ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠪᠦᠬᠦ ᠤᠯᠤᠰ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠲᠡᠷᠢᠭᠦᠨ᠎ᠤ ᠬᠠᠮᠲᠤ ᠨᠢᠭᠡᠴᠡ ᠪᠠ ᠲᠡᠷᠢᠭᠦᠨ᠎ᠤ ᠠᠵᠢᠯᠲᠠᠨ᠎ᠤ ᠲᠠᠨᠢᠯᠴᠠᠭᠤᠯᠬᠤ ᠭᠡᠵᠦ ᠪᠠᠶ᠋ᠢᠭ᠎ᠠ ᠡᠲᠡᠭᠡᠳ᠎ᠢ ᠵᠠᠷᠯᠠᠨ ᠨᠡᠶ᠋ᠢᠲᠡᠯᠡᠬᠦ᠎ᠨᠢ
ᠨᠡᠶ᠋ᠢᠲᠡᠯᠡᠭᠰᠡᠨ ᠴᠠᠭ᠄ 2022-10-17

      《ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠪᠥᠬᠥ ᠤᠯᠤᠰ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠲᠡᠷᠢᠭᠦᠨ᠎ᠤ ᠬᠠᠮᠲᠤ ᠨᠢᠭᠡᠴᠡ ᠪᠠ ᠲᠡᠷᠢᠭᠦᠨ᠎ᠤ ᠠᠵᠢᠯᠲᠠᠨ᠎ᠢ ᠰᠢᠯᠭ᠋ᠠᠷᠠᠭᠤᠯᠤᠨ ᠰᠠᠶ᠋ᠢᠰᠢᠶᠠᠨ ᠬᠥᠬᠢᠭᠦᠯᠬᠦ ᠲᠤᠬᠠᠶ ᠮᠡᠳᠡᠭᠳᠡᠯ》 (ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠵᠠᠬᠢᠳᠠᠯ  [2022] 100 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠲᠢᠩᠬᠢᠮ ᠪᠥᠬᠥ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠳᠤ ᠪᠥᠬᠥ ᠤᠯᠤᠰ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠲᠡᠷᠢᠭᠦᠨ᠎ᠤ ᠬᠠᠮᠲᠤ ᠨᠢᠭᠡᠴᠡ ᠪᠠ ᠲᠡᠷᠢᠭᠦᠨ᠎ᠤ ᠠᠵᠢᠯᠲᠠᠨ᠎ᠢ ᠪᠠᠲᠤᠯᠠᠨ ᠲᠠᠨᠢᠯᠴᠠᠭᠤᠯᠵᠤ ᠰᠢᠯᠭ᠋ᠠᠷᠠᠭᠤᠯᠬᠤ ᠠᠵᠢᠯ᠎ᠢ ᠥᠷᠨᠢᠭᠦᠯᠪᠡ᠃ ᠱᠠᠲᠤ ᠳᠠᠷᠠᠭ᠋ᠠᠯᠠᠨ ᠲᠠᠨᠢᠯᠴᠠᠭᠤᠯᠵᠤ ᠬᠢᠨᠠᠨ ᠬᠠᠷᠭᠤᠭᠤᠯᠬᠤ᠂ ᠰᠠᠨᠠᠯ ᠬᠤᠷᠢᠶᠠᠬᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠰᠤᠳᠤᠯᠬᠤ ᠵᠡᠷᠭᠡ ᠶᠠᠪᠤᠴᠠ᠎ᠪᠠᠷ ᠳᠠᠮᠵᠢᠨ᠂ ᠡᠭᠦᠨ᠎ᠤ ᠬᠠᠮᠲᠤ ᠪᠥᠬᠥ ᠤᠯᠤᠰ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠲᠡᠷᠢᠭᠦᠨ᠎ᠤ ᠬᠠᠮᠲᠤ ᠪᠠ ᠲᠡᠷᠢᠭᠦᠨ᠎ᠤ ᠠᠵᠢᠯᠲᠠᠨ᠎ᠢ ᠰᠢᠯᠭ᠋ᠠᠷᠠᠭᠤᠯᠤᠨ ᠬᠥᠬᠢᠭᠦᠯᠬᠦ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ᠎ᠲᠤ ᠮᠡᠳᠡᠭᠦᠯᠦᠨ ᠠᠩᠬ᠎ᠠ ᠬᠢᠨᠠᠵᠤ ᠵᠦᠪᠰᠢᠶᠡᠷᠡᠬᠦᠯᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠬᠠᠶ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠬᠠᠳᠠ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠨᠨᠠᠭᠤᠷ ᠬᠣᠲᠠ ᠵᠢᠨ ᠨᠡᠶ᠋ᠢᠭᠡᠮ᠎ᠤᠨ ᠪᠠᠳᠤᠯᠠᠭ᠎ᠠ ᠵᠢᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠤᠭᠤᠲᠤ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢ ᠪᠥᠬᠥ ᠤᠯᠤᠰ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠲᠡᠷᠢᠭᠦᠨ᠎ᠤ ᠬᠠᠮᠲᠤ ᠰᠢᠯᠭ᠋ᠠᠷᠠᠭᠤᠯᠬᠤ᠎ᠳᠤ ᠣᠷᠣᠯᠴᠠᠬᠤ ᠡᠲᠡᠭᠡᠳ ᠵᠶ᠋ᠡᠷ ᠲᠠᠨᠢᠯᠴᠠᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠳᠣᠰ ᠬᠣᠲᠠ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠲᠥᠪ᠎ᠤᠨ ᠡᠷᠬᠢᠯᠡᠭᠴᠢ ᠡᠤ ᠫᠧᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠢ ᠬᠥᠨᠳᠡᠯᠡᠨ᠎ᠠᠴᠠ ᠲᠠᠰᠤᠯᠬᠤ ᠬᠣᠷᠢᠶᠠᠨ᠎ᠤ ᠳᠠᠷᠤᠭ᠎ᠠ ᠭᠦᠸᠧ ᠶᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠪᠠᠳᠤᠯᠠᠭ᠎ᠠ ᠵᠢᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠤᠨ ᠭᠤᠷᠪᠠᠳᠤᠭ᠋ᠠᠷ ᠳᠡᠰ᠎ᠤᠨ ᠡᠷᠬᠢᠯᠡᠭᠴᠢ ᠭᠡᠰᠢᠬᠦᠨ ᠬᠦᠰᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠩᠭ᠋ᠠᠨ ᠠᠶ᠋ᠢᠮᠠᠭ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠠᠵᠢᠯ ᠣᠯᠭᠣᠯᠲᠠ ᠵᠢᠨ ᠦᠢ᠍ᠡᠴᠢᠯᠡᠭᠡᠨ᠎ᠤ ᠲᠥᠪ᠎ᠤᠨ ᠳᠡᠳ᠋ ᠡᠷᠬᠢᠯᠡᠭᠴᠢ ᠸᠠᠩ ᠶᠠᠨ᠎ᠢ ᠪᠥᠬᠥ ᠤᠯᠤᠰ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠲᠡᠷᠢᠭᠦᠨ᠎ᠤ ᠠᠵᠢᠯᠲᠠᠨ᠎ᠤ ᠰᠢᠯᠭ᠋ᠠᠷᠠᠭᠤᠯᠤᠯᠲᠠ᠎ᠳᠤ ᠣᠷᠣᠯᠴᠠᠬᠤ ᠵᠢᠱ᠌ᠢᠭᠳᠡᠭᠴᠢ ᠪᠣᠯᠪᠠ᠂ ᠡᠳᠦᠭᠡ ᠢᠯᠡ ᠨᠡᠶ᠋ᠢᠲᠡᠯᠡᠪᠡ᠃
        ᠢᠯᠡ ᠨᠡᠶ᠋ᠢᠲᠡᠯᠡᠬᠦ ᠴᠠᠭ 2022 ᠣᠨ᠎ᠤ 10 ᠳ᠋ᠤᠭ᠋ᠠᠷ ᠰᠠᠷ᠎ᠠ ᠵᠢᠨ 17᠎ᠤ ᠡᠳᠦᠷ᠎ᠠᠴᠠ 21᠎ᠤ ᠡᠳᠦᠷ ᠪᠣᠯᠲᠠᠯ᠎ᠠ᠂ ᠬᠡᠷᠪᠡ ᠤᠨᠳᠤᠤ ᠰᠠᠨᠠᠯ᠎ᠲᠠᠢ ᠪᠣᠯ᠂ ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠤᠯᠤᠨ ᠲᠠᠨᠢᠯᠴᠠᠭᠤᠯᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ᠎ᠲᠤ ᠲᠤᠰᠬᠠᠬᠤ ᠪᠣᠯᠪᠠᠤ᠃
        ᠬᠠᠷᠢᠯᠴᠠᠬᠤ ᠬᠥᠮᠦᠨ᠄ ᠮᠢᠶᠣᠣ ᠸᠸᠨ ᠵᠢᠩ
        ᠬᠠᠷᠢᠯᠴᠠᠬᠤ ᠤᠲᠠᠰᠤ᠄ 15147156683


                 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ
                 ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
                             2022 ᠣᠨ᠎ᠤ 10 ᠳ᠋ᠤᠭ᠋ᠠᠷ ᠰᠠᠷ᠎ᠠ ᠵᠢᠨ 16᠎ᠤ ᠡᠳᠦᠷ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠠᠯᠪᠠᠨ ᠵᠠᠷᠯᠠᠯ
2022 ᠣᠨ᠎ᠤ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ᠎ᠳᠤ ᠰᠤᠷᠤᠯᠴᠠᠭᠰᠠᠳ᠎ᠤᠨ ᠰᠢᠨ᠎ᠡ ᠵᠢ ᠡᠭᠦᠳᠦᠨ ᠦᠢ᠍ᠯᠡᠰ ᠪᠦᠳᠦᠭᠡᠬᠦ ᠵᠢ ᠳᠡᠮᠵᠢᠬᠦ ᠲᠥᠯᠥᠪᠯᠡᠭᠡ ᠵᠢᠨ ᠲᠥᠷᠥᠯ ᠵᠦᠢ᠍ᠯ᠎ᠤᠨ ᠳᠡᠳᠭᠦᠨ ᠲᠤᠰᠠᠯᠠᠬᠤ ᠵᠢ ᠵᠠᠷᠯᠠᠨ ᠨᠡᠶ᠋ᠢᠲᠡᠯᠡᠬᠦ ᠲᠤᠬᠠᠶ ᠠᠯᠪᠠᠨ ᠵᠠᠷ
2022 ᠣᠨ᠎ᠤ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠫᠤᠰᠲ ᠳ᠋ᠣᠺᠲ᠋ᠣᠷ᠎ᠤᠨ ᠰᠤᠳᠤᠯᠭ᠋ᠠᠨ᠎ᠤ ᠠᠵᠢᠯᠲᠠᠨ᠎ᠤ ᠲᠥᠷᠥᠯ ᠵᠦᠢ᠍ᠯ᠎ᠢ ᠲᠤᠰᠠᠯᠠᠬᠤ᠎ᠪᠠᠷ ᠪᠠᠶ᠋ᠢᠭ᠎ᠠ ᠪᠠᠶ᠋ᠢᠳᠠᠯ᠎ᠢ ᠵᠠᠷᠯᠠᠨ ᠨᠡᠶ᠋ᠢᠲᠡᠯᠡᠬᠦ ᠲᠤᠬᠠᠶ ᠠᠯᠪᠠᠨ ᠵᠠᠷ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠵᠠᠰᠠᠭ᠎ᠤᠨ ᠣᠷᠳᠣᠨ᠂ ᠤᠯᠤᠰ ᠲᠥᠷᠥ ᠵᠢᠨ ᠵᠥᠪᠯᠡᠯᠭᠡᠨ᠎ᠤ ᠤᠳᠤᠷᠢᠳᠬᠤ ᠪᠠᠭ᠎ᠤᠨ ᠬᠤᠭᠤᠴᠠᠭ᠎ᠠ ᠰᠣᠯᠢᠬᠤ ᠠᠵᠢᠯ᠎ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠮᠠᠶᠢᠭ᠎ᠢ ᠨᠡᠢ᠌ᠲᠡᠯᠡᠬᠦ ᠲᠤᠬᠠᠢ ᠠᠯᠪᠠᠨ ᠵᠠᠷ
2021 ᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠰᠡᠷᠡᠮᠵᠢ ᠵᠢᠨ ᠹᠢᠯᠢᠮ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ ᠳᠠᠭᠤᠰᠬᠠᠭᠰᠠᠨ ᠪᠠᠢ᠌ᠳᠠᠯ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷ
 
            