᠎ᠳᠤ ᠣᠷᠣᠯᠴᠠᠵᠤ

ᠪᠣᠯᠤᠨ᠎ᠠ; ᠪᠠᠰᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠠᠯᠪᠠᠨ ᠰᠦᠯᠵᠢᠶ᠎ᠡ (http://mw. nmg. gov. cn) ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠸᠢᠴᠠᠲ᠎ᠤᠨ ᠣᠯᠠᠨ ᠨᠡᠶ᠋ᠢᠲᠡ ᠵᠢᠨ ᠲᠠᠪᠴᠠᠩ (ID᠄ nmgzzqmzswwyh)᠎ᠤᠨ ᠬᠦᠷᠭᠡᠭᠰᠡᠨ ᠰᠡᠳᠦᠪ ᠬᠠᠷᠢᠭᠤᠯᠬᠤ ᠠᠵᠢᠯᠯᠠᠭ᠎ᠠ ᠵᠢᠨ ᠮᠡᠳᠡᠭᠳᠡᠯ᠎ᠪᠠᠷ ᠳᠠᠮᠵᠢᠨ ᠠᠵᠢᠯᠯᠠᠭ᠋ᠠᠨ᠎ᠤ ᠬᠠᠭᠤᠳᠠᠰᠤᠨ᠎ᠳᠤ ᠤᠷᠤᠵᠤ ᠪᠤᠯᠤᠨ᠎ᠠ  ᠃
    ᠭᠤᠷᠪᠠ᠂ ᠰᠡᠳᠦᠪ ᠬᠠᠷᠢᠭᠤᠯᠬᠤ ᠲᠦᠷᠢᠮ
    ᠤᠳᠠᠭ᠎ᠠ ᠪᠦᠷᠢ ᠵᠢᠨ ᠥᠷᠢᠰᠥᠯᠳᠦᠨ ᠬᠠᠷᠢᠭᠤᠯᠬᠤ ᠲᠠᠰᠢᠷᠠᠮ ᠵᠶ᠋ᠠᠷ ᠰᠡᠳᠦᠪ᠎ᠤᠳ ᠬᠥᠮᠥᠷᠭᠡ᠎ᠠᠴᠠ 5 ᠰᠡᠳᠦᠪ ᠲᠠᠲᠠᠵᠤ᠂ 10 ᠮᠢᠨᠦ᠋ᠲ᠎ᠤᠨ ᠳᠣᠲᠣᠷ᠎ᠠ 2 ᠰᠡᠳᠦᠪ᠎ᠠᠴᠠ ᠳᠡᠭᠡᠭᠰᠢ (2 ᠰᠡᠳᠦᠪ ᠪᠠᠭᠲᠠᠨ᠎ᠠ) ᠬᠠᠷᠢᠭᠤᠯᠪᠠᠯ ᠳᠠᠷᠤᠶ ᠨᠢᠭᠡ ᠤᠳᠠᠭ᠎ᠠ ᠱᠠᠩᠨᠠᠯ ᠰᠤᠭᠤᠯᠬᠤ ᠬᠢᠷᠢ ᠬᠡᠮ ᠣᠯᠵᠤ ᠪᠣᠯᠤᠨ᠎ᠠ᠂ ᠠᠳᠠᠯᠢ ᠨᠢᠭᠡᠨ ᠸᠢᠴᠠᠲ ᠡᠳᠦᠷ ᠪᠦᠷᠢ 2 ᠤᠳᠠᠭ᠎ᠠ ᠰᠡᠳᠦᠪ ᠬᠠᠷᠢᠭᠤᠯᠬᠤ ᠪᠠ ᠱᠠᠩᠨᠠᠯ ᠰᠤᠭᠤᠯᠬᠤ ᠲᠣᠬᠢᠶᠠᠯ᠎ᠲᠠᠢ᠃
    ᠳᠥᠷᠪᠡᠨ᠂ ᠱᠠᠩᠨᠠᠯ᠎ᠤᠨ ᠮᠥᠩᠭᠥ ᠵᠢᠨ ᠪᠠᠶ᠋ᠢᠷᠢᠯᠠᠭᠤᠯᠤᠯᠲᠠ
   (ᠨᠢᠭᠡ) 2 ᠰᠡᠳᠦᠪ ᠬᠠᠷᠢᠭᠤᠯᠤᠭᠰᠠᠳ᠎ᠲᠤ᠂ 1 ᠲᠥᠭᠥᠷᠢᠭ᠎ᠤᠨ ᠸᠢᠴᠠᠲ᠎ᠤᠨ ᠤᠯᠠᠭ᠋ᠠᠨ ᠪᠠᠭᠯᠠᠭ᠎ᠠ ᠠᠪᠬᠤ ᠲᠣᠬᠢᠶᠠᠯ᠎ᠲᠠᠢ᠃
   (ᠬᠣᠶᠠᠷ) 3 ᠰᠡᠳᠦᠪ ᠬᠠᠷᠢᠭᠤᠯᠤᠭᠰᠠᠳ᠎ᠲᠤ 1 ᠲᠥᠭᠥᠷᠢᠭ᠂ 2 ᠲᠥᠭᠥᠷᠢᠭ᠂ 5 ᠲᠥᠭᠥᠷᠢᠭ᠎ᠤᠨ ᠸᠢᠴᠠᠲ᠎ᠤᠨ ᠤᠯᠠᠭ᠋ᠠᠨ ᠪᠠᠭᠯᠠᠭ᠎ᠠ ᠠᠪᠬᠤ ᠲᠣᠬᠢᠶᠠᠯ᠎ᠲᠠᠢ᠃
   (ᠭᠤᠷᠪᠠ) 4 ᠰᠡᠳᠦᠪ ᠬᠠᠷᠢᠭᠤᠯᠤᠭᠰᠠᠳ᠎ᠲᠤ 1 ᠲᠥᠭᠥᠷᠢᠭ᠂ 2 ᠲᠥᠭᠥᠷᠢᠭ᠂ 5 ᠲᠥᠭᠥᠷᠢᠭ᠂ 10 ᠲᠥᠭᠥᠷᠢᠭ᠂ 20 ᠲᠥᠭᠥᠷᠢᠭ᠎ᠤᠨ ᠸᠢᠴᠠᠲ᠎ᠤᠨ ᠤᠯᠠᠭ᠋ᠠᠨ ᠪᠠᠭᠯᠠᠭ᠎ᠠ ᠠᠪᠬᠤ ᠲᠣᠬᠢᠶᠠᠯ᠎ᠲᠠᠢ᠃
   (ᠳᠥᠷᠪᠡ) 5 ᠰᠡᠳᠦᠪ ᠬᠠᠷᠢᠭᠤᠯᠤᠭᠰᠠᠳ᠎ᠲᠤ 1 ᠲᠥᠭᠥᠷᠢᠭ᠂ 2 ᠲᠥᠭᠥᠷᠢᠭ᠂ 5 ᠲᠥᠭᠥᠷᠢᠭ᠂ 10 ᠲᠥᠭᠥᠷᠢᠭ᠂ 20 ᠲᠥᠭᠥᠷᠢᠭ᠂ 50 ᠲᠥᠭᠥᠷᠢᠭ᠎ᠤᠨ ᠸᠢᠴᠠᠲ᠎ᠤᠨ ᠤᠯᠠᠭ᠋ᠠᠨ ᠪᠠᠭᠯᠠᠭ᠎ᠠ ᠵᠢ ᠰᠤᠭᠤᠯᠤᠨ ᠠᠪᠬᠤ ᠲᠣᠬᠢᠶᠠᠯ᠎ᠲᠠᠢ᠃
    ᠲᠠᠪᠤ᠂ ᠱᠠᠩᠨᠠᠯ᠎ᠤᠨ ᠮᠥᠩᠭᠥ ᠣᠯᠭᠣᠬᠤ ᠲᠦᠷᠢᠮ
      ᠸᠢᠴᠠᠲ᠎ᠤᠨ ᠪᠡᠯᠡᠨ ᠵᠣᠭᠣᠰ᠎ᠤᠨ ᠤᠯᠠᠭ᠋ᠠᠨ ᠪᠠᠭᠯᠠᠭ᠎ᠠ ᠵᠢ ᠰᠢᠭᠤᠳ ᠶᠠᠪᠤᠭᠤᠯᠵᠤ᠂ ᠱᠠᠩᠨᠠᠯ ᠣᠯᠤᠭᠰᠠᠨ ᠮᠡᠳᠡᠭᠡ   ᠵᠠᠩᠬᠢ ᠵᠢ ᠰᠡᠳᠦᠪ ᠬᠠᠷᠢᠭᠤᠯᠬᠤ ᠲᠦᠷᠦᠭᠦᠤ ᠨᠢᠭᠤᠷ ᠳᠡᠭᠡᠷ᠎ᠡ ᠦᠷᠭᠦᠯᠵᠢᠯᠡᠨ ᠨᠡᠶ᠋ᠢᠲᠡᠯᠡᠨ᠎ᠡ  ᠃
    ᠵᠢᠷᠭᠤᠭ᠎ᠠ᠂ ᠠᠵᠢᠯ᠎ᠤᠨ ᠱᠠᠭ᠋ᠠᠷᠳᠠᠯᠭ᠎ᠠ
    ᠲᠤᠰ ᠤᠳᠠᠭ᠋ᠠᠨ᠎ᠤ ᠰᠦᠯᠵᠢᠶᠡᠨ᠎ᠤ ᠱᠠᠩᠨᠠᠯᠲᠤ ᠬᠠᠷᠢᠭᠤᠯᠲᠠ ᠵᠢᠨ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠰᠢᠢ᠍ᠳᠪᠦᠷᠢᠳᠦ   ᠪᠤᠳᠤᠯᠭ᠎ᠠ ᠪᠠᠶ᠋ᠢᠷᠢᠯᠠᠭᠤᠯᠤᠯᠲᠠ ᠵᠢ ᠲᠤᠤᠱᠯᠠᠭᠤᠯᠬᠤ ᠴᠢᠬᠤᠯᠠ ᠠᠷᠭ᠎ᠠ ᠪᠠᠷᠢᠯ ᠪᠣᠯᠤᠨ᠎ᠠ᠃ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠪᠣᠯᠤᠨ ᠦᠨᠳᠦᠰᠦᠲᠡᠨ᠎ᠤ ᠬᠠᠤᠯᠢ ᠴᠠᠭ᠋ᠠᠵᠠ ᠬᠠᠤᠯᠢ   ᠲᠤᠭᠲᠠᠭ᠋ᠠᠯ᠎ᠤᠨ ᠮᠡᠳᠡᠯᠭᠡ ᠵᠢ ᠤᠬᠠᠭᠤᠯᠤᠨ ᠲᠦᠭᠡᠮᠡᠯᠵᠢᠭᠦᠯᠬᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ   ᠬᠠᠤᠯᠢ᠎ᠪᠠᠷ ᠵᠠᠰᠠᠬᠤ ᠦᠵᠡᠯᠲᠡ ᠵᠢ ᠨᠡᠮᠡᠭᠳᠡᠭᠦᠯᠬᠦ᠂ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ᠂   ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠦᠨᠡᠨᠬᠦ ᠪᠠᠲᠤ ᠪᠡᠬᠢ ᠪᠣᠶ ᠪᠣᠯᠭ᠋ᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠳᠡᠭᠡᠳᠤ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂   ᠨᠠᠷᠢᠨ ᠨᠢᠮᠪᠠᠶ ᠵᠣᠬᠢᠶᠠᠨ ᠪᠠᠶ᠋ᠢᠭᠤᠯᠤᠨ ᠲᠣᠬᠢᠷᠠᠭᠤᠯᠵᠤ᠂ ᠥᠷᠭᠡᠨ ᠵᠶ᠋ᠠᠷ ᠳᠠᠶ᠋ᠢᠴᠢᠯᠠᠨ ᠣᠷᠣᠯᠴᠠᠭᠤᠯᠵᠤ᠂ ᠲᠤᠰ ᠰᠠᠯᠠᠭ᠎ᠠ ᠮᠥᠴᠢᠷ᠂ ᠲᠤᠰ ᠪᠠᠶ᠋ᠢᠭᠤᠯᠭ᠎ᠠ ᠵᠢᠨ ᠠᠯᠪᠠᠨ᠎ᠤ ᠰᠦᠯᠵᠢᠶ᠎ᠡ ᠪᠣᠯᠤᠨ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ ᠳᠡᠭᠡᠷ᠎ᠡ ᠤᠬᠠᠭᠤᠯᠭ᠎ᠠ ᠵᠢ ᠰᠠᠶ᠋ᠢᠲᠤᠷ ᠬᠢᠵᠦ᠂ ᠠᠵᠢᠯᠯᠠᠭ᠎ᠠ ᠵᠢᠨ ᠬᠠᠮᠤᠷᠬᠤ ᠬᠡᠪᠴᠢᠶ᠎ᠡ ᠪᠣᠯᠤᠨ ᠨᠥᠯᠥᠭᠡᠯᠡᠬᠦ ᠬᠦᠴᠦᠨ᠎ᠢ ᠥᠷᠭᠡᠳᠬᠡᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠳᠤᠮᠳᠠ ᠬᠠᠤᠯᠢ ᠵᠢ ᠬᠦᠨᠳᠦᠳᠬᠡᠬᠦ ᠬᠠᠤᠯᠢ ᠵᠢ ᠰᠠᠬᠢᠬᠤ ᠬᠠᠤᠯᠢ ᠵᠢ   ᠬᠡᠷᠡᠭᠯᠡᠬᠦ ᠬᠠᠤᠯᠢ᠎ᠪᠠᠷ ᠵᠠᠰᠠᠬᠤ ᠤᠷᠴᠢᠨ ᠲᠤᠭᠤᠷᠢᠨ᠎ᠢ ᠢᠳᠡᠪᠬᠢᠲᠡᠶ᠎ᠪᠠᠷ ᠪᠤᠢ ᠪᠣᠯᠭ᠋ᠠᠨ᠎ᠠ᠃
   
   

ᠢᠷᠡᠯᠲᠡ᠄ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠮᠡᠷᠭᠡᠵᠢᠯ᠎ᠤᠨ ᠠᠵᠢᠯᠴᠢᠨ᠎ᠤ ᠰᠤᠷᠭᠠᠭᠤᠯᠢ ᠪᠠᠢᠭᠤᠯᠬᠤ᠎ᠶ᠋ᠢ ᠦᠨᠡᠯᠡᠨ ᠵᠢᠱ᠌ᠢᠭ᠌ᠰᠡᠨ ᠦᠷ᠎ᠡ ᠳ᠋ᠦᠩ᠎ᠤᠨ ᠲᠤᠬᠠᠢ ᠢᠯᠡ ᠨᠡᠢᠳᠡᠯᠡᠯ
ᠣᠷᠳᠣᠰ᠎ᠤᠨ ᠠᠵᠤ ᠦᠢ᠍ᠯᠡᠳᠪᠦᠷᠢ ᠵᠢᠨ ᠮᠠᠰᠲ᠋ᠧᠷ᠎ᠤᠨ ᠳᠡᠭᠡᠳᠦ ᠰᠤᠷᠭ᠋ᠠᠭᠤᠯᠢ ᠪᠣᠯᠤᠨ ᠣᠷᠳᠣᠰ᠎ᠤᠨ ᠮᠠᠰᠲ᠋ᠧᠷ᠎ᠤᠨ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ᠎ᠤᠨ ᠬᠢᠨᠠᠨ ᠲᠣᠬᠳᠠᠭ᠋ᠠᠯᠳᠠ ᠬᠢᠭᠰᠡᠨ ᠦᠷ᠎ᠠ ᠳ᠋ᠦᠩ᠎ᠤᠨ ᠲᠣᠬᠠᠢ ᠢᠯᠡ ᠵᠠᠷᠯᠠᠯ
ᠣᠷᠳᠣᠰ᠎ᠤᠨ ᠠᠵᠤ ᠦᠢ᠍ᠯᠡᠳᠪᠦᠷᠢ ᠵᠢᠨ ᠮᠠᠰᠲ᠋ᠧᠷ᠎ᠤᠨ ᠳᠡᠭᠡᠳᠦ ᠰᠤᠷᠭ᠋ᠠᠭᠤᠯᠢ ᠪᠣᠯᠤᠨ ᠣᠷᠳᠣᠰ᠎ᠤᠨ ᠮᠠᠰᠲ᠋ᠧᠷ᠎ᠤᠨ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ᠎ᠤᠨ ᠬᠢᠨᠠᠨ ᠲᠣᠬᠳᠠᠭ᠋ᠠᠯᠳᠠ ᠬᠢᠭᠰᠡᠨ ᠦᠷ᠎ᠠ ᠳ᠋ᠦᠩ᠎ᠤᠨ ᠲᠣᠬᠠᠢ ᠢᠯᠡ ᠵᠠᠷᠯᠠᠯ
ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠪᠠᠶ᠋ᠢᠭᠤᠯᠬᠤ ᠵᠢ ᠬᠢᠨᠠᠨ ᠵᠦᠪᠰᠢᠶᠡᠷᠠᠵᠦ ᠬᠢᠨᠠᠨ ᠲᠣᠬᠳᠠᠭ᠋ᠠᠬᠰᠠᠨ ᠦᠷ᠎ᠠ ᠳ᠋ᠦᠩ᠎ᠤᠨ ᠲᠠᠬᠠᠢ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠮᠠᠰᠢᠨ ᠵᠣᠬᠰᠣᠬᠣ ᠠᠯᠪᠠᠨ ᠵᠠᠷᠯᠠᠯ
 
            