《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠤ ᠨᠡᠭᠡᠭᠡᠯᠲᠡ ᠵᠢᠨ ᠰᠠᠭᠤᠷᠢ ᠮᠥᠩᠭᠥ ᠵᠢ ᠬᠡᠷᠡᠭᠯᠡᠬᠦ ᠬᠠᠮᠢᠶᠠᠷᠤᠯᠲᠠ ᠵᠢᠨ ᠠᠷᠭ᠎ᠠ 〉 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ 》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠠᠷᠬᠠᠭ᠋ᠠᠭᠰᠠᠨ [2001]1 ᠳ᠋ᠦ᠍ᠭᠡᠷ ᠲᠣᠭ᠋ᠠᠲᠤ)᠂ 《2021 ᠣᠨ᠎ᠤ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠤ ᠨᠡᠭᠡᠭᠡᠯᠲᠡ ᠵᠢᠨ ᠰᠠᠭᠤᠷᠢ ᠮᠥᠩᠭᠥ ᠵᠢᠨ ᠭᠤᠶᠤᠴᠢᠯᠠᠯ᠎ᠢ ᠬᠦᠯᠢᠶᠡᠨ ᠠᠪᠴᠤ ᠰᠢᠢ᠍ᠳᠪᠦᠷᠢᠯᠡᠬᠦ ᠠᠵᠢᠯ᠎ᠢ ᠥᠷᠨᠢᠭᠦᠯᠬᠦ ᠲᠤᠬᠠᠢ ᠮᠡᠳᠡᠭᠳᠡᠯ 》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠲᠠᠷᠬᠠᠭ᠋ᠠᠭᠰᠠᠨ ᠠᠯᠪᠠᠨ ᠪᠢᠴᠢᠭ [2020]154 ᠳ᠋ᠦ᠍ᠭᠡᠷ ᠲᠣᠭ᠋ᠠᠲᠤ) ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠭᠤᠶᠤᠴᠢᠯᠠᠨ ᠮᠡᠳᠡᠬᠦᠯᠵᠤ ᠪᠠᠲᠤᠯᠠᠨ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠤᠨ ᠨᠤᠳᠠᠯᠠᠭᠤᠯᠤᠨᠠ᠃ ᠡᠳᠦᠭᠡ 2021 ᠣᠨ᠎ᠤ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠤ ᠨᠡᠭᠡᠭᠡᠯᠲᠡ ᠵᠢᠨ ᠰᠠᠭᠤᠷᠢ ᠮᠥᠩᠭᠥ ᠵᠢᠨ ᠳᠡᠭᠡᠳᠦ ᠳᠡᠰ ᠳᠠᠪᠬᠤᠷᠭ᠎ᠠ ᠵᠢᠨ ᠴᠢᠳᠠᠪᠤᠷᠢᠲᠠᠨ᠎ᠤ ᠬᠤᠪᠢ ᠬᠥᠮᠦᠨ᠎ᠤ ᠲᠥᠷᠥᠯ ᠵᠦᠢ᠍ᠯ᠎ᠤᠨ ᠪᠡᠯᠡ ᠮᠥᠩᠭᠥ᠎ᠪᠠᠷ ᠲᠤᠰᠠᠯᠠᠬᠤ ᠲᠥᠷᠥᠯ ᠵᠦᠢ᠍ᠯ᠎ᠢ ᠢᠯᠡ ᠨᠡᠢ᠌ᠳᠡᠯᠪᠡ (ᠲᠥᠷᠥᠯ ᠵᠦᠢ᠍ᠯ᠎ᠤᠨ ᠨᠡᠷᠡᠰ᠎ᠤᠨ ᠬᠠᠭᠤᠳᠠᠰᠤ ᠵᠢ ᠲᠠᠭ᠋ᠠᠯᠳᠤᠭᠤᠯᠪᠠ) ᠃
ᠢᠯᠡ ᠨᠡᠶ᠋ᠢᠲᠡᠯᠡᠬᠦ ᠴᠠᠭ᠄ 2021 ᠣᠨ᠎ᠤ 9 ᠰᠠᠷ᠎ᠠ ᠵᠢᠨ 7᠎ᠤ ᠡᠳᠦᠷ᠎ᠠᠴᠠ 2021 ᠣᠨ᠎ᠤ 9 ᠳ᠋ᠦ᠍ᠭᠡᠷ ᠰᠠᠷ᠎ᠠ ᠵᠢᠨ 13᠎ᠤ ᠡᠳᠦᠷ ᠪᠣᠯᠲᠠᠯ᠎ᠠ᠂ ᠨᠢᠭᠡᠴᠡ ᠪᠣᠯᠤᠨ ᠬᠤᠪᠢ ᠬᠥᠮᠦᠨ ᠯᠠᠪᠯᠠᠯᠭ᠎ᠠ᠂ ᠵᠠᠬᠢᠳᠠᠯ᠂ ᠤᠳᠠᠰᠤ ᠵᠡᠷᠭᠡ ᠬᠡᠯᠪᠡᠷᠢ᠎ᠪᠠᠷ ᠳᠠᠮᠵᠢᠭᠤᠯᠤᠨ ᠳᠡᠭᠡᠷ᠎ᠡ ᠳᠤᠷᠠᠳᠤᠭᠰᠠᠨ ᠲᠤᠰᠠᠯᠠᠬᠤ ᠲᠥᠷᠥᠯ ᠵᠦᠢ᠍ᠯ᠎ᠤᠨ ᠬᠣᠯᠪᠣᠭᠳᠠᠯ ᠪᠦᠬᠦᠢ ᠪᠠᠶ᠋ᠢᠳᠠᠯ ᠪᠣᠯᠤᠨ ᠠᠰᠠᠭᠤᠳᠠᠯ᠎ᠢ ᠲᠤᠰᠬᠠᠵᠤ ᠪᠣᠯᠤᠨ᠎ᠠ᠃ ᠠᠰᠠᠭᠤᠳᠠᠯ᠎ᠢ ᠲᠤᠰᠬᠠᠬᠤ ᠦᠶ᠎ᠡ᠎ᠳᠤ ᠬᠣᠯᠪᠣᠭᠳᠠᠯ ᠪᠦᠬᠦᠢ ᠰᠦᠪᠡᠭᠴᠢ ᠵᠢ ᠬᠠᠩᠭ᠋ᠠᠬᠤ ᠵᠢᠴᠢ ᠲᠤᠰ ᠬᠥᠮᠦᠨ᠎ᠤ ᠦᠨᠡᠨ ᠪᠣᠳᠠᠲᠠᠢ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠪᠠ ᠠᠵᠢᠯᠯᠠᠬᠤ ᠨᠢᠭᠡᠴᠡ ᠵᠡᠷᠭᠡ ᠮᠡᠳᠡᠭᠡ ᠵᠠᠩᠭᠢ᠎ᠪᠠᠨ ᠬᠠᠩᠭ᠋ᠠᠭ᠋ᠠᠷᠠᠢ᠂ ᠪᠢᠳᠡ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠨ ᠰᠠᠬᠢᠵᠤ᠂ ᠨᠢᠭᠤᠴᠠ ᠵᠢ ᠬᠠᠮᠠᠭ᠋ᠠᠯᠠᠬᠤ ᠡᠭᠦᠷᠭᠡ᠎ᠪᠠᠨ ᠭᠦᠢ᠍ᠴᠡᠳᠬᠡᠨ᠂ ᠬᠢᠨᠠᠨ ᠬᠠᠷᠭᠤᠭᠤᠯᠤᠭᠰᠠᠨ ᠪᠠᠶ᠋ᠢᠳᠠᠯ ᠵᠶ᠋ᠠᠨ ᠴᠠᠭ ᠲᠤᠬᠠᠢᠳᠤᠨᠢ ᠬᠠᠷᠢᠭᠤ ᠲᠤᠰᠬᠠᠬᠤ ᠪᠣᠯᠤᠨ᠎ᠠ᠃
ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠠᠰᠠᠷ (ᠬᠣᠶ᠋ᠢᠲᠤ ᠲᠣᠭᠣᠷᠢᠭ ) ᠤᠨ 6 ᠳ᠋ᠤᠭ᠋ᠠᠷ ᠠᠰᠠᠷ᠎ᠤᠨ 332 ᠥᠷᠥᠭᠡ᠎ᠳᠤ ᠲᠣᠬᠢᠷᠠᠭᠤᠯᠵᠠᠢ᠃
ᠬᠦᠯᠢᠶᠡᠨ ᠠᠪᠴᠤ ᠰᠢᠢ᠍ᠳᠪᠦᠷᠢᠯᠡᠬᠦ ᠤᠳᠠᠰᠤ ᠄ (0471) 6268105᠂ 6946607
ᠬᠢᠨᠠᠯᠲᠠ ᠲᠠᠯᠪᠢᠬᠤ ᠤᠲᠠᠰᠤ᠄ 0471 6944905
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
2021 ᠣᠨ᠎ᠤ 9 ᠰᠠᠷ᠎ᠠ ᠵᠢᠨ 7᠎ᠤ ᠡᠳᠦᠷ