ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠪᠠᠶ᠋ᠢᠭᠤᠯᠬᠤ ᠵᠢ ᠬᠢᠨᠠᠨ ᠵᠦᠪᠰᠢᠶᠡᠷᠠᠵᠦ ᠬᠢᠨᠠᠨ ᠲᠣᠬᠳᠠᠭ᠋ᠠᠬᠰᠠᠨ ᠦᠷ᠎ᠠ ᠳ᠋ᠦᠩ᠎ᠤᠨ ᠲᠠᠬᠠᠢ ᠵᠠᠷᠯᠠᠯ
ᠨᠡᠶ᠋ᠢᠲᠡᠯᠡᠭᠰᠡᠨ ᠴᠠᠭ᠄ 2021-12-01

  《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠠᠷᠭ᠎ᠠ ᠵᠢ  ᠲᠠᠷᠣᠮᠯᠠᠨ ᠲᠠᠷᠬᠠᠭ᠋ᠠᠬᠣ ᠲᠤᠬᠠᠢ ᠮᠡᠳᠡᠭᠳᠡᠯ》 (ᠥᠪᠥᠷ ᠬᠥᠮᠦᠨ ᠨᠡᠶ᠋ᠢᠭᠡᠮ ᠲᠠᠷᠬᠠᠭ᠋ᠠᠭᠰᠠᠨ [2013] 138 ᠳ᠋ᠤᠭ᠋ᠠᠷ ᠲᠣᠭ᠋ᠠᠲᠤ) ᠵᠢᠨ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ᠂᠂ ᠤᠯᠠᠭ᠋ᠠᠨᠬᠠᠳᠠ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠨ ᠭᠤᠶᠤᠴᠢᠯᠠᠯ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠲᠤᠰᠬᠠᠢ  ᠮᠡᠷᠭᠡᠵᠢᠯᠳᠡᠨ ᠵᠣᠬᠢᠶᠠᠨ ᠪᠠᠢ᠌ᠭᠣᠯᠵᠦ᠂   ᠮᠡᠳᠡᠭᠦᠯᠦᠭᠰᠡᠨ ᠨᠢᠬᠡᠴᠢ᠎ᠳᠤ ᠲᠤᠬᠠᠢ ᠵᠢᠨ ᠭᠠᠵᠠᠷ᠎ᠲᠤᠨᠢ ᠬᠢᠨᠠᠨ ᠲᠣᠭᠲᠠᠭ᠋ᠠᠯᠲᠠ ᠬᠢᠬᠦ ᠵᠢᠨ ᠲᠠᠭ᠋ᠠᠥ  ᠲᠣᠥᠷᠡᠬᠢ ᠬᠡᠳᠣᠨ ᠲᠠᠯ᠎ᠠ ᠵᠢᠨ ᠰᠠᠨᠠᠯ ᠲᠣᠷᠠᠳᠪᠠ᠃
   1. ᠤᠯᠠᠭ᠋ᠠᠨᠬᠠᠳᠠ ᠵᠢᠨ ᠨᠢᠭᠡᠳᠦᠭᠡᠷ ᠠᠵᠢᠯ ᠮᠡᠷᠭᠡᠵᠢᠯ᠎ᠤᠨ ᠳᠤᠮᠳᠠ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ᠎ᠳᠤ ᠤᠯᠠᠭ᠋ᠠᠨᠬᠠᠳᠠ ᠵᠢᠨ ᠬᠤᠩᠱ᠌ᠠᠨ ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ ᠪᠠᠶ᠋ᠢᠭᠤᠯᠬᠤ ᠵᠢ ᠵᠥᠪᠰᠢᠶᠡᠷᠡᠨ᠎ᠡ᠃
   2. ᠤᠯᠠᠭ᠋ᠠᠨᠬᠠᠳᠠ ᠵᠢᠨ ᠡᠷᠡᠭᠦᠯ ᠬᠠᠮᠠᠭ᠋ᠠᠯᠠᠯ᠎ᠤᠨ ᠰᠤᠷᠭ᠋ᠠᠭᠤᠯᠢ᠎ᠳᠤ ᠣᠩᠨᠤᠭᠤᠳ ᠬᠤᠰᠢᠭᠤᠨ᠎ᠤ ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ ᠪᠠᠶ᠋ᠢᠭᠤᠯᠬᠤ ᠵᠢ ᠵᠥᠪᠰᠢᠶᠡᠷᠡᠨ᠎ᠡ᠃
   3. ᠤᠯᠠᠭ᠋ᠠᠨᠬᠠᠳᠠ ᠬᠣᠲᠠ ᠵᠢᠨ ᠰᠢᠨ ᠬᠤᠢ ᠣᠳᠣ ᠦᠶ᠎ᠡ ᠵᠢᠨ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠤᠷᠭ᠋ᠠᠭᠤᠯᠢ᠎ᠳᠤ ᠤᠯᠠᠭ᠋ᠠᠨᠬᠠᠳᠠ ᠵᠢᠨ ᠣᠳᠣ ᠦᠶ᠎ᠡ ᠵᠢᠨ ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ ᠪᠠᠶ᠋ᠢᠭᠤᠯᠬᠤ ᠵᠢ ᠵᠥᠪᠰᠢᠶᠡᠷᠡᠨ᠎ᠡ᠃
    ᠣᠳᠣ ᠬᠢᠨᠠᠨ ᠲᠣᠭᠲᠠᠭ᠋ᠠᠭᠰᠠᠨ ᠰᠠᠨᠠᠯ᠎ᠢ ᠵᠠᠷᠯᠠᠨ ᠨᠡᠶ᠋ᠢᠲᠡᠯᠡᠵᠦ ᠂ 10 ᠰᠠᠷ᠎ᠠ ᠵᠢᠨ 28᠎ᠤ ᠡᠳᠣᠷ᠎ᠠᠴᠠ 11 ᠰᠠᠷ᠎ᠠ ᠵᠢᠨ 4᠎ᠤ ᠡᠳᠦᠷ ᠪᠣᠯᠲᠠᠯ᠎ᠠ ᠢᠯᠡ ᠨᠡᠢ᠌ᠳᠡᠯᠡᠨ᠎ᠡ᠃ ᠢᠯᠡ ᠨᠡᠶ᠋ᠢᠲᠡᠯᠡᠬᠦ ᠬᠤᠭᠤᠴᠠᠭ᠋ᠠᠨ᠎ᠳᠤ᠂ ᠢᠯᠡ ᠨᠡᠢ᠌ᠳᠡᠯᠡᠭᠰᠡᠨ ᠡᠲᠡᠭᠡᠳ ᠪᠤᠶᠤ ᠬᠢᠨᠠᠨ ᠲᠣᠭᠲᠠᠭ᠋ᠠᠭᠰᠠᠨ ᠦᠷ᠎ᠡ ᠳ᠋ᠦ᠍ᠩ᠎ᠳᠤ ᠣᠨᠳᠣᠣ ᠰᠠᠨᠠᠯ᠎ᠲᠠᠢ ᠪᠣᠯ ᠣᠳᠠᠰᠣ ᠂  ᠵᠡᠬᠢᠳᠡᠯ  ᠪᠤᠶᠤ  ᠢᠮᠸᠯ ᠵᠡᠷᠭᠡ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠳᠤ ᠲᠤᠰᠬᠠᠬᠤ ᠪᠣᠯᠣᠨ᠎ᠠ᠃ ᠪᠠᠶ᠋ᠢᠳᠠᠯ᠎ᠢ ᠲᠤᠰᠬᠠᠬᠤ᠎ᠳᠠᠭᠠᠨ ᠡᠷᠬᠡᠪᠰᠢ ᠦᠨᠡᠨ ᠪᠣᠳᠠᠳᠠᠢ᠂ ᠪᠤᠰᠤᠳᠴᠢ᠂ ᠲᠥᠪ ᠭᠣᠣᠯᠴᠢ ᠪᠠᠢ᠌ᠬᠣ ᠭᠡᠷᠡᠭᠳᠡᠢ᠃ ᠣᠳᠠᠰᠣᠳᠠᠬᠣ ᠪᠤᠶᠤ ᠵᠠᠬᠢᠳᠠᠯ ᠢᠯᠡᠬᠡᠬᠦ᠎ᠳᠡᠭᠡᠨ ᠡᠷᠬᠡᠪᠰᠢ ᠨᠡᠷ᠎ᠡ ᠣᠪᠣᠭ ᠵᠶ᠋ᠠᠨ ᠦᠨᠡᠨ ᠮᠦᠨ ᠵᠶ᠋ᠠᠷ ᠬᠡᠯᠡᠵᠦ᠂ ᠵᠥᠪ ᠣᠨᠣᠪᠴᠢᠲᠠᠢ ᠬᠠᠷᠢᠯᠴᠠᠬᠤ  ᠬᠠᠶᠢᠭ ᠦᠯᠡᠳᠡᠬᠡᠬᠦ ᠬᠡᠷᠡᠭᠲᠡᠢ᠂  ᠡᠰᠡᠪᠡᠰᠦ  ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠃ ᠬᠦᠯᠢᠶᠡᠨ ᠠᠪᠴᠤ ᠰᠢᠢ᠍ᠳᠪᠦᠷᠢᠯᠡᠬᠦ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠲᠣᠰᠬᠠᠬᠰᠠᠨ ᠠᠭᠤᠯᠭ᠎ᠠ ᠪᠠ ᠲᠤᠰᠬᠠᠭᠰᠠᠨ ᠬᠦᠮᠦᠨ᠎ᠤ ᠬᠠᠮᠢᠶ᠎ᠠ ᠪᠦᠬᠦᠢ  ᠰᠣᠷᠠᠭ ᠵᠠᠩᠭᠢ ᠵᠢᠨ ᠨᠢᠭᠤᠴᠠ ᠵᠢ ᠬᠠᠮᠠᠭ᠋ᠠᠯᠠᠬᠤ ᠬᠡᠷᠡᠭᠲᠡᠢ᠃
    ᠬᠦᠯᠢᠶᠡᠨ ᠠᠪᠴᠤ ᠰᠢᠢ᠍ᠳᠪᠦᠷᠢᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
   ᠬᠦᠯᠢᠶᠡᠨ ᠠᠪᠴᠤ ᠰᠢᠢ᠍ᠳᠪᠦᠷᠢᠯᠡᠬᠦ  ᠣᠳᠠᠰᠣ᠄ (0471) 6944622
ᠬᠠᠷᠢᠯᠴᠠᠬᠤ ᠬᠠᠶ᠋ᠢᠭ᠄ ᠬᠥᠬᠡᠬᠣᠲᠠ ᠵᠢᠨ ᠰᠢᠨᠬᠤᠸᠠ ᠶᠡᠬᠡ ᠵᠡᠭᠡᠯᠢ ᠵᠢᠨ 63 ᠬᠦᠷᠢᠶ᠎ᠡ ᠵᠢᠨ 6 ᠨᠣᠮᠧᠷᠲᠦ ᠠᠰᠠᠷ᠎ᠤᠨ 317 ᠳ᠋ᠤᠭ᠋ᠠᠷ ᠲᠠᠰᠤᠭ
ᠢᠮᠧᠯ᠄ nmgrstzjc@163. com
     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠵᠢᠨ ᠬᠥᠮᠦᠨ᠎ᠤ ᠬᠦᠴᠦᠨ᠎ᠤ ᠡᠬᠢ  ᠪᠠᠶᠠᠯᠢᠭ ᠪᠣᠯᠤᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ 

    2021 ᠣᠨ᠎ᠤ10 ᠰᠠᠷ᠎ᠠ ᠵᠢᠨ 28᠎ᠤ ᠡᠳᠣᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩ᠊
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠮᠠᠰᠢᠨ ᠵᠣᠬᠰᠣᠬᠣ ᠠᠯᠪᠠᠨ ᠵᠠᠷᠯᠠᠯ
ᠪᠦᠬᠦ ᠤᠯᠤᠰ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠰᠢᠯᠢᠳᠡᠭ ᠦᠢ᠍ᠯᠡᠴᠢᠯᠡᠭᠡᠨ᠎ᠤ ᠴᠣᠩᠬᠣ ᠪᠠ ᠲᠡᠷᠢᠭᠦᠨ᠎ᠤ ᠬᠤᠪᠢ ᠬᠥᠮᠦᠨ᠎ᠢ ᠪᠠᠲᠤᠯᠠᠨ ᠲᠠᠨᠢᠯᠴᠠᠭᠤᠯᠬᠤ ᠠᠯᠪᠠᠨ ᠵᠠᠷᠯᠠᠯ
2022 ᠣᠨ᠎ᠤ 《ᠲᠠᠯ᠎ᠠ ᠨᠤᠲᠤᠭ᠎ᠤᠨ ᠴᠢᠳᠠᠪᠤᠷᠢᠲᠠᠨ》᠎ᠤ ᠠᠵᠢᠯᠯᠠᠭ᠎ᠠ ᠵᠢ ᠬᠢᠨᠠᠨ ᠦᠨᠡᠯᠡᠭᠰᠡᠨ ᠦᠷ᠎ᠡ ᠳ᠋ᠦ᠍ᠩ᠎ᠤᠨ ᠲᠤᠬᠠᠢ ᠵᠠᠷᠯᠠᠯ
2021 ᠣᠨ᠎ᠤ ᠲᠡᠷᠭᠡᠯ ᠰᠠᠷᠠᠨ᠎ᠤ ᠪᠠᠶᠠᠷ ᠪᠣᠯᠤᠨ ᠤᠯᠤᠰ᠎ᠤᠨ ᠪᠠᠶᠠᠷ᠎ᠤᠨ ᠠᠮᠠᠷᠠᠯᠳᠠ ᠵᠢᠨ ᠬᠤᠭᠤᠴᠠᠭ᠋ᠠᠨ᠎ᠳᠠᠬᠢ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠪᠣᠯᠤᠨ ᠠᠷᠠᠳ᠎ᠠᠴᠠ ᠡᠵᠡᠩᠨᠡᠭᠰᠡᠨ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠠᠮᠤᠷ ᠲᠦᠪᠰᠢᠨ᠎ᠤ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ
2021 ᠣᠨ᠎ᠤ ᠥᠪᠡᠷᠲᠡᠭᠡᠨ ᠵᠠᠰᠠᠬᠤ ᠣᠷᠣᠨ᠎ᠤ ᠲᠤᠰ ᠱᠠᠳᠤᠨ᠎ᠤ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠠᠭᠤᠷᠢ ᠲᠣᠭ᠎ᠠ ᠵᠢ ᠬᠢᠨᠠᠨ ᠲᠣᠭᠲᠠᠭ᠋ᠠᠬᠤ ᠬᠣᠯᠪᠣᠭᠳᠠᠯ ᠪᠦᠬᠦᠢ ᠤᠴᠢᠷ᠎ᠢ ᠰᠠᠶ᠋ᠢᠲᠤᠷ ᠬᠢᠬᠦ ᠲᠤᠬᠠᠢ ᠮᠡᠳᠡᠭᠳᠡᠯ
 
            