ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ 2021 ᠣᠨ᠎ᠤ ᠨᠠᠮ᠎ᠤᠨ ᠲᠡᠦᠬᠡ ᠰᠤᠷᠤᠯᠴᠠᠵᠤ᠂ ᠪᠣᠳᠠᠲᠤ ᠶᠠᠪᠤᠳᠠᠯ ᠬᠦᠢ᠍ᠴᠡᠳᠭᠡᠬᠦ ᠲᠥᠯᠥᠪᠯᠡᠭᠡ
ᠨᠡᠶ᠋ᠢᠲᠡᠯᠡᠭᠰᠡᠨ ᠴᠠᠭ᠄ 2021-12-01

   ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠥᠷᠨᠢᠭᠦᠯᠦᠭᠰᠡᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂《ᠪᠢ ᠣᠯᠠᠨ ᠲᠦᠮᠡᠨ᠎ᠳᠤ ᠪᠣᠳᠠᠲᠠᠢ  ᠠᠵᠢᠯ ᠬᠢᠬᠦ》ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠢ ᠥᠷᠨᠢᠭᠦᠯᠬᠦ ᠵᠢᠨ ᠲᠤᠰᠠᠳᠠ᠂ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠳᠤᠯᠠᠭ᠎ᠠ ᠵᠢᠨ ᠠᠵᠢᠯ᠎ᠤᠨ ᠪᠤᠳᠠᠳᠠᠢ᠎ᠲᠠᠢ ᠤᠶᠠᠯᠳᠤᠭᠤᠯᠵᠤ᠂ 2021 ᠣᠨ᠎ᠳᠤ ᠠᠷᠠᠳ ᠲᠦᠮᠡᠨ᠎ᠳᠤ ᠲᠤᠤᠷᠠᠬᠢ ᠮᠡᠳᠦ ᠪᠣᠳᠠᠲᠠᠢ ᠠᠵᠢᠯ ᠬᠢᠬᠦ᠎ᠪᠠᠷ

ᠲᠤᠭᠳᠠᠪᠠ᠃

   ᠨᠢᠭᠡ᠂ ᠠᠵᠢᠯ ᠡᠷᠢᠬᠦ ᠤᠷᠢᠨ ᠬᠡᠷᠡᠭᠯᠡᠬᠦ᠂ ᠮᠡᠷᠭᠡᠵᠢᠯ᠎ᠤᠨ ᠴᠢᠳᠠᠪᠤᠷᠢ ᠵᠢᠨ ᠪᠤᠯᠪᠠᠰᠤᠷᠠᠯ᠎ᠤᠨ ᠦᠢ᠍ᠯᠡᠴᠢᠯᠡᠭᠡᠨ᠎ᠢ《ᠠᠯᠠᠭ᠋ᠠᠨ ᠳᠡᠭᠡᠷ᠎ᠡ᠎ᠪᠠᠨ ᠬᠦᠢ᠍ᠴᠡᠳᠭᠡᠬᠦ》ᠵᠢ ᠪᠡᠶᠡᠯᠡᠬᠦᠯᠦᠨ᠎ᠡ᠃ ᠠᠵᠤ ᠠᠬᠤᠶ᠋ᠢᠯᠠᠯ᠎ᠤᠨ《ᠠᠵᠢᠯᠴᠢᠨ

ᠤᠷᠢᠬᠤ》ᠪᠠ ᠬᠦᠳᠡᠯᠮᠦᠷᠢᠯᠡᠭᠴᠢᠳ᠎ᠤᠨ《ᠠᠵᠢᠯ ᠡᠷᠢᠬᠦ》ᠮᠡᠳᠡᠭᠡ ᠵᠠᠩᠭᠢ ᠵᠢᠨ ᠲᠡᠩᠴᠡᠭᠦᠷᠢ ᠥᠬᠡᠢ ᠬᠦᠴᠢᠷ ᠠᠰᠠᠭᠤᠳᠠᠯ᠎ᠢ ᠰᠢᠢ᠍ᠳᠪᠦᠷᠢᠯᠡᠨ᠂ ᠬᠦᠳᠡᠯᠮᠦᠷᠢᠯᠡᠭᠴᠢᠳ᠎ᠤᠨ ᠠᠵᠢᠯ ᠣᠯᠬᠤ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠲᠦᠴᠡ ᠵᠢᠨ ᠴᠢᠨᠠᠷᠲᠠᠢ ᠠᠵᠢᠯ ᠣᠯᠭᠣᠯᠲᠠ ᠵᠢᠨ ᠵᠥᠷᠢᠴᠡᠯ᠎ᠢ ᠨᠠᠮᠳᠠᠭᠤᠯᠬᠤ ᠵᠢᠨ ᠲᠤᠰᠠᠳᠠ᠂ ᠬᠠᠩᠭ᠋ᠠᠯᠭ᠎ᠠ ᠬᠡᠷᠡᠭᠴᠡᠭᠡ ᠵᠢᠨ ᠪᠠᠶ᠋ᠢᠴᠠᠭ᠋ᠠᠯᠲᠠ᠂  ᠪᠤᠯᠪᠠᠰᠤᠷᠠᠯ᠎ᠢ ᠵᠣᠯᠭ᠋ᠠᠭᠤᠯᠬᠤ᠂ ᠠᠵᠢᠯ ᠣᠯᠭᠣᠯᠲᠠ ᠵᠢ ᠵᠣᠯᠭ᠋ᠠᠭᠤᠯᠬᠤ᠂ ᠮᠥᠷᠳᠡᠵᠦ ᠦᠢ᠍ᠯᠡᠴᠢᠯᠡᠬᠦ《ᠳᠥᠷᠪᠡ ᠵᠢ ᠨᠢᠭᠡ ᠴᠣᠭᠴᠠᠵᠢᠭᠤᠯᠬᠤ》ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠲᠣᠭᠲᠠᠴᠠ ᠵᠢ ᠪᠠᠶ᠋ᠢᠭᠤᠯᠬᠤ᠎ᠪᠠᠷ ᠳᠠᠮᠵᠢᠭᠤᠯᠤᠨ᠂ ᠬᠥᠳᠡᠯᠮᠦᠷᠢ ᠬᠦᠴᠦᠨ᠎ᠤ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢ ᠪᠦᠲᠦᠮᠵᠢᠲᠡᠢ ᠵᠣᠯᠭ᠋ᠠᠭᠤᠯᠬᠤ ᠵᠢ ᠠᠬᠢᠭᠤᠯᠤᠨ᠎ᠠ᠃ ᠠᠵᠢᠯ ᠡᠷᠢᠭᠰᠡᠳ᠂ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ᠂ ᠬᠥᠮᠦᠨ ᠬᠡᠷᠡᠭᠯᠡᠬᠦ ᠨᠢᠭᠡᠴᠡ《ᠠᠵᠢᠯ ᠣᠯᠭᠣᠬᠤ ᠥᠪᠥᠷ ᠮᠣᠩᠭᠣᠯ》ᠭᠡᠬᠦ  ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ ᠎ᠢ ᠠᠩᠬᠠᠷᠬᠤ᠎ᠪᠠᠷ ᠳᠠᠮᠵᠢᠨ ᠦᠢ᠍ᠯᠡᠴᠢᠯᠡᠭᠡᠨ᠎ᠤ ᠲᠢᠩᠬᠢᠮ᠎ᠳᠤ ᠣᠷᠣᠵᠤ᠂ ᠠᠵᠢᠯ ᠡᠷᠢᠭᠰᠡᠳ ᠠᠵᠢᠯ ᠡᠷᠢᠬᠦ ᠮᠡᠳᠡᠭᠡ ᠵᠠᠩᠭᠢ ᠪᠠ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠎ᠤᠨ ᠬᠦᠰᠡᠯ ᠡᠷᠡᠮᠡᠯᠵᠡᠯ ᠵᠶ᠋ᠡᠨ ᠲᠠᠭᠯᠠᠵᠤ᠂ ᠬᠥᠮᠦᠨ ᠬᠡᠷᠡᠭᠯᠡᠬᠦ ᠨᠢᠭᠡᠴᠡ᠎ᠠᠴᠠ ᠤᠷᠢᠬᠤ ᠮᠡᠳᠡᠭᠡ

ᠵᠠᠩᠭᠢ᠂ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ ᠪᠣᠯᠪᠠᠰᠤᠷᠠᠯ᠎ᠤᠨ ᠮᠡᠳᠡᠭᠡ ᠵᠠᠩᠭᠢ ᠨᠡᠶ᠋ᠢᠲᠡᠯᠡᠵᠦ᠂ ᠬᠥᠳᠡᠯᠮᠦᠷᠢᠯᠡᠭᠴᠢ ᠵᠢᠨ ᠠᠵᠢᠯ ᠡᠷᠢᠬᠦ᠂ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠎ᠳᠤ ᠣᠷᠣᠯᠴᠠᠬᠤ ᠪᠠ ᠬᠥᠮᠦᠨ ᠬᠡᠷᠡᠭᠯᠡᠬᠦ ᠨᠢᠭᠡᠴᠡ ᠵᠢᠨ ᠠᠵᠢᠯᠴᠢᠨ ᠤᠷᠢᠬᠤ᠎ᠳᠤ ᠲᠤᠶ᠋ᠢᠯ᠎ᠤᠨ ᠣᠨᠣᠪᠴᠢᠲᠠᠢ ᠵᠣᠯᠭ᠋ᠠᠭᠤᠯᠬᠤ ᠦᠢ᠍ᠯᠡᠴᠢᠯᠡᠭᠡ ᠬᠠᠩᠭ᠋ᠠᠵᠤ ᠪᠣᠯᠤᠨ᠎ᠠ᠃

    ᠬᠣᠶᠠᠷ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠦᠨᠳᠦᠰᠦᠨ ᠳᠠᠭ᠋ᠠᠳᠬᠠᠯ᠎ᠤᠨ ᠨᠠᠰᠤᠵᠢᠯ᠎ᠤᠨ ᠠᠰᠠᠷᠠᠮᠵᠢ ᠵᠢᠨ ᠦᠨᠳᠦᠰᠦᠨ ᠮᠥᠩᠭᠥ ᠵᠢᠨ《ᠪᠠᠷᠢᠮᠵᠢᠶ᠎ᠠ ᠵᠢ

ᠳᠡᠭᠡᠭᠰᠢᠯᠡᠬᠦᠯᠪᠡ》᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠳᠠᠭ᠋ᠠᠳᠬᠠᠯ᠎ᠤᠨ ᠪᠠᠲᠤᠯᠠᠭ᠎ᠠ ᠵᠢᠨ ᠬᠢᠷᠢ ᠬᠡᠮᠵᠢᠶ᠎ᠡ ᠬᠠᠷᠢᠴᠠᠩᠭᠤᠢ ᠳᠣᠣᠷ᠎ᠠ ᠪᠠᠶ᠋ᠢᠭ᠎ᠠ ᠠᠰᠠᠭᠤᠳᠠᠯ᠎ᠳᠤ ᠴᠢᠭᠯᠡᠭᠦᠯᠦᠨ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠵᠣᠯ ᠵᠢᠷᠭ᠋ᠠᠯᠲᠤ ᠰᠡᠳᠬᠢᠯᠭᠡ᠂ ᠤᠯᠤᠯᠳᠠ ᠲᠦᠷᠦᠭᠳᠡᠯ᠎ᠢ ᠤᠯᠠᠮ ᠨᠢᠭᠡ ᠠᠯᠬᠤᠮ ᠨᠡᠮᠡᠭᠳᠡᠭᠦᠯᠵᠦ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠦᠨᠳᠦᠰᠦᠨ ᠳᠠᠭ᠋ᠠᠳᠬᠠᠯ᠎ᠤᠨ ᠨᠠᠰᠤᠵᠢᠯ᠎ᠤᠨ ᠠᠰᠠᠷᠠᠮᠵᠢ ᠵᠢᠨ ᠦᠨᠳᠦᠰᠦᠨ ᠮᠥᠩᠭᠥ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠨ᠎ᠡ᠃

    ᠭᠤᠷᠪᠠ᠂  ᠠᠵᠢᠯ᠎ᠠᠴᠠ᠎ᠪᠠᠨ ᠠᠮᠠᠷᠠᠭᠰᠠᠨ ᠬᠥᠮᠦᠰ᠎ᠤᠨ ᠨᠠᠰᠤᠵᠢᠯ᠎ᠤᠨ ᠮᠥᠩᠭᠥ ᠵᠢ ᠤᠷᠢᠳᠴᠢᠯᠠᠨ ᠣᠯᠭᠣᠬᠤ ᠲᠣᠭᠲᠠᠴᠠ ᠵᠢ  ᠪᠠᠢ᠌ᠭᠤᠯᠵᠦ《ᠠᠮᠢᠳᠤᠷᠠᠯ᠎ᠢ᠎ᠨᠢ ᠪᠠᠲᠤᠯᠠᠬᠤ》ᠬᠡᠷᠡᠭᠳᠡᠢ᠃ ᠰᠢᠨ᠎ᠡ᠎ᠪᠠᠷ ᠠᠵᠢᠯ᠎ᠠᠴᠠ᠎ᠪᠠᠨ ᠠᠮᠠᠷᠠᠭᠰᠠᠨ ᠬᠥᠮᠦᠰ᠎ᠤᠨ ᠲᠤᠷᠠᠳᠤᠭᠰᠠᠨ ᠳᠡᠭᠡᠷ᠎ᠡ ᠵᠢᠯ᠎ᠤᠨ ᠠᠵᠢᠯ᠎ᠤᠨ ᠪᠠᠶ᠋ᠢᠷᠢ᠎ᠳᠠᠭᠠᠨ ᠪᠠᠢ᠌ᠭᠰᠠᠨ ᠠᠵᠢᠯᠲᠠᠨ ᠠᠵᠢᠯᠴᠢᠨ᠎ᠤ ᠲᠡᠭᠰᠢᠳᠭᠡᠭᠰᠡᠨ ᠴᠠᠯᠢᠩ᠎ᠢ ᠨᠡᠶ᠋ᠢᠲᠡᠯᠡᠭᠰᠡᠨ᠎ᠨᠢ ᠬᠤᠵᠢᠮᠳᠠᠭᠰᠠᠨ᠎ᠠᠴᠠ ᠪᠣᠯᠵᠤ ᠣᠯᠭᠣᠮᠵᠢ ᠵᠢ᠎ᠨᠢ ᠴᠠᠭ ᠲᠤᠬᠠᠢ᠎ᠳᠤ᠎ᠨᠢ ᠬᠢᠨᠠᠨ ᠲᠣᠭᠲᠠᠭ᠋ᠠᠭᠰᠠᠨ ᠦᠬᠡᠢ᠂ ᠨᠠᠰᠤᠵᠢᠯ᠎ᠤᠨ ᠠᠰᠠᠷᠠᠮᠵᠢ ᠵᠢᠨ ᠮᠥᠩᠭᠥ ᠠᠪᠬᠤ ᠵᠢ᠎ᠨᠢ ᠬᠤᠢ᠌ᠰᠢᠯᠠᠭᠤᠯᠤᠭᠰᠠᠨ ᠠᠰᠠᠭᠤᠳᠠᠯ᠎ᠳᠤ ᠴᠢᠭᠯᠡᠭᠦᠯᠦᠨ᠂ 2021 ᠣᠨ᠎ᠠᠴᠠ ᠡᠬᠢᠯᠡᠨ᠂《ᠨᠠᠰᠤᠵᠢᠯ᠎ᠤᠨ ᠳᠠᠭ᠋ᠠᠳᠬᠠᠯ᠎ᠤᠨ ᠣᠯᠭᠣᠮᠵᠢ ᠵᠢ ᠪᠣᠳᠣᠵᠤ ᠣᠯᠭᠣᠬᠤ ᠰᠠᠭᠤᠷᠢ ᠲᠣᠭ᠎ᠠ》《ᠬᠤᠪᠢ ᠬᠥᠮᠦᠨ᠎ᠤ ᠳᠠᠩᠰᠠᠨ ᠡᠷᠦᠬᠡ ᠵᠢᠨ ᠳᠠᠩᠰᠠ ᠲᠡᠮᠳᠡᠭᠯᠡᠬᠦ ᠬᠦᠦ ᠨᠣᠷᠮ᠎ᠠ》ᠵᠢ  ᠨᠡᠢ᠌ᠳᠡᠯᠡᠬᠦ᠎ᠠᠴᠠ ᠡᠮᠦᠨ᠎ᠡ᠂ ᠲᠤᠰ ᠣᠨ᠎ᠤ ᠠᠵᠢᠯ᠎ᠠᠴᠠ᠎ᠪᠠᠨ ᠠᠮᠠᠷᠠᠭᠰᠠᠨ ᠬᠥᠮᠦᠰ᠎ᠤᠨ ᠳᠡᠭᠡᠷ᠎ᠡ ᠵᠢᠯ᠎ᠤᠨ ᠰᠠᠭᠤᠷᠢ ᠲᠣᠭ᠎ᠠ᠎ᠪᠠᠷ ᠨᠠᠰᠤᠵᠢᠯ᠎ᠤᠨ ᠮᠥᠩᠭᠥ ᠵᠢ ᠤᠷᠢᠳᠴᠢᠯᠠᠨ ᠣᠯᠭᠣᠵᠤ᠂ ᠲᠤᠰ ᠣᠨ᠎ᠤ ᠪᠣᠯᠵᠣᠯᠲᠤ ᠲᠣᠭ᠎ᠠ ᠵᠢ ᠲᠣᠭᠲᠠᠭ᠋ᠠᠭᠰᠠᠨ᠎ᠤ ᠳᠠᠷᠠᠭ᠎ᠠ ᠳᠠᠬᠢᠨ ᠲᠣᠭ᠋ᠠᠴᠠᠭ᠎ᠠ ᠬᠢᠨ᠎ᠡ᠃

    ᠳᠥᠷᠪᠡ᠂ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ ᠰᠦᠯᠵᠢᠶᠡᠨ ᠲᠡᠭᠡᠷ᠎ᠡ ᠲᠤᠰᠢᠶᠠᠬᠤ ᠵᠢ ᠪᠡᠶᠡᠯᠡᠬᠦᠯᠦᠨ᠎ᠡ᠃ ᠠᠵᠤ ᠠᠬᠤᠶ᠋ᠢᠯᠠᠯ ᠪᠠ ᠣᠯᠠᠨ ᠲᠦᠮᠡᠨ᠎ᠤ ᠲᠤᠰᠬᠠᠭᠰᠠᠨ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ ᠲᠤᠰᠢᠶᠠᠵᠤ ᠨᠠᠭ᠋ᠠᠰᠢ ᠴᠠᠭ᠋ᠠᠰᠢ ᠭᠦᠶᠦᠬᠦ᠂ ᠮᠦᠷᠯᠡᠬᠦ ᠴᠠᠭ᠎ᠨᠢ ᠤᠷᠲᠤ ᠵᠡᠷᠭᠡ ᠳᠣᠪᠣᠶ᠋ᠢᠮ᠎ᠠ ᠠᠰᠠᠭᠤᠳᠠᠯ᠎ᠳᠤ ᠴᠢᠭᠯᠡᠭᠦᠯᠦᠨ᠂ ᠰᠦᠢ᠍ᠳᠬᠡᠯ ᠲᠤᠰᠢᠶᠠᠬᠤ ᠠᠷᠭ᠎ᠠ ᠵᠠᠮ᠎ᠢ ᠬᠦᠴᠦᠯᠡᠨ ᠥᠷᠭᠡᠳᠬᠡᠵᠦ᠂ ᠠᠵᠤ ᠠᠬᠤᠶ᠋ᠢᠯᠠᠯ ᠪᠠ ᠣᠯᠠᠨ ᠲᠦᠮᠡᠨ᠎ᠢ ᠬᠥᠲᠥᠯᠦᠨ ᠵᠢᠯᠣᠭᠣᠳᠴᠤ ᠪᠠᠶ᠋ᠢᠭ᠋ᠠᠳ《ᠥᠪᠥᠷ ᠮᠣᠩᠭᠣᠯ᠎ᠤᠨ ᠭᠠᠶ᠋ᠢᠯᠢ ᠵᠢᠨ ᠶᠠᠪᠤᠳᠠᠯ》APP᠂ 《ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠭᠢᠮ 》APP᠂ 《ᠥᠪᠥᠷ ᠮᠣᠩᠭᠣᠯ᠎ᠤᠨ ᠲᠦᠷᠭᠡᠨ ᠬᠦᠢ᠍ᠴᠡᠳᠭᠡᠬᠦ》APP᠂ ᠸᠢᠴᠠᠲ᠂  ᠲᠤᠭ᠋ᠠᠴᠠᠭ᠎ᠠ ᠬᠢᠬᠦ  ᡁᠢ ᠹᠦ᠋ ᠪᠤᠤ ᠵᠡᠷᠭᠡ  ᠠᠷᠭ᠎ᠠ ᠵᠠᠮ ᠵᠶ᠋ᠡᠷ ᠳᠠᠮᠵᠢᠨ ᠰᠦᠯᠵᠢᠶᠡᠨ ᠲᠡᠭᠡᠷ᠎ᠡ ᠰᠦᠢ᠍ᠳᠬᠡᠯ ᠲᠤᠰᠢᠶᠠᠵᠤ᠂ ᠮᠡᠳᠡᠭᠡ ᠵᠠᠩᠭᠢ ᠵᠢ ᠢᠯᠡᠭᠦᠦ ᠲᠠᠮᠵᠢᠭᠤᠯᠵᠦ᠂ ᠣᠯᠠᠨ ᠲᠦᠮᠡᠨ᠎ᠢ ᠳᠤᠲᠠᠭᠤ ᠭᠦᠶᠦᠯᠭᠡᠬᠦ ᠬᠡᠷᠡᠭᠲᠡᠢ᠃

    ᠲᠠᠪᠤ᠂ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠢ ᠨᠢᠭᠡ ᠭᠠᠷᠠᠭ᠎ᠤᠨ ᠲᠤᠳᠤᠷ᠎ᠠ ᠭᠤᠶᠤᠴᠢᠯᠠᠨ ᠠᠪᠬᠤ ᠵᠢ ᠪᠡᠶᠡᠯᠡᠬᠦᠯᠦᠨ᠎ᠡ᠃ ᠣᠯᠠᠨ ᠲᠦᠮᠡᠨ᠎ᠤ ᠳᠤᠷᠠᠳᠤᠭᠰᠠᠨ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ ᠭᠤᠶᠤᠴᠢᠯᠠᠨ ᠠᠪᠬᠤ᠎ᠳᠤ ᠬᠦᠯᠢᠶᠡᠬᠦ ᠴᠠᠭ ᠤᠷᠲᠤ ᠪᠠᠶ᠋ᠢᠬᠤ ᠠᠰᠠᠭᠤᠳᠠᠯ᠎ᠳᠤ ᠴᠢᠭᠯᠡᠭᠦᠯᠦᠨ᠂ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ ᠭᠤᠶᠤᠴᠢᠯᠠᠨ ᠠᠪᠬᠤ ᠲᠤᠬᠠᠶ᠋ᠢᠯᠠᠭᠰᠠᠨ ᠠᠵᠢᠯ᠎ᠤᠨ ᠭᠦᠢ᠍ᠴᠡᠳᠬᠡᠬᠦ ᠴᠠᠭ᠎ᠢ ᠤᠯᠠᠮ ᠨᠢᠭᠡ ᠠᠯᠬᠤᠮ ᠪᠠᠭ᠋ᠠᠰᠬᠠᠨ᠂ ᠭᠤᠶᠤᠴᠢᠯᠠᠬᠤ ᠳᠡᠰ ᠳᠠᠷᠠᠭ᠋ᠠᠯᠠᠯ᠎ᠢ ᠳᠥᠭᠥᠮᠴᠢᠯᠡᠵᠦ᠂ ᠭᠤᠶᠤᠴᠢᠯᠠᠭᠰᠠᠨ ᠡᠳᠦᠷ᠎ᠠᠴᠠ ᠡᠬᠢᠯᠡᠨ《ᠨᠢᠭᠡ ᠭᠠᠷᠠᠭ᠎ᠤᠨ ᠲᠤᠳᠤᠷ᠎ᠠ ᠭᠠᠷᠳᠠᠬᠤ》ᠵᠢ ᠪᠡᠶᠡᠯᠡᠭᠦᠯᠦᠨ᠎ᠡ᠃

    ᠵᠢᠷᠭᠤᠭ᠎ᠠ᠂ ᠲᠤᠰᠬᠠᠢ ᠮᠡᠷᠭᠡᠵᠢᠯᠲᠡᠨ ᠦᠨᠳᠦᠰᠦᠨ ᠱᠠᠲᠤᠨ᠎ᠳᠤ ᠦᠢ᠍ᠯᠡᠴᠢᠯᠡᠵᠦ 《ᠬᠠᠶ᠋ᠢᠷ᠎ᠠ ᠬᠠᠯᠠᠮᠵᠢ ᠬᠦᠷᠭᠡᠬᠦ》ᠵᠢ ᠪᠡᠶᠡᠯᠡᠬᠦᠯᠦᠨ᠎ᠡ᠃ ᠦᠨᠳᠦᠰᠦᠨ ᠱᠠᠲᠤᠨ᠎ᠤ ᠴᠢᠳᠠᠪᠤᠷᠢᠲᠠᠨ ᠳᠤᠲᠠᠭᠳᠠᠵᠤ ᠪᠠᠶ᠋ᠢᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠭᠡ ᠪᠠᠭᠤᠷᠠᠢ ᠪᠠᠶ᠋ᠢᠭ᠎ᠠ ᠪᠣᠳᠠᠲᠤ ᠪᠠᠶ᠋ᠢᠳᠠᠯ᠎ᠳᠤ ᠴᠢᠭᠯᠡᠭᠦᠯᠦᠨ᠂ ᠲᠤᠰᠬᠠᠢ ᠮᠡᠷᠭᠡᠵᠢᠯᠲᠡᠨ᠎ᠢ ᠢᠳᠡᠪᠬᠢᠲᠡᠢ ᠬᠥᠲᠥᠯᠦᠨ ᠵᠢᠯᠣᠭᠣᠳᠴᠤ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠦᠢ᠍ᠯᠡᠴᠢᠯᠡᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠲᠤᠰᠠᠯᠠᠭᠤᠯᠤᠨ᠎ᠠ᠃ ᠪᠥᠬᠥ ᠵᠢᠯ᠎ᠳᠤ ᠳᠡᠭᠡᠳᠦ ᠳᠡᠰ᠎ᠤᠨ 200 ᠨᠡᠷᠡᠰ ᠲᠤᠰᠬᠠᠢ ᠮᠡᠷᠭᠡᠵᠢᠯᠲᠡᠨ᠎ᠢ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠬᠦᠨᠵᠡᠭᠡᠢ᠌ᠷᠡᠬᠦᠯᠬᠦ᠎ᠪᠠᠷ ᠰᠤᠩᠭᠤᠨ ᠲᠤᠮᠢᠯᠠᠵᠦ᠂ ᠣᠷᠣᠨ ᠨᠤᠲᠤᠭ᠎ᠤᠨ ᠭᠣᠣᠯᠳᠠᠯᠭ᠎ᠠ᠎ᠲᠠᠢ ᠬᠦᠷᠢᠶ᠎ᠡ᠂ ᠭᠣᠣᠯᠳᠠᠯᠭ᠎ᠠ᠎ᠲᠠᠢ ᠠᠵᠢᠯ ᠲᠥᠷᠥᠯ᠂ ᠣᠨᠴᠠᠯᠢᠭᠲᠤ ᠠᠵᠤ ᠦᠢ᠍ᠯᠡᠰ ᠵᠡᠷᠭᠡ ᠵᠢᠨ ᠬᠥᠭᠵᠢᠯᠲᠡ ᠵᠢᠨ ᠱᠠᠭ᠋ᠠᠷᠳᠠᠯᠭ᠎ᠠ ᠵᠢᠨ ᠲᠣᠭᠣᠷᠢᠨ᠎ᠳᠤ ᠲᠥᠷᠥᠯ ᠵᠦᠢ᠍ᠯ᠎ᠤᠨ ᠪᠣᠭᠣᠮᠲᠠ ᠰᠢᠪᠲᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠡᠯᠭᠡᠷᠡᠭᠦᠯᠦᠯᠲᠡ᠂ ᠮᠡᠷᠭᠡᠵᠢᠯ᠎ᠤᠨ ᠦᠢ᠍ᠯᠡᠴᠢᠯᠡᠭᠡ᠂ ᠴᠢᠳᠠᠪᠤᠷᠢᠲᠠᠨ ᠬᠥᠮᠦᠵᠢᠭᠦᠯᠬᠦ ᠵᠡᠷᠭᠡ ᠠᠵᠢᠯᠯᠠᠭ᠎ᠠ ᠵᠢ ᠥᠷᠨᠢᠭᠦᠯᠵᠦ᠂ ᠦᠨᠳᠦᠰᠦᠨ ᠱᠠᠲᠤᠨ᠎ᠳᠤ ᠪᠣᠳᠠᠲᠤ ᠠᠵᠢᠯ ᠬᠢᠵᠦ᠂ ᠬᠦᠴᠢᠷ ᠠᠰᠠᠭᠤᠳᠠᠯ᠎ᠢ᠎ᠨᠢ ᠰᠢᠢ᠍ᠳᠪᠦᠷᠢᠯᠡᠵᠦ ᠦᠭᠭᠦ ᠵᠢ᠎ᠨᠢ ᠲᠡᠮᠵᠢᠨ᠎ᠡ᠃

    ᠳᠣᠯᠣᠭ᠎ᠠ᠂ ᠵᠠᠬᠢᠳᠠᠯ ᠰᠤᠷᠪᠤᠯᠵᠢᠯᠠᠭ᠎ᠠ ᠵᠢᠨ ᠬᠦᠴᠢᠷ ᠰᠡᠳᠦᠪ᠎ᠢ ᠰᠢᠢ᠍ᠳᠪᠦᠷᠢᠯᠡᠵᠦ 《ᠰᠡᠳᠬᠢᠯ᠎ᠤᠨ ᠵᠠᠩᠭᠢᠷᠠᠭ᠎ᠠ ᠵᠢ᠎ᠨᠢ ᠲᠠᠢ᠌ᠯᠬᠤ》ᠬᠡᠷᠡᠭᠲᠡᠢ᠃ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠳᠤᠯᠠᠭ᠎ᠠ ᠵᠢᠨ ᠬᠦᠷᠢᠶ᠎ᠡ ᠬᠡᠪᠴᠢᠶᠡᠨ᠎ᠳᠠᠬᠢ ᠵᠠᠬᠢᠳᠠᠯ ᠰᠤᠷᠪᠤᠯᠵᠢᠯᠠᠭ᠎ᠠ ᠵᠢᠨ ᠳᠣᠪᠣᠶ᠋ᠢᠮ᠎ᠠ ᠠᠰᠠᠭᠤᠳᠠᠯ᠎ᠳᠤ ᠴᠢᠭᠯᠡᠭᠦᠯᠦᠨ᠂ ᠵᠠᠬᠢᠳᠠᠯ ᠰᠤᠷᠪᠤᠯᠵᠢᠯᠠᠭ᠎ᠠ ᠵᠢᠨ ᠠᠰᠠᠭᠤᠳᠠᠯ᠎ᠢ ᠰᠢᠢ᠍ᠳᠪᠦᠷᠢᠯᠡᠨ ᠪᠣᠭᠣᠮᠲᠠ ᠰᠢᠪᠲᠤᠯᠬᠤ ᠠᠵᠢᠯᠯᠠᠭ᠎ᠠ ᠵᠢ ᠲᠥᠪᠯᠡᠷᠡᠭᠦᠯᠦᠨ ᠥᠷᠨᠢᠭᠦᠯᠵᠦ᠂ ᠵᠠᠬᠢᠳᠠᠯ ᠰᠤᠷᠪᠤᠯᠵᠢᠯᠠᠭ᠎ᠠ ᠵᠢᠨ ᠵᠥᠷᠢᠴᠡᠯ᠎ᠢ ᠪᠥᠬᠥ ᠲᠠᠯ᠎ᠠ᠎ᠪᠠᠷ ᠪᠠᠶ᠋ᠢᠴᠠᠭ᠋ᠠᠨ᠂ ᠠᠷᠠᠳ ᠣᠯᠠᠨ᠎ᠤ ᠬᠠᠤᠯᠢ ᠶᠣᠰᠣᠨ᠎ᠤ ᠵᠦᠢ ᠵᠣᠬᠢᠰᠲᠠᠢ ᠱᠠᠭ᠋ᠠᠷᠳᠠᠯᠭ᠎ᠠ ᠵᠢ ᠰᠢᠢ᠍ᠳᠪᠦᠷᠢᠯᠡᠬᠦ ᠵᠢ ᠠᠬᠢᠭᠤᠯᠪᠠ᠃

    ᠨᠠᠢ᠍ᠮᠠ᠂ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡ ᠵᠢ ᠰᠠᠢ᠌ᠵᠢᠷᠠᠭᠤᠯᠵᠦ《ᠨᠡᠩ  ᠲᠤᠳᠤᠨᠤᠰᠤᠭ》ᠪᠤᠯᠭ᠋ᠠᠬᠤ ᠬᠡᠷᠡᠭᠲᠡᠢ᠃ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠰᠦᠯᠵᠢᠶᠡᠨ ᠳᠡᠭᠡᠷᠡᠬᠢ ᠦᠢ᠍ᠯᠡᠴᠢᠯᠡᠭᠡᠨ᠎ᠤ ᠲᠢᠩᠬᠢᠮ᠎ᠤᠨ ᠴᠢᠳᠠᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠡᠩ ᠣᠯᠠᠨ ᠦᠢ᠍ᠯᠡᠴᠢᠯᠡᠭᠡᠨ᠎ᠤ ᠵᠦᠢ᠍ᠯᠡᠰ᠎ᠢ ᠰᠦᠯᠵᠢᠶᠡᠨ ᠳᠡᠭᠡᠷ᠎ᠡ ᠭᠦᠢ᠍ᠴᠡᠳᠬᠡᠬᠦ᠂ ᠠᠯᠠᠭ᠋ᠠᠨ ᠳᠡᠭᠡᠷ᠎ᠡ᠎ᠪᠠᠨ ᠭᠦᠢ᠍ᠴᠡᠳᠬᠡᠬᠦ᠂ ᠨᠢᠭᠡ ᠤᠳᠠᠭ᠎ᠠ᠎ᠳᠤ ᠭᠦᠢ᠍ᠴᠡᠳᠬᠡᠬᠦ ᠵᠢ ᠠᠬᠢᠭᠤᠯᠤᠨ᠎ᠠ᠃ ᠨᠠᠰᠤᠲᠠᠶ᠋ᠢᠴᠤᠳ ᠵᠡᠷᠭᠡ ᠭᠣᠣᠯᠳᠠᠯᠭ᠎ᠠ᠎ᠲᠠᠢ ᠬᠠᠮᠳᠤ ᠴᠤᠭᠴᠠ ᠪᠣᠯᠤᠨ ᠵᠡᠮᠳᠡᠭᠴᠦᠳ ᠵᠡᠷᠭᠡ  ᠤᠨᠴᠠᠭ᠋ᠠᠢ ᠬᠥᠮᠦᠰ᠎ᠲᠤ ᠳᠥᠭᠥᠮ ᠦᠵᠡᠭᠦᠯᠬᠦ ᠦᠢ᠍ᠯᠡᠴᠢᠯᠡᠭᠡᠨ᠎ᠢ ᠰᠠᠢ᠌ᠵᠢᠷᠠᠭᠤᠯᠵᠦ᠂ ᠦᠢ᠍ᠯᠡᠴᠢᠯᠡᠭᠡ ᠵᠢ ᠲᠦᠭᠦᠮᠴᠢᠯᠡᠬᠦ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ᠃

    ᠶᠢᠰᠦ᠂ ᠬᠥᠮᠦᠨ᠎ᠤ ᠬᠦᠴᠦᠨ᠎ᠤ ᠡᠬᠢ ᠪᠠᠶᠠᠯᠢᠭ  ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠤᠬᠠᠭᠤᠯᠬᠤ ᠬᠡᠷᠡᠭᠲᠡᠢ᠃ ᠬᠥᠮᠦᠨ᠎ᠤ ᠬᠦᠴᠦᠨ᠎ᠤ ᠡᠬᠢ ᠪᠠᠶᠠᠯᠢᠭ  ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢᠨ《ᠣᠯᠵᠤ ᠦᠵᠡᠬᠦ ᠦᠭᠡᠢ᠂ ᠣᠯᠵᠤ ᠰᠣᠨᠣᠰᠬᠤ ᠦᠭᠡᠢ》《ᠦᠵᠡᠭᠡᠳ ᠣᠶ᠋ᠢᠯᠠᠭ᠋ᠠᠬᠤ ᠦᠭᠡᠢ ᠂ ᠰᠤᠨᠤᠰᠤᠭ᠋ᠠᠳ ᠤᠢ᠌ᠯᠠᠭ᠋ᠠᠬᠤ ᠦᠬᠡᠢ》 ᠵᠡᠷᠭᠡ ᠬᠠᠷᠢᠭᠤ ᠲᠤᠰᠬᠠᠯ ᠨᠡᠯᠢᠶᠡᠳ ᠳᠣᠪᠣᠶ᠋ᠢᠮ᠎ᠠ ᠠᠰᠠᠭᠤᠳᠠᠯ᠎ᠳᠤ ᠴᠢᠭᠯᠡᠭᠦᠯᠦᠨ᠂ ᠣᠯᠠᠨ ᠲᠦᠮᠡᠨ ᠪᠠ ᠠᠵᠤ ᠠᠬᠤᠶ᠋ᠢᠯᠠᠯ᠎ᠤᠨ ᠬᠠᠯᠠᠮᠵᠢᠯᠠᠵᠦ ᠪᠠᠶ᠋ᠢᠭ᠎ᠠ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠥᠭᠥᠮ ᠣᠶ᠋ᠢᠯᠠᠭ᠋ᠠᠮᠵᠢᠲᠠᠢ᠂ ᠰᠦᠯᠵᠢᠶᠡᠨ ᠳᠡᠭᠡᠷ᠎ᠡ ᠨᠡᠶ᠋ᠢᠲᠡᠯᠡᠬᠦ᠂ ᠪᠦᠬᠦ ᠲᠠᠯ᠎ᠠ᠎ᠪᠠᠷ ᠤᠬᠠᠭᠤᠯᠬᠤ ᠵᠡᠷᠭᠡ ᠣᠯᠠᠨ ᠵᠦᠢ᠍ᠯ᠎ᠤᠨ ᠬᠡᠯᠪᠡᠷᠢ ᠵᠢ ᠠᠪᠴᠤ᠂ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠪᠠ ᠤᠬᠠᠭᠤᠯᠭ᠎ᠠ ᠵᠢᠨ ᠮᠠᠲ᠋ᠧᠷᠢᠶᠠᠯ᠎ᠢ ᠣᠨᠣᠪᠴᠢᠲᠠᠢ ᠬᠦᠷᠭᠡᠵᠦ᠂ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠤᠢ᠌ᠯᠠᠭ᠋ᠠᠭᠤᠯᠬᠤ ᠬᠡᠮᠵᠢᠶ᠎ᠡ ᠵᠢ

ᠳᠡᠭᠡᠭᠰᠢᠯᠡᠭᠦᠯᠦᠨ᠎ᠡ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠢ᠊
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠡ ᠵᠢᠨ 2021 ᠣᠨ᠎ᠤ ᠳᠡᠭᠡᠷ᠎ᠡ ᠬᠠᠭ᠋ᠠᠰ ᠵᠢᠯ᠎ᠤᠨ ᠢᠯᠡ᠎ᠪᠠᠷ ᠡᠯᠰᠡᠬᠦ ᠰᠢᠯᠭ᠋ᠠᠯᠲᠠ᠎ᠳᠤ ᠡᠬᠢᠯᠡᠨ ᠨᠡᠷ᠎ᠡ ᠮᠡᠳᠡᠬᠦᠯᠦᠯ᠎ᠡ᠃
ᠲᠤᠮᠳᠠᠳᠤ ᠤᠯᠤᠰ᠎ᠤᠨ ᠠᠵᠢᠯ ᠤᠯᠭᠤᠬᠤ ᠪᠣᠯᠪᠠᠰᠤᠷᠠᠯ᠎ᠤᠨ ᠮᠡᠷᠭᠡᠵᠢᠯ ᠵᠢᠯᠣᠭᠣᠳᠬᠤ ᠲᠥᠪ᠎ᠤᠨ ᠠᠵᠢᠯ ᠮᠡᠷᠭᠡᠵᠢᠯ᠎ᠤᠨ ᠱᠤᠭᠤᠮ ᠲᠡᠭᠡᠷ᠎ᠡ ᠳᠤᠲᠠᠭᠳᠠᠵᠤ ᠪᠠᠶ᠋ᠢᠭ᠎ᠠ ᠠᠩᠬᠠᠳᠠᠭᠴᠢ ᠪᠦᠯᠦᠭ ᠪᠣᠯᠪᠠᠰᠤᠷᠠᠯ᠎ᠤᠨ ᠡᠬᠢ ᠪᠠᠶᠠᠯᠢᠭ᠎ᠢ ᠴᠤᠭᠯᠠᠭᠤᠯᠬᠤ ᠲᠤᠬᠠᠢ ᠵᠠᠷᠯᠠᠯ᠎ᠢ ᠲᠠᠮᠵᠢᠭᠤᠯᠤᠨ ᠲᠠᠷᠬᠠᠭ᠋ᠠᠪᠠ
ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠪᠠᠶ᠋ᠢᠭᠤᠯᠬᠤ ᠵᠢ ᠬᠢᠨᠠᠨ ᠵᠦᠪᠰᠢᠶᠡᠷᠡᠵᠦ ᠬᠢᠨᠠᠨ ᠰᠢᠯᠭ᠋ᠠᠭᠰᠠᠨ ᠦᠷ᠎ᠡ ᠳ᠋ᠦᠩ᠎ᠤᠨ ᠲᠤᠬᠠᠢ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠡᠮᠳᠡᠭ᠂ ᠭᠤᠤᠯ ᠰᠡᠳᠦᠪᠲᠦ ᠳᠠᠭᠤᠤ ᠪᠠ ᠥᠯᠵᠡᠶ᠋ᠢᠲᠦ ᠪᠤᠳᠠᠰ᠎ᠤᠨ ᠵᠢᠷᠤᠭ ᠲᠥᠯᠥᠪᠯᠡᠭᠡ ᠵᠢ ᠢᠯᠡ᠎ᠪᠠᠷ ᠡᠯᠰᠡᠬᠦ ᠲᠤᠬᠠᠶ ᠠᠯᠪᠠᠨ ᠵᠠᠷ
ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠪᠠᠶ᠋ᠢᠭᠤᠯᠬᠤ ᠵᠢ ᠦᠨᠡᠯᠡᠨ ᠵᠢᠱ᠌ᠢᠭᠰᠡᠨ ᠦᠷ᠎ᠡ ᠳ᠋ᠦᠩ᠎ᠢ ᠵᠠᠷᠯᠠᠨ ᠨᠡᠶ᠋ᠢᠲᠡᠯᠡᠬᠦ ᠲᠤᠬᠠᠶ
 
            