《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢᠨ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠳᠠᠷᠤᠮᠠᠯᠯᠠᠨ ᠲᠠᠷᠬᠠᠭ᠋ᠠᠬᠤ ᠲᠤᠬᠠᠢ
ᠮᠡᠳᠡᠭᠳᠡᠯ》 (ᠥᠪᠥᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠦᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠢ᠌ᠭᠡᠮ᠎ᠤᠨ ᠪᠠᠳᠤᠯᠠᠭ᠎ᠠ ᠵᠢᠨ ᠲᠢᠩᠭᠢᠮ ᠠᠴᠠ ᠲᠠᠷᠬᠠᠭ᠋ᠠᠭᠰᠠᠨ[2013] 138 ᠲᠣᠭ᠋ᠠᠲᠤ) ᠵᠢᠨ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ᠂ ᠬᠢᠩᠭ᠋ᠠᠨ ᠠᠶ᠋ᠢᠮᠠᠭ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ ᠪᠣᠯᠤᠨ ᠬᠥᠬᠡᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠨ ᠭᠤᠶᠤᠴᠢᠯᠠᠯ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠲᠤᠰᠪᠤᠷᠢ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠤᠨ ᠭᠤᠶᠤᠴᠢᠯᠠᠭᠰᠠᠨ ᠨᠢᠭᠡᠴᠡ᠎ᠳᠤ ᠠᠬᠤᠢ ᠲᠠᠯᠠᠪᠠᠢ ᠵᠢᠨ ᠬᠢᠨᠠᠨ ᠲᠣᠭᠲᠠᠭ᠋ᠠᠯᠲᠠ ᠬᠢᠬᠦ ᠵᠢᠨ ᠬᠠᠮᠲᠤ ᠳᠣᠣᠷᠠᠬᠢ ᠮᠡᠲᠦ ᠬᠢᠨᠠᠨ ᠲᠣᠭᠲᠠᠭ᠋ᠠᠬᠤ ᠰᠠᠨᠠᠯ᠎ᠢ ᠪᠣᠢ ᠪᠣᠯᠭ᠋ᠠᠨ᠎ᠠ᠄
1. 《ᠬᠢᠩᠭ᠋ᠠᠨ》 ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠎ᠳᠤ ᠬᠢᠩᠭ᠋ᠠᠨ ᠠᠶ᠋ᠢᠮᠠᠭ᠎ᠤᠨ ᠠᠵᠤ ᠦᠢ᠍ᠯᠡᠳᠪᠦᠷᠢ ᠵᠢᠨ ᠳᠡᠭᠡᠳᠦ ᠵᠡᠷᠭᠡ ᠵᠢᠨ ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ ᠪᠠᠶ᠋ᠢᠭᠤᠯᠬᠤ ᠵᠢ ᠵᠥᠪᠰᠢᠶᠡᠷᠡᠨ᠎ᠡ;
2. ᠬᠥᠬᠡᠬᠣᠲᠠ ᠵᠢᠨ 《ᠰᠢᠨ ᠳ᠋ᠦᠩ ᠹᠠᠩ》 ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ᠎ᠳᠤ ᠬᠥᠬᠡᠬᠣᠲᠠ ᠵᠢᠨ 《ᠰᠢᠨ᠎ᠡ ᠳ᠋ᠦᠩ ᠹᠠᠩ 》 ᠳᠡᠭᠡᠳᠦ ᠵᠡᠷᠭᠡ ᠵᠢᠨ ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ ᠪᠠᠶ᠋ᠢᠭᠤᠯᠬᠤ ᠵᠢ ᠵᠥᠪᠰᠢᠶᠡᠷᠡᠨ᠎ᠡ;
3. ᠬᠥᠬᠡᠬᠣᠲᠠ ᠵᠢᠨ 《ᠰᠢᠨᠬᠤᠸᠠ》 ᠢᠨᠲ᠋ᠧᠷ ᠰᠦᠯᠵᠢᠶ᠎ᠡ ᠵᠢᠨ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠤᠷᠭ᠋ᠠᠭᠤᠯᠢ᠎ᠳᠤ ᠬᠥᠬᠡᠬᠣᠲᠠ ᠵᠢᠨ 《ᠰᠢᠨᠬᠤᠸᠠ》 ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠪᠠᠶ᠋ᠢᠭᠤᠯᠬᠤ ᠵᠢ ᠵᠥᠪᠰᠢᠶᠡᠷᠡᠨ᠎ᠡ᠃
ᠣᠳᠣ ᠬᠢᠨᠠᠨ ᠲᠣᠭᠲᠠᠭ᠋ᠠᠭᠰᠠᠨ ᠰᠠᠨᠠᠯ᠎ᠢ ᠨᠡᠶ᠋ᠢᠲᠡᠯᠡᠨ᠎ᠡ᠂ ᠨᠡᠶ᠋ᠢᠲᠡᠯᠡᠬᠦ ᠴᠠᠭ ᠬᠤᠭᠤᠴᠠᠭ᠎ᠠ᠎ᠨᠢ 5 ᠰᠠᠷ᠎ᠠ ᠵᠢᠨ 18᠎ᠤ ᠡᠳᠦᠷ᠎ᠠᠴᠠ 26᠎ᠤ ᠡᠳᠦᠷ ᠪᠣᠯᠤᠨ᠎ᠠ᠃ ᠢᠯᠡ ᠨᠡᠶ᠋ᠢᠲᠡᠯᠡᠬᠦ ᠬᠤᠭᠤᠴᠠᠭ᠋ᠠᠨ᠎ᠳᠤ᠂ ᠬᠡᠷᠪᠡ ᠢᠯᠡ ᠨᠡᠶ᠋ᠢᠲᠡᠯᠡᠬᠦ ᠡᠲᠡᠭᠡᠳ ᠪᠤᠶᠤ ᠬᠢᠨᠠᠨ ᠲᠣᠭᠲᠠᠭ᠋ᠠᠭᠰᠠᠨ ᠦᠷ᠎ᠡ ᠳ᠋ᠦ᠍ᠩᠳᠤ ᠣᠨᠳᠣᠣ ᠰᠠᠨᠠᠯ᠎ᠲᠠᠢ ᠪᠣᠯ ᠲᠸᠯᠸᠹᠤᠨ᠂ ᠪᠢᠴᠢᠭ ᠬᠠᠷ᠎ᠠ ᠪᠤᠶᠤ ᠡᠯᠸᠺᠲᠷᠤᠨ ᠰᠢᠤᠳᠠᠨ ᠵᠦᠢ᠍ᠯ ᠵᠡᠷᠭᠡ ᠬᠡᠯᠪᠡᠷᠢ᠎ᠪᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠳᠤ ᠲᠤᠰᠬᠠᠬᠤ ᠬᠡᠷᠡᠭᠲᠡᠢ᠃ ᠪᠠᠶ᠋ᠢᠳᠠᠯ᠎ᠢ ᠲᠤᠰᠬᠠᠬᠤ᠎ᠳᠠᠭᠠᠨ ᠡᠷᠬᠡᠪᠰᠢ ᠦᠨᠡᠨ᠎ᠠᠴᠠ ᠵᠥᠪ᠎ᠢ ᠡᠷᠢᠵᠦ᠂ ᠪᠤᠰᠤᠳᠴᠢ᠂ ᠲᠥᠪ ᠭᠣᠣᠯᠴᠢ᠂ ᠪᠣᠳᠠᠲᠠᠢ ᠪᠠᠢ᠌ᠵᠦ᠂ ᠤᠲᠠᠰᠤ ᠢᠷᠡᠭᠦᠯᠦᠭᠰᠡᠨ ᠪᠤᠶᠤ ᠵᠠᠬᠢᠳᠠᠯ ᠢᠷᠡᠭᠦᠯᠬᠦ᠎ᠳᠡᠭᠡᠨ ᠡᠷᠬᠡᠪᠰᠢ ᠦᠨᠡᠨ ᠣᠪᠣᠭ ᠨᠡᠷ᠎ᠡ ᠵᠢᠴᠢ ᠵᠥᠪ ᠣᠨᠣᠪᠴᠢᠲᠠᠢ ᠬᠠᠷᠢᠯᠴᠠᠬᠤ ᠠᠷᠭ᠎ᠠ ᠬᠡᠯᠪᠡᠷᠢ᠎ᠳᠤ ᠭᠠᠷᠤᠨ ᠦᠰᠦᠭ ᠵᠢᠷᠤᠬᠤ ᠬᠡᠷᠡᠭᠲᠡᠢ᠂ ᠡᠰᠡ ᠲᠡᠶ᠋ᠢᠮᠦ ᠪᠣᠯ ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠃ ᠬᠦᠯᠢᠶᠡᠨ ᠠᠪᠴᠤ ᠰᠢᠢ᠍ᠳᠪᠦᠷᠢᠯᠡᠬᠦ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠲᠤᠰᠬᠠᠭᠰᠠᠨ ᠠᠭᠤᠯᠭ᠎ᠠ ᠪᠠ ᠲᠤᠰᠬᠠᠭᠰᠠᠨ ᠠᠵᠢᠯᠲᠠᠨ᠎ᠤ ᠬᠠᠮᠢᠶ᠎ᠠ ᠪᠦᠬᠦᠢ ᠮᠡᠳᠡᠭᠡ ᠵᠠᠩᠭᠢ ᠵᠢᠨ ᠨᠢᠭᠤᠴᠠ ᠵᠢ ᠬᠠᠮᠠᠭ᠋ᠠᠯᠠᠬᠤ ᠬᠡᠷᠡᠭᠲᠡᠢ᠃
ᠬᠦᠯᠢᠶᠡᠨ ᠠᠪᠴᠤ ᠰᠢᠢ᠍ᠳᠪᠦᠷᠢᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
ᠬᠦᠯᠢᠶᠡᠨ ᠠᠪᠴᠤ ᠰᠢᠢ᠍ᠳᠪᠦᠷᠢᠯᠡᠬᠦ ᠳ᠋ᠢᠶᠠᠩᠬᠤᠸᠠ᠄ (0471) 69446226944905
ᠬᠠᠷᠢᠯᠴᠠᠬᠤ ᠬᠠᠶᠢᠭ᠄ ᠬᠥᠬᠡᠬᠣᠲᠠ ᠵᠢᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠬᠦᠷᠢᠶ᠎ᠡ ᠵᠢᠨ 6 ᠨᠣᠮᠧᠷᠲᠦ ᠠᠰᠠᠷ᠎ᠤᠨ 317 ᠳ᠋ᠤᠭ᠋ᠠᠷ ᠲᠠᠰᠤᠭ
ᠢᠮᠧᠯ᠄ nmgrstzjc@163. com
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
2021 ᠣᠨ᠎ᠤ 5 ᠰᠠᠷ᠎ᠠ ᠵᠢᠨ 17᠎ᠤ ᠡᠳᠤ᠋