ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠳᠠᠭ᠋ᠠᠳᠬᠠᠯ᠎ᠳᠤ ᠣᠷᠣᠯᠴᠠᠭᠰᠠᠨ ᠡᠯ᠎ᠡ ᠨᠢᠭᠡᠴᠡ᠄
ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠵᠢ ᠬᠢᠨᠠᠨ ᠲᠣᠭᠲᠠᠭ᠋ᠠᠬᠤ ᠪᠠ ᠣᠯᠭᠣᠮᠵᠢ ᠵᠢ ᠪᠣᠳᠣᠵᠤ ᠣᠯᠭᠣᠬᠤ ᠠᠵᠢᠯ᠎ᠢ ᠰᠠᠶ᠋ᠢᠲᠤᠷ ᠬᠢᠬᠦ ᠵᠢᠨ ᠲᠤᠰᠠᠳᠠ 《2021 ᠣᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠮᠡᠳᠡᠭᠳᠡᠯ 》 (ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠤᠨ ᠲᠠᠷᠬᠠᠭ᠋ᠠᠭᠰᠠᠨ [2021]2 ᠳ᠋ᠤᠭ᠋ᠠᠷ ᠲᠣᠭ᠋ᠠᠲᠤ)᠂ 《2021 ᠣᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ ᠲᠠᠲᠠᠪᠤᠷᠢᠯᠠᠬᠤ ᠦᠢ᠍ᠯᠡᠴᠢᠯᠡᠭᠡᠨ᠎ᠤ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ 》 (ᠥᠪᠥᠷ ᠮᠤᠩᠭᠤᠯ ᠤᠨ ᠭᠠᠢ᠌ᠯᠢ ᠵᠢᠨ ᠲᠤᠪᠴᠢᠶ᠎ᠠ ᠵᠢᠨ ᠲᠠᠷᠬᠠᠭ᠋ᠠᠭᠰᠠᠨ[2021]35 ᠳ᠋ᠤᠭ᠋ᠠᠷ ᠲᠣᠭ᠋ᠠᠲᠤ) ᠪᠣᠯᠤᠨ 《ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠠᠭᠤᠷᠢ ᠲᠣᠭ᠎ᠠ ᠵᠢ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ 》 ( ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠵᠢᠨ ᠠᠯᠪᠠᠨ ᠬᠡᠷ᠎ᠠᠴᠠ
ᠲᠠᠷᠬᠠᠭ᠋ᠠᠭᠰᠠᠨ[2021]145 ᠳ᠋ᠤᠭ᠋ᠠᠷ ᠲᠣᠭ᠋ᠠᠲᠤ) ᠵᠢᠨ ᠲᠣᠭᠲᠠᠭ᠋ᠠᠯ᠎ᠢ ᠦᠨᠳᠦᠰᠦᠯᠡᠨ᠂ ᠡᠳᠦᠭᠡ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠠᠭᠤᠷᠢ ᠲᠣᠭ᠎ᠠ ᠵᠢ ᠬᠢᠨᠠᠨ ᠲᠣᠭᠲᠠᠭ᠋ᠠᠬᠤ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠄
ᠨᠢᠭᠡ᠂ ᠬᠢᠨᠠᠨ ᠲᠣᠭᠲᠠᠭ᠋ᠠᠬᠤ ᠬᠡᠪᠴᠢᠶ᠎ᠡ
ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠳᠤ ᠣᠷᠣᠯᠴᠠᠭᠰᠠᠨ ᠨᠢᠭᠡᠴᠡ᠃
ᠬᠣᠶᠠᠷ᠂ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢ ᠬᠢᠨᠠᠨ ᠲᠣᠭᠲᠠᠭ᠋ᠠᠬᠤ
2020 ᠣᠨ᠎ᠤ ᠥᠪᠡᠷᠲᠡᠭᠡᠨ ᠵᠠᠰᠠᠬᠤ ᠣᠷᠣᠨ᠎ᠤ ᠬᠣᠲᠠ ᠪᠠᠯᠭ᠋ᠠᠰᠤ ᠵᠢᠨ ᠬᠤᠪᠢ ᠵᠢᠨ ᠡᠵᠡᠩᠨᠡᠯᠲᠡ ᠵᠢᠨ ᠪᠤᠰᠤ ᠨᠢᠭᠡᠴᠡ ᠵᠢᠨ ᠠᠵᠢᠯ ᠣᠯᠤᠭᠰᠠᠨ ᠬᠥᠮᠦᠰ᠎ᠤᠨ ᠳᠤᠮᠳᠠᠴᠢ ᠴᠠᠯᠢᠩ ᠪᠣᠯᠤᠨ ᠬᠣᠲᠠ ᠪᠠᠯᠭ᠋ᠠᠰᠤ ᠵᠢᠨ ᠬᠤᠪᠢ ᠵᠢᠨ ᠡᠵᠡᠩᠨᠡᠯᠲᠡ ᠵᠢᠨ ᠨᠢᠭᠡᠴᠡ ᠵᠢᠨ ᠠᠵᠢᠯ ᠣᠯᠤᠭᠰᠠᠨ ᠬᠥᠮᠦᠰ᠎ᠤᠨ ᠳᠤᠮᠳᠠᠴᠢ ᠴᠠᠯᠢᠩ᠎ᠤᠨ ᠨᠡᠮᠡᠭᠦᠷᠢ ᠵᠢ ᠪᠤᠳᠤᠬᠤ ᠠᠷᠭ᠎ᠠ᠎ᠪᠠᠷ ᠲᠤᠭ᠋ᠠᠴᠠᠵᠤ ᠪᠤᠳᠤᠭᠰᠠᠨ ᠬᠣᠲᠠ ᠪᠠᠯᠭ᠋ᠠᠰᠤ ᠵᠢᠨ ᠨᠢᠭᠡᠴᠡ ᠵᠢᠨ ᠠᠵᠢᠯ ᠣᠯᠤᠭᠰᠠᠨ ᠬᠥᠮᠦᠰ᠎ᠤᠨ ᠪᠦᠬᠦ ᠲᠦᠷᠤᠯᠵᠢᠯᠤᠨ ᠰᠠᠷ᠎ᠠ ᠵᠢᠨ ᠳᠤᠮᠳᠠᠴᠢ ᠴᠠᠯᠢᠩ᠎ᠢ ᠦᠨᠳᠤᠰᠤᠯᠡᠵᠤ ᠲᠤᠭᠳᠠᠭ᠋ᠠᠨ᠎ᠠ (ᠳᠣᠷᠣᠭᠰᠢ ᠪᠦᠬᠦ ᠲᠦᠷᠤᠯᠵᠢᠯᠤᠨ ᠰᠠᠷ᠎ᠠ ᠵᠢᠨ ᠳᠤᠮᠳᠠᠴᠢ ᠴᠠᠯᠢᠩ ᠭᠡᠵᠦ ᠲᠣᠪᠴᠢᠯᠠᠨ᠎ᠠ) ᠵᠢ ᠦᠨᠳᠦᠰᠦᠯᠡᠨ ᠲᠣᠭᠲᠠᠭ᠋ᠠᠨ᠎ᠠ᠃ ᠡᠭᠦᠨ᠎ᠳᠤ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠎ᠤ ᠰᠦᠢ᠍ᠳᠬᠡᠯ ᠲᠤᠰᠢᠶᠠᠬᠤ ᠴᠠᠯᠢᠩ᠎ᠤᠨ ᠳᠡᠭᠡᠷ᠎ᠡ ᠬᠢᠵᠠᠭ᠋ᠠᠷ᠎ᠢ 2020 ᠣᠨ᠎ᠤ ᠪᠦᠬᠦ ᠪᠠᠷᠢᠮᠵᠢᠶ᠎ᠠ ᠵᠢᠨ ᠰᠠᠷ᠎ᠠ ᠵᠢᠨ ᠳᠤᠮᠳᠠᠴᠢ ᠴᠠᠯᠢᠩ᠎ᠤᠨ 6344 ᠲᠥᠭᠥᠷᠢᠭ᠎ᠤᠨ 300%᠎ᠪᠠᠷ ᠬᠢᠨᠠᠨ ᠲᠣᠭᠲᠠᠭ᠋ᠠᠵᠤ᠂ ᠳᠣᠣᠷ᠎ᠠ ᠲᠠᠯ᠎ᠠ ᠵᠢᠨ ᠬᠢᠵᠠᠭ᠋ᠠᠷ᠎ᠢ 2020 ᠣᠨ᠎ᠤ ᠪᠦᠬᠦ ᠪᠠᠷᠢᠮᠵᠢᠶ᠎ᠠ ᠵᠢᠨ ᠰᠠᠷ᠎ᠠ ᠵᠢᠨ ᠳᠤᠮᠳᠠᠴᠢ ᠴᠠᠯᠢᠩ᠎ᠤᠨ 6344 ᠲᠥᠭᠥᠷᠢᠭ᠎ᠤᠨ 60%᠎ᠪᠠᠷ ᠬᠢᠨᠠᠨ ᠲᠣᠭᠲᠠᠭ᠋ᠠᠨ᠎ᠠ᠃
ᠳᠡᠭᠡᠷ᠎ᠡ ᠵᠢᠯ᠎ᠤᠨ ᠬᠥᠮᠦᠨ ᠬᠡᠷᠡᠭᠯᠡᠬᠦ ᠨᠢᠭᠡᠴᠡ ᠵᠢᠨ ᠴᠠᠯᠢᠩ᠎ᠤᠨ ᠶᠡᠷᠦᠩᠬᠡᠢ ᠲᠣᠭ᠎ᠠ ᠵᠢ ᠦᠨᠳᠤᠰᠤᠯᠡᠵᠤ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢ ᠬᠢᠨᠠᠨ ᠲᠣᠭᠲᠠᠭ᠋ᠠᠨ᠎ᠠ᠃ ᠳᠡᠭᠡᠷ᠎ᠡ ᠵᠢᠯ᠎ᠤᠨ ᠪᠦᠬᠦ ᠲᠦᠷᠤᠯᠵᠢᠯᠤᠨᠢ ᠰᠠᠷ᠎ᠠ ᠵᠢᠨ ᠳᠤᠮᠳᠠᠴᠢ ᠴᠠᠯᠢᠩ᠎ᠢ ᠨᠡᠢ᠌ᠳᠡᠯᠡᠬᠦ᠎ᠠᠴᠠ ᠡᠮᠦᠨ᠎ᠡ᠂ ᠰᠠᠷ᠎ᠠ ᠰᠠᠷ᠎ᠠ᠎ᠪᠠᠷ ᠤᠷᠢᠳᠴᠢᠯᠠᠨ ᠬᠢᠨᠠᠨ ᠲᠣᠭᠲᠠᠭ᠋ᠠᠭᠰᠠᠨ ᠬᠥᠮᠦᠨ ᠬᠡᠷᠡᠭᠯᠡᠬᠦ ᠨᠢᠭᠡᠴᠡ ᠵᠢᠨ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ᠎ᠨᠢ᠂ ᠡᠯ᠎ᠡ ᠬᠥᠮᠦᠨ ᠬᠡᠷᠡᠭᠯᠡᠬᠦ ᠨᠢᠭᠡᠴᠡ ᠵᠢᠨ ᠤᠷᠢᠳᠴᠢᠯᠠᠨ ᠬᠢᠨᠠᠨ ᠲᠣᠭᠲᠠᠭ᠋ᠠᠭᠰᠠᠨ ᠵᠣᠭᠣᠰ᠎ᠤᠨ ᠲᠣᠭ᠎ᠠ᠎ᠳᠤ ᠵᠥᠷᠢᠶ᠎ᠡ ᠵᠢ ᠲᠣᠬᠢᠷᠠᠭᠤᠯᠤᠨ ᠰᠢᠢ᠍ᠳᠪᠦᠷᠢᠯᠡᠨ᠎ᠡ᠃ ᠬᠥᠮᠦᠨ ᠬᠡᠷᠡᠭᠯᠡᠬᠦ ᠨᠢᠭᠡᠴᠡ 2021 ᠤᠨ᠎ᠤ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢ ᠭᠤᠶᠤᠴᠢᠯᠠᠨ ᠮᠡᠳᠡᠭᠦᠯᠬᠦ᠎ᠳᠤ᠂ ᠠᠵᠢᠯᠲᠠᠨ ᠠᠵᠢᠯᠴᠢᠨ᠎ᠤ ᠲᠤᠰ ᠬᠥᠮᠦᠨ᠎ᠤ ᠰᠦᠢ᠍ᠳᠬᠡᠯ ᠲᠤᠰᠢᠶᠠᠬᠤ ᠴᠠᠯᠢᠩ᠎ᠢ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠮᠡᠳᠡᠭᠦᠯᠬᠦ ᠬᠡᠷᠡᠭᠲᠡᠢ᠃ ᠴᠠᠯᠢᠩ᠎ᠤᠨ ᠶᠡᠷᠦᠩᠬᠡᠢ ᠲᠣᠭ᠋ᠠᠨ᠎ᠤ ᠪᠦᠷᠢᠯᠳᠦᠯ᠎ᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ 《ᠴᠠᠯᠢᠩ᠎ᠤᠨ ᠶᠡᠷᠦᠩᠬᠡᠢ ᠲᠣᠭ᠎ᠠ᠎ᠪᠠᠷ ᠪᠦᠷᠢᠯᠳᠦᠭᠦᠯᠬᠦ ᠲᠤᠬᠠᠢ ᠲᠣᠭᠲᠠᠭ᠋ᠠᠯ 》 (ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ [1990]1 ᠳ᠋ᠦ᠍ᠭᠡᠷ ᠲᠣᠭ᠋ᠠᠲᠤ ᠵᠠᠷᠯᠢᠭ) ᠪᠣᠯᠤᠨ 《ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢ ᠵᠢᠷᠤᠮᠵᠢᠭᠤᠯᠬᠤ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠮᠡᠳᠡᠭᠳᠡᠯ 》 (ᠬᠥᠳᠡᠯᠮᠦᠷᠢ ᠪᠠ ᠨᠡᠶ᠋ᠢᠭᠡᠮ᠎ᠤᠨ ᠪᠠᠳᠤᠯᠠᠭ᠎ᠠ ᠵᠢᠨ ᠶᠠᠮᠤᠨ᠎ᠤ ᠨᠡᠢ᠌ᠬᠡᠮ᠎ᠤᠨ ᠪᠠᠳᠤᠯᠠᠭ᠎ᠠ ᠵᠢᠨ ᠠᠵᠢᠯ ᠦᠢ᠍ᠯᠡᠰ᠎ᠤᠨ ᠬᠠᠮᠢᠶᠠᠷᠤᠯᠳᠠ ᠵᠢᠨ ᠲᠦᠪ᠎ᠤᠨ ᠠᠯᠪᠠᠨ ᠪᠢᠴᠢᠭ [2006]60 ᠳ᠋ᠤᠭ᠋ᠠᠷ ᠲᠣᠭ᠋ᠠᠲᠤ ) ᠵᠡᠷᠭᠡ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠭᠤᠷᠪᠠ᠂ ᠣᠯᠭᠣᠮᠵᠢ ᠵᠢ ᠪᠣᠳᠣᠵᠤ ᠣᠯᠭᠣᠬᠤ ᠰᠠᠭᠤᠷᠢ ᠲᠣᠭ᠎ᠠ
2021 ᠣᠨ᠎ᠤ ᠣᠯᠭᠣᠮᠵᠢ ᠵᠢ ᠪᠣᠳᠣᠵᠤ ᠣᠯᠭᠣᠬᠤ ᠰᠠᠭᠤᠷᠢ ᠲᠣᠭ᠎ᠠ ᠵᠢ 2020 ᠣᠨ᠎ᠤ ᠥᠪᠡᠷᠲᠡᠭᠡᠨ ᠵᠠᠰᠠᠬᠤ ᠣᠷᠣᠨ᠎ᠤ ᠬᠣᠲᠠ ᠪᠠᠯᠭ᠋ᠠᠰᠤ ᠵᠢᠨ ᠬᠤᠪᠢ ᠵᠢᠨ ᠪᠤᠰᠤ ᠡᠵᠡᠩᠨᠡᠯᠲᠡ ᠵᠢᠨ ᠨᠢᠭᠡᠴᠡ ᠵᠢᠨ ᠠᠵᠢᠯ ᠣᠯᠤᠭᠰᠠᠨ ᠬᠥᠮᠦᠰ᠎ᠤᠨ ᠰᠠᠷ᠎ᠠ ᠵᠢᠨ ᠳᠤᠮᠳᠠᠴᠢ ᠴᠠᠯᠢᠩ 7109 ᠲᠥᠭᠥᠷᠢᠭ ᠵᠶ᠋ᠡᠷ ᠪᠣᠳᠣᠵᠤ ᠣᠯᠭᠣᠨ᠎ᠠ᠃ 2022 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠬᠣᠶ᠋ᠢᠰᠢ ᠠᠵᠢᠯ᠎ᠠᠴᠠ ᠰᠢᠯᠳᠠᠭ᠋ᠠᠯᠠᠵᠤ ᠬᠡᠮᠳᠤᠵᠤ ᠰᠢᠷᠠᠭᠳᠤᠭᠰᠠᠨ ᠠᠵᠢᠯᠲᠠᠨ ᠠᠵᠢᠯᠴᠢᠨ᠎ᠤ ᠳᠡᠭᠡᠷ᠎ᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠪᠦᠬᠦ ᠲᠦᠷᠦᠯᠵᠢᠯ᠎ᠤᠨ ᠰᠠᠷ᠎ᠠ ᠵᠢᠨ ᠳᠤᠮᠳᠠᠴᠢ ᠴᠠᠯᠢᠩ᠎ᠨᠢ ᠲᠠᠷᠤᠢ ᠪᠣᠳᠣᠵᠤ ᠣᠯᠭᠣᠬᠤ ᠰᠠᠭᠤᠷᠢ ᠲᠣᠭ᠎ᠠ ᠪᠣᠯᠤᠨ᠎ᠠ᠃
ᠳᠥᠷᠪᠡ᠂ ᠵᠠᠷᠤᠳᠠᠯ᠎ᠤᠨ ᠨᠣᠷᠮ᠎ᠠ ᠵᠢ ᠱᠠᠳᠤᠴᠢ ᠴᠢᠨᠠᠷᠲᠠᠢ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠦᠨ᠎ᠡ
《2021 ᠣᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠮᠡᠳᠡᠭᠳᠡᠯ 》 (ᠬᠥᠮᠦᠨ᠎ᠤ ᠬᠦᠴᠦᠨ ᠤᠨ ᠡᠬᠢ ᠪᠠᠶᠠᠯᠢᠭ ᠪᠠ ᠨᠡᠶ᠋ᠢᠭᠡᠮ᠎ᠤᠨ ᠪᠠᠳᠤᠯᠠᠭ᠎ᠠ ᠵᠢᠨ ᠲᠢᠩᠬᠢᠮ ᠤᠨ ᠲᠠᠷᠬᠠᠭ᠋ᠠᠭᠰᠠᠨ [2021]2 ᠳ᠋ᠤᠭ᠋ᠠᠷ ᠲᠣᠭ᠋ᠠᠲᠤ) ᠵᠢᠨ ᠵᠣᠷᠢᠭ ᠰᠠᠨᠠᠭ᠎ᠠ ᠵᠢ ᠦᠨᠳᠦᠰᠦᠯᠡᠨ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ᠎ᠤᠨ ᠨᠣᠷᠮ᠎ᠠ ᠵᠢᠨ ᠲᠥᠷᠥ ᠵᠢᠨ ᠪᠣᠳᠣᠯᠭ᠎ᠠ ᠵᠢ ᠱᠠᠳᠤᠴᠢ ᠴᠢᠨᠠᠷᠲᠠᠢ᠎ᠪᠠᠷ ᠪᠠᠭᠤᠷᠠᠭᠤᠯᠤᠨ 2022 ᠣᠨ᠎ᠤ 4 ᠳ᠋ᠦ᠍ᠭᠡᠷ ᠰᠠᠷ᠎ᠠ ᠵᠢᠨ 30᠎ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃ 2021 ᠣᠨ᠎ᠳᠤ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠬᠡᠷᠡᠭᠵᠢᠭᠦᠯᠬᠦ ᠰᠦᠢ᠍ᠳᠬᠡᠯ᠎ᠤᠨ ᠨᠣᠷᠮ᠎ᠠ ᠵᠢ ᠬᠤᠪᠢᠷᠠᠭᠤᠯᠬᠤ ᠥᠬᠡᠢ᠃ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠭᠣᠣᠯᠳᠠᠯᠭ᠎ᠠ᠎ᠲᠠᠢ ᠨᠡᠭᠦᠷᠡᠰᠦᠨ᠎ᠤ ᠠᠵᠤ ᠠᠬᠤᠶ᠋ᠢᠯᠠᠯ᠎ᠤᠨ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠳᠤ ᠣᠷᠣᠯᠴᠠᠭᠰᠠᠨ ᠬᠥᠮᠦᠨ ᠬᠡᠷᠡᠭᠯᠡᠬᠦ ᠤᠤᠯ᠎ᠤᠨ ᠨᠢᠭᠡᠴᠡ᠎ᠨᠢ 2021 ᠣᠨ᠎ᠤ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠤᠤᠯ᠎ᠤᠨ ᠰᠦᠢ᠍ᠳᠬᠡᠯ ᠤᠨ ᠨᠣᠷᠮ᠎ᠠ ᠵᠢᠨ ᠰᠠᠭᠤᠷᠢᠨ ᠳᠡᠭᠡᠷ᠎ᠡ᠂ 50%᠎ᠪᠠᠷ ᠳᠣᠷᠣᠭᠰᠢ ᠬᠡᠯᠪᠡᠢ᠌ᠯᠬᠡᠬᠦ ᠵᠢ ᠬᠡᠷᠡᠭᠵᠢᠭᠦᠯᠦᠨ᠎ᠡ᠃ ᠨᠡᠭᠦᠷᠡᠰᠦᠨ᠎ᠤ ᠠᠵᠤ ᠠᠬᠤᠶ᠋ᠢᠯᠠᠯ᠎ᠤᠨ ᠬᠤᠳᠳᠤᠭ ᠳᠣᠣᠷᠠᠬᠢ ᠠᠵᠢᠯᠲᠠᠨ ᠠᠵᠢᠯᠴᠢᠨ᠎ᠤ ᠰᠠᠨᠠᠭ᠋ᠠᠨ᠎ᠳᠤ ᠦᠭᠡᠢ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ᠎ᠢ ᠬᠢᠨᠠᠨ ᠲᠣᠭᠲᠠᠭ᠋ᠠᠬᠤ᠎ᠳᠤ ᠮᠥᠨ ᠤᠤᠯ᠎ᠤᠨ ᠠᠷᠭ᠎ᠠ ᠵᠢᠨ ᠶᠣᠰᠣᠭ᠋ᠠᠷ ᠬᠡᠷᠡᠭᠵᠢᠭᠦᠯᠦᠨ᠎ᠡ᠃
ᠲᠠᠪᠤ᠂ ᠮᠡᠳᠡᠭᠦᠯᠬᠦ ᠴᠠᠭ ᠬᠤᠭᠤᠴᠠᠭ᠎ᠠ᠂ ᠠᠷᠭ᠎ᠠ ᠬᠡᠮᠵᠢᠶ᠎ᠡ
ᠴᠠᠭ᠄ 2021 ᠣᠨ᠎ᠤ 9 ᠰᠠᠷ᠎ᠠ ᠵᠢᠨ 8 ~ 9 ᠰᠠᠷ᠎ᠠ ᠵᠢᠨ 24᠎ᠤ ᠡᠳᠦᠷ
ᠠᠷᠭ᠎ᠠ ᠬᠡᠮᠵᠢᠶ᠎ᠡ᠄ 2021 ᠣᠨ᠎ᠳᠤ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢ ᠬᠢᠨᠠᠨ ᠲᠣᠭᠲᠠᠭ᠋ᠠᠬᠤ᠎ᠳᠤ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠵᠦ ᠬᠢᠨᠠᠨ ᠬᠠᠷᠭᠤᠭᠤᠯᠬᠤ ᠠᠷᠭ᠎ᠠ ᠬᠡᠮᠵᠢᠶ᠎ᠡ ᠵᠢ ᠬᠡᠷᠡᠭᠯᠡᠵᠤ ᠶᠠᠪᠤᠭᠳᠠᠭᠤᠯᠤᠨ᠎ᠠ ᠃ ᠡᠯ᠎ᠡ ᠳᠠᠭ᠋ᠠᠳᠬᠠᠯ᠎ᠳᠤ ᠣᠷᠣᠯᠴᠠᠭᠰᠠᠨ ᠨᠢᠭᠡᠴᠡ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠢᠰᠲ᠋ᠧᠮ᠎ᠳᠤ ᠳᠠᠩᠰᠠᠯᠠᠭᠤᠯᠵᠤ᠂ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠬᠤ ᠴᠠᠯᠢᠩ᠎ᠤᠨ ᠮᠡᠳᠡᠭᠦᠯᠬᠦ ᠬᠦᠰᠦᠨᠦᠭᠲᠦ ᠵᠢ ᠭᠠᠷᠭ᠋ᠠᠵᠤ᠂ ᠰᠦᠢ᠍ᠳᠬᠡᠯ ᠲᠤᠰᠢᠶᠠᠬᠤ ᠴᠠᠯᠢᠩ᠎ᠤᠨ ᠲᠣᠭ᠎ᠠ᠎ᠪᠠᠨ ᠲᠠᠭᠯᠠᠭᠰᠠᠨ᠎ᠤ ᠳᠠᠷᠠᠭ᠎ᠠ ᠰᠢᠰᠲᠸᠮ᠎ᠳᠤ ᠤᠷᠤᠭᠤᠯᠵᠤ᠂ ᠨᠡᠶ᠋ᠢᠭᠡᠮ᠎ᠤᠨ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠭᠠᠷᠳᠠᠨ ᠬᠢᠭᠴᠢ᠎ᠠᠴᠠ ᠬᠢᠨᠠᠨ ᠲᠣᠭᠲᠠᠭ᠋ᠠᠨ᠎ᠠ᠃ 2021 ᠣᠨ᠎ᠤ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠵᠠᠷᠤᠳᠠᠯ ᠲᠤᠰᠢᠶᠠᠬᠤ ᠰᠠᠭᠤᠷᠢ ᠲᠣᠭ᠎ᠠ ᠵᠢ ᠭᠤᠶᠤᠴᠢᠯᠠᠨ ᠬᠢᠨᠠᠬᠤ ᠠᠵᠢᠯ᠎ᠳᠤ᠂ ᠬᠥᠮᠦᠨ ᠬᠡᠷᠡᠭᠯᠡᠬᠦ ᠨᠢᠭᠡᠴᠡ ᠵᠢᠨ ᠠᠮᠠᠯᠠᠯᠲᠠ ᠬᠢᠵᠦ ᠮᠡᠳᠡᠭᠦᠯᠬᠦ ᠠᠷᠭ᠎ᠠ ᠬᠡᠮᠵᠢᠶ᠎ᠡ ᠵᠢ ᠬᠡᠷᠡᠭᠯᠡᠵᠤ ᠬᠢᠨᠠᠨ ᠲᠣᠭᠲᠠᠭ᠋ᠠᠨ᠎ᠠ᠂ ᠲᠤᠯᠭ᠋ᠠᠨ ᠪᠣᠳᠣᠬᠤ ᠰᠠᠯᠠᠭ᠎ᠠ ᠮᠥᠴᠢᠷ ᠪᠠᠶ᠋ᠢᠳᠠᠯ᠎ᠢ᠎ᠨᠢ ᠦᠵᠡᠵᠦ ᠪᠠᠶ᠋ᠢᠭ᠋ᠠᠳ ᠳᠠᠭ᠋ᠠᠳᠬᠠᠯ᠎ᠳᠤ ᠣᠷᠣᠯᠴᠠᠭᠰᠠᠨ ᠨᠢᠭᠡᠴᠡ ᠵᠢᠨ ᠮᠡᠳᠡᠭᠦᠯᠦᠭᠰᠡᠨ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢ ᠪᠣᠳᠠᠲᠤ ᠭᠠᠵᠠᠷ᠎ᠲᠤᠨᠢ ᠲᠤᠯᠭ᠋ᠠᠨ ᠬᠠᠷᠭᠤᠭᠤᠯᠵᠤ᠂ ᠲᠤᠯᠭ᠋ᠠᠨ ᠬᠠᠷᠭᠤᠭᠤᠯᠤᠭᠳᠠᠭᠰᠠᠨ ᠨᠢᠭᠡᠴᠡ᠎ᠨᠢ ᠡᠳ᠋᠎ᠤᠨ ᠶᠠᠪᠤᠳᠠᠯ᠎ᠤᠨ ᠲᠥᠰᠥᠪ᠎ᠤᠨ ᠭᠦᠢ᠍ᠴᠡᠳᠬᠡᠯ᠎ᠤᠨ ᠮᠡᠳᠡᠭᠦᠯᠬᠦ ᠬᠦᠰᠦᠨᠦᠭᠲᠦ᠂ ᠲᠤᠰᠢᠶᠠᠪᠠᠰᠤ ᠵᠣᠬᠢᠬᠤ ᠴᠠᠯᠢᠩ᠎ᠤᠨ ᠳᠠᠩᠰᠠ ᠪᠤᠶᠤ ᠴᠠᠯᠢᠩ᠎ᠤᠨ ᠬᠦᠰᠦᠨᠦᠭᠲᠦ ᠵᠡᠷᠭᠡ ᠤᠭ ᠮᠠᠲ᠋ᠧᠷᠢᠶᠠᠯ᠎ᠢ ᠦᠨᠡᠨ ᠪᠣᠳᠠᠲᠠᠢ᠎ᠪᠠᠷ ᠬᠠᠩᠭ᠋ᠠᠵᠤ ᠬᠠᠷᠭᠤᠭᠤᠯᠤᠨ ᠪᠣᠳᠣᠬᠤ ᠵᠢ ᠬᠦᠯᠢᠶᠡᠬᠦ ᠬᠡᠷᠡᠭᠲᠡᠢ᠃
ᠵᠢᠷᠭᠤᠭ᠎ᠠ᠂ ᠭᠤᠶᠤᠴᠢᠯᠠᠨ ᠮᠡᠳᠡᠬᠦᠯᠬᠦ᠎ᠳᠤ ᠠᠩᠬᠠᠷᠬᠤ ᠵᠦᠢ᠍ᠯ
ᠰᠢᠰᠲ᠋ᠧᠮ᠎ᠠᠴᠠ ᠭᠠᠷᠭ᠋ᠠᠭᠰᠠᠨ ᠲᠣᠭ᠎ᠠ ᠪᠠᠷᠢᠮᠲᠠ᠎ᠳᠤ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠎ᠤ ᠰᠠᠷ᠎ᠠ ᠵᠢᠨ ᠰᠦᠢ᠍ᠳᠬᠡᠯ ᠲᠤᠰᠢᠶᠠᠭᠰᠠᠨ ᠴᠠᠯᠢᠩ᠎ᠢ ᠯᠡ ᠲᠠᠭᠯᠠᠵᠤ ᠪᠣᠯᠤᠨ᠎ᠠ᠂ ᠣᠨᠳᠣᠣ ᠲᠣᠭ᠎ᠠ ᠪᠠᠷᠢᠮᠲᠠ ᠵᠢ ᠬᠤᠪᠢᠷᠠᠭᠤᠯᠵᠤ ᠪᠣᠯᠬᠤ ᠥᠬᠡᠢ᠂ ᠬᠡᠷᠪᠡ ᠬᠤᠪᠢᠷᠠᠭᠤᠯᠪᠠᠯ ᠰᠢᠰᠲ᠋ᠧᠮ᠎ᠳᠤ ᠣᠷᠣᠭᠤᠯᠵᠤ ᠳᠡᠶ᠋ᠢᠯᠬᠦ ᠥᠬᠡᠢ᠃ ᠨᠢᠭᠡᠴᠡ ᠵᠢᠨ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ ᠬᠤᠪᠢᠷᠠᠯᠲᠠ᠎ᠲᠠᠢ ᠪᠣᠯ᠂ ᠲᠣᠭ᠎ᠠ ᠪᠠᠷᠢᠮᠲᠠ ᠵᠢ ᠣᠷᠣᠭᠤᠯᠤᠭᠰᠠᠨ᠎ᠤ ᠳᠠᠷᠠᠭ᠎ᠠ ᠳᠠᠬᠢᠨ ᠬᠤᠪᠢᠷᠠᠯᠲᠠ ᠭᠠᠷᠭ᠋ᠠᠵᠤ ᠪᠣᠯᠤᠨ᠎ᠠ᠃
ᠠᠰᠠᠭᠤᠳᠠᠯ ᠲᠤᠯᠭ᠋ᠠᠷᠠᠪᠠᠯ᠂ ᠴᠠᠭ ᠲᠤᠬᠠᠢᠳᠤᠨᠢ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠪᠠᠲᠤᠯᠠᠭ᠎ᠠ ᠵᠢᠨ ᠲᠥᠪ᠎ᠤᠨ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ᠎ᠤᠨ ᠭᠠᠵᠠᠷ ᠲᠠᠢ ᠬᠠᠷᠢᠯᠴᠠᠬᠤ ᠬᠡᠷᠡᠭᠲᠡᠢ᠃
ᠬᠠᠷᠢᠯᠴᠠᠬᠤ ᠬᠥᠮᠦᠨ᠄ ᠯᠢ ᠵᠢᠢ ᠭᠦᠸᠧ᠂ ᠵᠧᠦ ᠶᠠᠨ ᠶᠠᠨ᠂ ᠯᠢ ᠳ᠋ᠦᠩ ᠯᠦᠩ
ᠯᠠᠪᠯᠠᠬᠤ ᠤᠲᠠᠰᠤ᠄ (0471) 3958944
ᠳᠠᠭ᠋ᠠᠯᠳᠤᠭᠤᠯᠤᠯ᠄ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢ ᠮᠡᠳᠡᠭᠦᠯᠬᠦ ᠠᠮᠠᠯᠠᠯᠲᠠ ᠵᠢᠨ ᠪᠢᠴᠢᠭ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠵᠢᠨ ᠨᠡᠶ᠋ᠢᠭᠡᠮ᠎ᠤᠨ ᠳᠠᠭ᠋ᠠᠳᠬᠠᠯ᠎ᠤᠨ ᠠᠵᠢᠯ ᠦᠢ᠍ᠯᠡᠰ᠎ᠤᠨ ᠦᠢ᠍ᠯᠡᠴᠢᠯᠡᠭᠡᠨ᠎ᠤ ᠲᠥᠪ ( ᠤᠷᠤᠯᠠᠬᠤ ᠲᠠᠮᠠᠭ᠎ᠠ)
2021 ᠣᠨ᠎ᠤ 9 ᠰᠠᠷ᠎ᠠ ᠵᠢᠨ 6᠎ᠤ ᠡᠳᠦᠷ