ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
2022 ᠣᠨ᠎ᠤ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ᠎ᠳᠤ ᠰᠤᠷᠤᠯᠴᠠᠭᠰᠠᠳ᠎ᠤᠨ ᠰᠢᠨ᠎ᠡ ᠵᠢ ᠡᠭᠦᠳᠦᠨ ᠦᠢ᠍ᠯᠡᠰ ᠪᠦᠳᠦᠭᠡᠬᠦ ᠵᠢ ᠳᠡᠮᠵᠢᠬᠦ ᠲᠥᠯᠥᠪᠯᠡᠭᠡ ᠵᠢᠨ ᠲᠥᠷᠥᠯ ᠵᠦᠢ᠍ᠯ᠎ᠤᠨ ᠳᠡᠳᠭᠦᠨ ᠲᠤᠰᠠᠯᠠᠬᠤ ᠵᠢ ᠵᠠᠷᠯᠠᠨ ᠨᠡᠶ᠋ᠢᠲᠡᠯᠡᠬᠦ ᠲᠤᠬᠠᠶ ᠠᠯᠪᠠᠨ ᠵᠠᠷ
ᠨᠡᠶ᠋ᠢᠲᠡᠯᠡᠭᠰᠡᠨ ᠴᠠᠭ᠄ 2022-11-02

        《2022 ᠣᠨ᠎ᠤ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ᠎ᠳᠤ ᠰᠤᠷᠤᠯᠴᠠᠭᠰᠠᠳ᠎ᠤᠨ ᠰᠢᠨ᠎ᠡ ᠵᠢ ᠡᠭᠦᠳᠦᠨ ᠦᠢ᠍ᠯᠡᠰ ᠪᠦᠳᠦᠭᠡᠬᠦ ᠵᠢ ᠳᠡᠮᠵᠢᠬᠦ ᠲᠥᠯᠥᠪᠯᠡᠭᠡ ᠵᠢᠨ ᠭᠤᠶᠤᠴᠢᠯᠠᠨ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ》 (ᠥᠪᠥᠷ ᠬᠥᠮᠦᠨ ᠨᠡᠶ᠋ᠢᠭᠡᠮ ᠠᠯᠪᠠᠨ ᠲᠠᠷᠬᠠᠭ᠋ᠠᠭᠰᠠᠨ  [2022] 128 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠡᠯ᠎ᠡ ᠭᠠᠵᠠᠷ ᠣᠷᠣᠨ ᠪᠠ ᠬᠣᠯᠪᠣᠭᠳᠠᠯ ᠪᠥᠬᠥᠶ ᠰᠠᠯᠠᠭ᠎ᠠ ᠮᠥᠴᠢᠷ ᠵᠶ᠋ᠠᠷ ᠭᠤᠶᠤᠴᠢᠯᠠᠨ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠨᠤᠲᠠᠯᠠᠭ᠋ᠠᠳ᠂ ᠡᠳᠦᠭᠡ 2022 ᠣᠨ᠎ᠤ ᠭᠠᠳᠠᠭ᠋ᠠᠳᠤ᠎ᠳᠤ ᠰᠤᠷᠤᠯᠴᠠᠭᠰᠠᠳ᠎ᠤᠨ ᠰᠢᠨ᠎ᠡ ᠵᠢ ᠡᠭᠦᠳᠦᠨ ᠦᠢ᠍ᠯᠡᠰ ᠪᠦᠳᠦᠭᠡᠬᠦ ᠵᠢ ᠳᠡᠮᠵᠢᠬᠦ ᠲᠥᠯᠥᠪᠯᠡᠭᠡ ᠵᠢ ᠡᠬᠢᠯᠡᠭᠦᠯᠬᠦ ᠵᠢ ᠲᠤᠰᠠᠯᠠᠬᠤ᠎ᠪᠠᠷ ᠪᠠᠶ᠋ᠢᠭ᠎ᠠ ᠲᠥᠷᠥᠯ ᠵᠦᠢ᠍ᠯ᠎ᠢ ᠢᠯᠡ ᠨᠡᠶ᠋ᠢᠲᠡᠯᠡᠪᠡ (ᠰᠣᠩᠭᠣᠭᠳᠠᠭᠰᠠᠨ ᠨᠡᠷᠡᠰ᠎ᠢ ᠠᠷᠤ᠎ᠳᠤ ᠳᠠᠭ᠋ᠠᠯᠳᠤᠭᠤᠯᠪᠠ)᠃
         ᠢᠯᠡ ᠨᠡᠶ᠋ᠢᠲᠡᠯᠡᠬᠦ ᠴᠠᠭ᠎ᠨᠢ 2022 ᠣᠨ᠎ᠤ 11 ᠰᠠᠷ᠎ᠠ ᠵᠢᠨ 1᠎ᠤ ᠡᠳᠦᠷ᠎ᠠᠴᠠ 2022 ᠣᠨ᠎ᠤ 11  ᠰᠠᠷ᠎ᠠ ᠵᠢᠨ 7᠎ᠤ ᠡᠳᠦᠷ ᠪᠣᠯᠲᠠᠯ᠎ᠠ᠂ ᠨᠢᠭᠡᠴᠡ ᠪᠠ ᠬᠤᠪᠢ ᠬᠥᠮᠦᠨ ᠵᠠᠬᠢᠳᠠᠯ᠂ ᠤᠲᠠᠰᠤ ᠵᠡᠷᠭᠡ ᠬᠡᠯᠪᠡᠷᠢ᠎ᠪᠠᠷ ᠳᠡᠭᠡᠷ᠎ᠡ ᠳᠤᠷᠠᠳᠤᠭᠰᠠᠨ ᠢᠯᠡ ᠨᠡᠶ᠋ᠢᠲᠡᠯᠡᠬᠦ ᠵᠢᠱ᠌ᠢᠭᠳᠡᠭᠴᠢ ᠵᠢᠨ ᠠᠰᠠᠭᠤᠳᠠᠯ᠎ᠢ ᠲᠤᠰᠬᠠᠵᠤ ᠪᠣᠯᠤᠨ᠎ᠠ᠃ ᠠᠰᠠᠭᠤᠳᠠᠯ᠎ᠢ ᠲᠤᠰᠬᠠᠬᠤ᠎ᠳᠠᠭᠠᠨ ᠬᠣᠯᠪᠣᠭᠳᠠᠯ ᠪᠥᠬᠥᠶ ᠰᠦᠪᠡᠭᠴᠢ ᠵᠢᠴᠢ ᠲᠤᠰᠬᠠᠭᠰᠠᠨ ᠬᠥᠮᠦᠨ (ᠬᠠᠷᠢᠯᠴᠠᠬᠤ ᠬᠥᠮᠦᠨ)᠎ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠪᠠ ᠠᠵᠢᠯᠯᠠᠵᠤ ᠪᠠᠶ᠋ᠢᠭ᠎ᠠ ᠨᠢᠭᠡᠴᠢ ᠵᠡᠷᠭᠡ ᠮᠡᠳᠡᠭᠡ ᠵᠠᠩᠭᠢ ᠵᠢ ᠬᠠᠩᠭ᠋ᠠᠭ᠋ᠠᠷᠠᠶ᠂ ᠪᠢᠳᠡ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠨ᠂ ᠨᠢᠭᠤᠴᠠ ᠵᠢ ᠬᠠᠮᠠᠭ᠋ᠠᠯᠠᠬᠤ ᠡᠭᠦᠷᠭᠡ᠎ᠪᠠᠨ ᠭᠦᠢ᠍ᠴᠡᠳᠭᠡᠵᠦ᠂ ᠬᠢᠨᠠᠨ ᠬᠠᠷᠭᠤᠭᠤᠯᠤᠭᠰᠠᠨ ᠪᠠᠶ᠋ᠢᠳᠠᠯ ᠵᠶ᠋ᠠᠨ ᠴᠠᠭ ᠲᠤᠬᠠᠶ᠎ᠳᠤᠨᠢ ᠬᠠᠷᠢᠭᠤ ᠲᠤᠰᠬᠠᠨ᠎ᠠ᠃
       ᠢᠯᠡ ᠨᠡᠶ᠋ᠢᠲᠡᠯᠡᠬᠦ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠠᠰᠠᠷ (ᠬᠣᠶ᠋ᠢᠲᠤ ᠲᠣᠭᠣᠷᠢᠭ)᠎ᠤᠨ 6 ᠳ᠋ᠤᠭ᠋ᠠᠷ ᠠᠰᠠᠷ᠎ᠤᠨ 337 ᠳ᠋ᠤᠭ᠋ᠠᠷ ᠥᠷᠥᠭᠡᠨ᠎ᠳᠤ ᠪᠠᠶ᠋ᠢᠷᠢᠯᠠᠭᠤᠯᠤᠨ᠎ᠠ᠃
       ᠬᠦᠯᠢᠶᠡᠨ ᠠᠪᠬᠤ ᠤᠲᠠᠰᠤ᠄ 13294710350
       ᠬᠢᠨᠠᠯᠲᠠ ᠲᠠᠯᠪᠢᠬᠤ ᠤᠲᠠᠰᠤ᠄ 13664888336


            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ

            ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
                 2022 ᠣᠨ᠎ᠤ 11 ᠰᠠᠷ᠎ᠠ ᠵᠢᠨ 1᠎ᠤ ᠡᠳᠦᠷ
   


ᠳᠠᠭ᠋ᠠᠯᠳᠤᠭᠤᠯᠤᠯ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
2022 ᠣᠨ᠎ᠤ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠫᠤᠰᠲ ᠳ᠋ᠣᠺᠲ᠋ᠣᠷ᠎ᠤᠨ ᠰᠤᠳᠤᠯᠭ᠋ᠠᠨ᠎ᠤ ᠠᠵᠢᠯᠲᠠᠨ᠎ᠤ ᠲᠥᠷᠥᠯ ᠵᠦᠢ᠍ᠯ᠎ᠢ ᠲᠤᠰᠠᠯᠠᠬᠤ᠎ᠪᠠᠷ ᠪᠠᠶ᠋ᠢᠭ᠎ᠠ ᠪᠠᠶ᠋ᠢᠳᠠᠯ᠎ᠢ ᠵᠠᠷᠯᠠᠨ ᠨᠡᠶ᠋ᠢᠲᠡᠯᠡᠬᠦ ᠲᠤᠬᠠᠶ ᠠᠯᠪᠠᠨ ᠵᠠᠷ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠵᠠᠰᠠᠭ᠎ᠤᠨ ᠣᠷᠳᠣᠨ᠂ ᠤᠯᠤᠰ ᠲᠥᠷᠥ ᠵᠢᠨ ᠵᠥᠪᠯᠡᠯᠭᠡᠨ᠎ᠤ ᠤᠳᠤᠷᠢᠳᠬᠤ ᠪᠠᠭ᠎ᠤᠨ ᠬᠤᠭᠤᠴᠠᠭ᠎ᠠ ᠰᠣᠯᠢᠬᠤ ᠠᠵᠢᠯ᠎ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠮᠠᠶᠢᠭ᠎ᠢ ᠨᠡᠢ᠌ᠲᠡᠯᠡᠬᠦ ᠲᠤᠬᠠᠢ ᠠᠯᠪᠠᠨ ᠵᠠᠷ
2021 ᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠰᠡᠷᠡᠮᠵᠢ ᠵᠢᠨ ᠹᠢᠯᠢᠮ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ ᠳᠠᠭᠤᠰᠬᠠᠭᠰᠠᠨ ᠪᠠᠢ᠌ᠳᠠᠯ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷ
ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠭᠡᠷ ᠡᠭᠡᠯᠵᠢ ᠵᠢᠨ ᠪᠠᠢ᠌ᠩᠭᠤ ᠵᠢᠨ ᠲᠣᠭᠣᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠬᠢᠴᠠ ᠵᠢᠨ ᠪᠠᠶ᠋ᠢᠳᠠᠯ᠎ᠤᠨ  ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠨᠡᠢ᠌ᠲᠡᠯᠡᠯ
ᠤᠯᠤᠰ ᠲᠥᠷᠥ ᠵᠢᠨ ᠵᠥᠪᠯᠡᠯᠭᠡᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠠᠩᠬᠠᠳᠤᠭ᠋ᠠᠷ ᠬᠤᠷᠠᠯ᠎ᠤᠨ 0148 ᠳ᠋ᠤᠭ᠋ᠠᠷ ᠲᠣᠭ᠋ᠠᠲᠤ ᠰᠠᠨᠠᠯ ᠳᠤᠷᠠᠳᠤᠯᠭ᠎ᠠ᠎ᠳᠤ ᠥᠭᠭᠦᠭᠰᠡᠨ ᠬᠠᠷᠢᠭᠤᠯᠲᠠ
 
            