《ᠠᠵᠢᠯ ᠦᠢ᠍ᠯᠡᠰ᠎ᠤᠨ ᠨᠢᠭᠡᠴᠡ ᠵᠢᠨ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠳᠦᠷᠢᠮ》ᠪᠣᠯᠤᠨ《ᠠᠵᠢᠯ ᠦᠢ᠍ᠯᠡᠰ᠎ᠤᠨ ᠨᠢᠭᠡᠴᠡ ᠵᠢᠨ ᠢᠯᠡ᠎ᠪᠠᠷ ᠠᠵᠢᠯᠲᠠᠨ ᠡᠯᠰᠡᠬᠦ ᠲᠤᠬᠠᠢ ᠲᠦᠷ ᠬᠡᠷᠡᠭᠵᠢᠭᠦᠯᠬᠦ
ᠲᠣᠭᠲᠠᠭ᠋ᠠᠯ》᠎ᠤᠨ ᠱᠠᠭ᠋ᠠᠷᠳᠠᠯᠭ᠎ᠠ ᠶᠣᠰᠣᠭ᠋ᠠᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠡ ᠵᠢᠨ ᠢᠯᠡ᠎ᠪᠠᠷ ᠠᠵᠢᠯᠲᠠᠨ ᠡᠯᠰᠡᠬᠦ ᠶᠡᠷᠦᠩᠬᠡᠢ ᠲᠥᠰᠦᠯ》 (ᠥᠪᠥᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠦᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠢ᠌ᠭᠡᠮ᠎ᠤᠨ ᠪᠠᠳᠤᠯᠠᠭ᠎ᠠ ᠵᠢᠨ ᠲᠢᠩᠭᠢᠮ᠎ᠤᠨ ᠠᠯᠪᠠᠨ ᠭᠡᠷ᠎ᠤᠨ ᠲᠠᠷᠬᠠᠭ᠋ᠠᠭᠰᠠᠨ [2019] 61 ᠳ᠋ᠦ᠍ᠭᠡᠷ ᠲᠣᠭ᠋ᠠᠲᠤ) ᠵᠢᠨ ᠲᠣᠭᠲᠠᠭ᠋ᠠᠯ᠎ᠢ ᠦᠨᠳᠦᠰᠦᠯᠡᠨ᠂ 2021 ᠣᠨ᠎ᠤ ᠳᠡᠭᠡᠷ᠎ᠡ ᠬᠠᠭ᠋ᠠᠰ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠡ ᠵᠢᠨ ᠢᠯᠡ᠎ᠪᠠᠷ ᠡᠯᠰᠡᠬᠦ ᠰᠢᠯᠭ᠋ᠠᠯᠲᠠ ᠵᠢᠨ ᠠᠵᠢᠯ ᠡᠬᠢᠯᠡᠪᠡ᠃ ᠲᠤᠰ ᠤᠳᠠᠭ᠎ᠠ ᠵᠢᠨ ᠢᠯᠡ᠎ᠪᠠᠷ ᠡᠯᠰᠡᠬᠦ ᠰᠢᠯᠭ᠋ᠠᠯᠲᠠ᠎ᠨᠢ ᠥᠪᠡᠷᠲᠡᠭᠡᠨ ᠵᠠᠰᠠᠬᠤ ᠣᠷᠣᠨ᠎ᠤ 36 ᠲᠢᠩᠬᠢᠮ ᠲᠣᠪᠴᠢᠶ᠎ᠠ ᠪᠠ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠡ ᠵᠢᠨ 912 ᠠᠵᠢᠯ᠎ᠤᠨ ᠪᠠᠶ᠋ᠢᠷᠢ᠎ᠳᠤ ᠬᠣᠯᠪᠣᠭᠳᠠᠵᠤ ᠪᠣᠢ᠃ ᠡᠭᠦᠨ᠎ᠳᠤ ᠨᠠᠮ ᠪᠠ ᠣᠯᠠᠨ ᠲᠦᠮᠡᠨ᠎ᠤ ᠰᠢᠰᠲ᠋ᠧᠮ᠎ᠤᠨ 13 ᠨᠢᠭᠡᠴᠡ᠎ᠳᠤ 156 ᠬᠥᠮᠦᠨ ᠡᠯᠰᠡᠬᠦ᠎ᠪᠠᠷ ᠲᠥᠯᠥᠪᠯᠡᠵᠦ ᠪᠠᠶ᠋ᠢᠨ᠎ᠠ; ᠵᠠᠰᠠᠭ᠎ᠤᠨ ᠣᠷᠳᠣᠨ᠎ᠤ ᠰᠢᠰᠲ᠋ᠧᠮ᠎ᠤᠨ 23 ᠨᠢᠭᠡᠴᠡ᠎ᠳᠤ 756 ᠬᠥᠮᠦᠨ ᠡᠯᠰᠡᠬᠦ᠎ᠪᠠᠷ ᠲᠥᠯᠥᠪᠯᠡᠵᠦ ᠪᠣᠢ᠃ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ᠎ᠤᠨ ᠪᠠᠢ᠌ᠷᠢ᠎ᠳᠤ 282 ᠬᠥᠮᠦᠨ᠂ ᠲᠥᠷᠥᠯ ᠵᠦᠢ᠍ᠯ᠎ᠤᠨ 123 ᠬᠥᠮᠦᠨ᠂ ᠮᠣᠩᠭᠣᠯ ᠬᠢᠲᠠᠳ ᠬᠡᠯᠡᠨ᠎ᠳᠤ ᠨᠡᠪᠲᠡᠷᠡᠭᠰᠡᠨ 56 ᠬᠥᠮᠦᠨ ᠡᠯᠰᠡᠨ᠎ᠡ᠃
ᠰᠢᠯᠭ᠋ᠠᠯᠲᠠ᠎ᠳᠤ ᠨᠡᠷ᠎ᠡ ᠮᠡᠳᠡᠭᠦᠯᠬᠦ ᠠᠵᠢᠯ᠎ᠢ ᠬᠣᠶᠠᠷ ᠱᠠᠲᠤ ᠬᠤᠪᠢᠶᠠᠨ᠎ᠠ᠄ ᠨᠢᠭᠡᠳᠦᠭᠡᠷ ᠱᠠᠲᠤ ᠨᠢ 2021 ᠣᠨ᠎ᠤ 4 ᠰᠠᠷ᠎ᠠ ᠵᠢᠨ 12᠎ᠤ ᠡᠳᠦᠷ᠎ᠤᠨ 9 ᠴᠠᠭ᠎ᠠᠴᠠ 4 ᠰᠠᠷ᠎ᠠ ᠵᠢᠨ 15᠎ᠤ ᠡᠳᠦᠷ᠎ᠤᠨ 12 ᠴᠠᠭ
ᠪᠣᠯᠲᠠᠯ᠎ᠠ᠂ 《ᠮᠣᠩᠭᠣᠯ ᠬᠢᠲᠠᠳ ᠬᠡᠯᠡ᠎ᠳᠤ ᠨᠡᠪᠳᠡᠷᠡᠭᠰᠡᠨ》᠂ 《ᠲᠥᠷᠥᠯ ᠵᠦᠢ᠍ᠯ᠎ᠤᠨ ᠠᠵᠢᠯᠲᠠᠨ》 ᠪᠠ 《ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ》 ᠠᠵᠢᠯ᠎ᠤᠨ ᠪᠠᠶ᠋ᠢᠷᠢ᠎ᠳᠤ ᠨᠡᠷ᠎ᠡ ᠮᠡᠳᠡᠭᠦᠯᠦᠨ᠎ᠡ; ᠬᠣᠶᠠᠳᠤᠭ᠋ᠠᠷ ᠱᠠᠳᠤ᠎ᠨᠢ 4 ᠰᠠᠷ᠎ᠠ ᠵᠢᠨ 21᠎ᠤ ᠡᠳᠦᠷ᠎ᠤᠨ 9 ᠴᠠᠭ᠎ᠠᠴᠠ 4 ᠰᠠᠷ᠎ᠠ ᠵᠢᠨ 24᠎ᠤ ᠡᠳᠦᠷ᠎ᠤᠨ 12 ᠴᠠᠭ ᠪᠣᠯᠲᠠᠯ᠎ᠠ᠂ ᠡᠩ᠎ᠤᠨ ᠠᠵᠢᠯ᠎ᠤᠨ ᠪᠠᠶ᠋ᠢᠷᠢ ᠪᠣᠯᠤᠨ ᠰᠢᠨᠵᠢ ᠴᠢᠨᠠᠷ᠎ᠢ᠎ᠨᠢ ᠬᠤᠪᠢᠷᠠᠭᠤᠯᠤᠭᠰᠠᠨ ᠠᠵᠢᠯ᠎ᠤᠨ ᠪᠠᠶ᠋ᠢᠷᠢ᠎ᠳᠤ ᠨᠡᠷ᠎ᠡ ᠮᠡᠳᠡᠭᠦᠯᠦᠨ᠎ᠡ᠃ ᠰᠢᠯᠭ᠋ᠠᠯᠲᠠ ᠵᠢᠨ ᠪᠢᠷ᠎ᠤᠨ ᠰᠢᠯᠭ᠋ᠠᠯᠲᠠ ᠵᠢᠨ ᠴᠠᠭ᠎ᠢ 2021 ᠣᠨ᠎ᠤ 5 ᠰᠠᠷ᠎ᠠ ᠵᠢᠨ 22᠎ᠤ ᠡᠳᠦᠷ (ᠭᠠᠷᠠᠭ᠎ᠤᠨ ᠵᠢᠷᠭᠤᠭ᠋ᠠᠨ) ᠶᠠᠪᠤᠭᠳᠠᠭᠤᠯᠬᠤ᠎ᠪᠠᠷ ᠲᠤᠭᠳᠠᠵᠦ᠂ ᠦᠳᠡ ᠵᠢᠨ ᠡᠮᠦᠨᠡᠬᠢ 8 ᠴᠠᠭ 30 ᠮᠢᠨᠦ᠋ᠲ᠎ᠠᠴᠠ 10 ᠴᠠᠭ ᠪᠣᠯᠲᠠᠯ᠎ᠠ 《ᠠᠵᠢᠯ ᠮᠡᠷᠭᠡᠵᠢᠯ᠎ᠤᠨ ᠴᠢᠳᠠᠪᠤᠷᠢ ᠵᠢᠨ ᠲᠤᠬᠠᠢ ᠰᠢᠯᠭ᠋ᠠᠯᠲᠠ》᠂ 10 ᠴᠠᠭ᠎ᠠᠴᠠ 12 ᠴᠠᠭ ᠪᠣᠯᠲᠠᠯ᠎ᠠ 《ᠶᠡᠷᠦᠩᠬᠡᠶ᠋ᠢᠯᠡᠭᠰᠡᠨ ᠬᠡᠷᠡᠭᠯᠡᠭᠡᠨ᠎ᠤ ᠴᠢᠳᠠᠪᠤᠷᠢ》 ᠵᠢ ᠰᠢᠯᠭ᠋ᠠᠬᠤ᠎ᠪᠠᠷ ᠪᠤᠳᠠᠳᠢ ᠲᠤᠬᠢᠷᠠᠭᠤᠯᠵᠠᠢ᠃ ᠪᠢᠷ᠎ᠤᠨ ᠰᠢᠯᠭ᠋ᠠᠯᠲᠠ ᠳᠠᠭᠤᠰᠤᠭᠰᠠᠨ᠎ᠤ ᠳᠠᠷᠠᠭ᠎ᠠ ᠬᠢᠷᠢ ᠭᠡᠮ᠎ᠢ ᠳᠠᠬᠢᠨ ᠬᠢᠨᠠᠬᠤ᠂ ᠨᠢᠭᠤᠷᠳᠠᠨ ᠰᠢᠯᠭ᠋ᠠᠬᠤ᠂ ᠪᠡᠶ᠎ᠡ ᠵᠢᠨ ᠪᠠᠶ᠋ᠢᠴᠠᠭ᠋ᠠᠯᠲᠠ ᠪᠠ ᠪᠠᠢ᠌ᠴᠠᠭ᠋ᠠᠵᠦ ᠦᠵᠡᠬᠦ ᠵᠡᠷᠭᠡ ᠠᠵᠢᠯ ᠬᠢᠨ᠎ᠡ (ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠪᠠ ᠪᠣᠯᠪᠠᠰᠤᠷᠠᠯ᠎ᠤᠨ ᠰᠦᠯᠵᠢᠶ᠎ᠡ ᠵᠢᠨ 《ᠰᠢᠯᠭ᠋ᠠᠯᠲᠠ ᠵᠢᠨ ᠲᠤᠰᠬᠠᠢ ᠪᠤᠯᠤᠩ》 《ᠠᠵᠢᠯ ᠦᠢ᠍ᠯᠡᠰ᠎ᠤᠨ ᠨᠢᠭᠡᠴᠡ ᠵᠢᠨ ᠰᠢᠯᠭ᠋ᠠᠯᠲᠠ》 ᠵᠡᠷᠭᠡ ᠡᠯ᠎ᠡ ᠨᠢᠭᠡᠴᠡ ᠵᠢᠨ ᠤᠷᠢᠨ ᠬᠡᠷᠡᠭᠯᠡᠬᠦ ᠲᠣᠪᠴᠢ ᠳᠦᠷᠢᠮ᠎ᠢ ᠨᠠᠷᠢᠨ
ᠦᠵᠡᠭᠡᠷᠡᠢ)᠃