ᠣᠶ᠋ᠢᠷ᠎ᠠ᠎ᠳᠤ᠂ ᠬᠠᠤᠯᠢ ᠪᠤᠰᠤ ᠪᠠᠶ᠋ᠢᠭᠤᠯᠤᠮᠵᠢ ᠪᠣᠯᠤᠨ ᠬᠤᠪᠢ ᠬᠥᠮᠦᠨ ᠮᠠᠨ᠎ᠤ ᠲᠢᠩᠬᠢᠮ᠎ᠤᠨ ᠨᠡᠷ᠎ᠡ᠎ᠪᠠᠷ ᠬᠠᠭᠤᠷᠮᠠᠭᠯᠠᠨ ᠠᠯᠪᠠᠨ ᠪᠢᠴᠢᠭ᠎ᠢ ᠬᠠᠭᠤᠷᠮᠠᠭ ᠵᠶ᠋ᠠᠷ ᠵᠣᠬᠢᠶᠠᠵᠤ᠂ ᠣᠷᠣᠨ ᠨᠤᠲᠤᠭ᠎ᠤᠨ ᠡᠯ᠎ᠡ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠳᠤᠯᠠᠭ᠎ᠠ ᠵᠢᠨ ᠰᠠᠯᠠᠭ᠎ᠠ ᠮᠥᠴᠢᠷ ᠪᠣᠯᠤᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠎ᠳᠤ ᠨᠣᠮ ᠪᠢᠴᠢᠭ᠎ᠤᠨ ᠮᠠᠲᠸᠷᠢᠶᠠᠯ ᠵᠠᠬᠢᠶᠠᠯᠠᠬᠤ ᠮᠡᠳᠡᠭᠳᠡᠯ ᠲᠠᠷᠬᠠᠭ᠋ᠠᠵᠦ᠂ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠳᠤᠯᠠᠭ᠎ᠠ ᠵᠢᠨ ᠰᠠᠯᠠᠭ᠎ᠠ ᠮᠥᠴᠢᠷ᠎ᠤᠨ ᠳᠦᠷᠢ ᠲᠥᠷᠬᠦ ᠵᠢ ᠬᠦᠨᠳᠦ ᠨᠣᠴᠢᠲᠠᠢ ᠬᠣᠬᠢᠷᠠᠭᠤᠯᠵᠠᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠡᠷ᠎ᠡ ᠬᠦᠨᠳᠦ ᠵᠢ ᠬᠠᠮᠠᠭ᠋ᠠᠯᠠᠵᠤ᠂ ᠣᠷᠣᠨ ᠨᠤᠲᠤᠭ᠎ᠤᠨ ᠡᠯ᠎ᠡ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠪᠣᠯᠤᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ ᠵᠢᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠵᠢᠨ ᠲᠤᠰᠠᠳᠠ᠂ ᠡᠳᠦᠭᠡ ᠳᠣᠣᠷᠠᠬᠢ ᠮᠡᠲᠦ ᠮᠡᠳᠡᠭᠳᠡᠪᠡ᠄
ᠮᠠᠨ᠎ᠤ ᠲᠢᠩᠬᠢᠮ ᠳᠡᠭᠡᠷ᠎ᠡ ᠳᠤᠷᠠᠳᠤᠭᠰᠠᠨ ᠨᠢᠭᠡᠴᠡ᠎ᠳᠤ ᠨᠣᠮ ᠪᠢᠴᠢᠭ᠎ᠤᠨ ᠮᠠᠲ᠋ᠧᠷᠢᠶᠠᠯ ᠵᠠᠬᠢᠶᠠᠯᠠᠬᠤ ᠲᠤᠬᠠᠢ ᠮᠡᠳᠡᠭᠳᠡᠯ᠎ᠢ ᠶᠡᠷᠦ ᠳᠠᠷᠤᠮᠠᠯᠯᠠᠨ ᠲᠠᠷᠬᠠᠭ᠋ᠠᠭᠰᠠᠨ ᠦᠭᠡᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠡᠷ᠎ᠡ᠎ᠪᠠᠷ ᠶᠠᠮᠠᠷᠪᠠ ᠠᠷᠭ᠎ᠠ ᠮᠠᠶᠢᠭ᠂ ᠡᠯ᠎ᠡ ᠵᠦᠢ᠍ᠯ᠎ᠤᠨ ᠰᠢᠯᠲᠠᠭ᠋ᠠᠨ ᠵᠶ᠋ᠠᠷ ᠨᠣᠮ ᠪᠢᠴᠢᠭ᠎ᠤᠨ ᠮᠠᠲ᠋ᠧᠷᠢᠶᠠᠯ ᠵᠠᠬᠢᠶᠠᠯᠠᠬᠤ ᠵᠡᠷᠭᠡ ᠲᠣᠬᠢᠶᠠᠯ᠎ᠢ ᠠᠰᠢᠭᠯᠠᠨ ᠰᠦᠢ᠍ᠳᠬᠡᠯ ᠬᠤᠷᠢᠶᠠᠬᠤ ᠠᠷᠭ᠎ᠠ ᠪᠦᠬᠦᠨ ᠴᠥᠮ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠪᠣᠯᠤᠨ᠎ᠠ᠃ ᠡᠯ᠎ᠡ ᠠᠶ᠋ᠢᠮᠠᠭ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠲᠤᠰ ᠠᠶ᠋ᠢᠮᠠᠭ ᠬᠣᠲᠠ ᠵᠢᠨ ᠬᠠᠷᠢᠶ᠎ᠠ ᠬᠣᠰᠢᠭᠤ ᠰᠢᠶᠠᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠂ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠤᠯᠪᠠᠰᠤᠷᠠᠯ᠎ᠤᠨ ᠪᠠᠶ᠋ᠢᠭᠤᠯᠤᠮᠵᠢ ᠵᠢᠴᠢ ᠡᠯ᠎ᠡ ᠬᠠᠮᠢᠶ᠎ᠠ ᠪᠦᠬᠦᠢ ᠨᠢᠭᠡᠴᠡ᠎ᠳᠤ ᠳᠠᠷᠤᠶ᠋ᠢᠬᠠᠨ ᠮᠡᠳᠡᠭᠳᠡᠵᠦ ᠰᠡᠷᠭᠡᠶ᠋ᠢᠯᠡᠬᠦ ᠦᠵᠡᠯ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠢᠯᠭ᠋ᠠᠨ ᠲᠠᠨᠢᠬᠤ ᠴᠢᠳᠠᠪᠤᠷᠢ᠎ᠪᠠᠨ ᠳᠡᠭᠡᠭᠰᠢᠯᠡᠭᠦᠯᠦᠨ᠂ ᠮᠡᠭᠡᠯᠡᠭᠳᠡᠬᠦ᠎ᠠᠴᠠ ᠰᠡᠷᠭᠡᠢ᠌ᠯᠡᠬᠦ
ᠬᠡᠷᠡᠭᠳᠡᠢ᠃
ᠣᠨᠴᠠᠭ᠋ᠠᠶ᠋ᠢᠯᠠᠨ ᠮᠡᠳᠡᠭᠳᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
2021 ᠣᠨ᠎ᠤ 6 ᠰᠠᠷ᠎ᠠ ᠵᠢᠨ 11᠎ᠤ ᠡᠳᠦᠷ