ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
2021 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠣᠨ᠎ᠤ ᠮᠥᠩᠭᠥ ᠵᠢᠨ ᠡᠵᠡᠩᠨᠡᠯᠲᠡ ᠬᠠᠮᠢᠶᠠᠷᠤᠯᠲᠠ ᠵᠢᠨ ᠪᠠᠶ᠋ᠢᠳᠠᠯ᠎ᠤᠨ ᠵᠠᠷᠯᠠᠯ
ᠨᠡᠶ᠋ᠢᠲᠡᠯᠡᠭᠰᠡᠨ ᠴᠠᠭ᠄ 2022-04-15

       《ᠠᠵᠢᠯ ᠮᠡᠷᠭᠡᠵᠢᠯ᠎ᠤᠨ ᠣᠨ᠎ᠤ ᠮᠥᠩᠭᠥ ᠵᠢᠨ ᠰᠠᠭᠤᠷᠢ ᠮᠥᠩᠭᠥ ᠵᠢᠨ ᠮᠡᠳᠡᠭᠡ ᠵᠠᠩᠭᠢ ᠵᠢ ᠮᠡᠳᠡᠭᠦᠯᠬᠦ ᠪᠠ ᠮᠡᠳᠡᠭᠡ ᠵᠠᠩᠭᠢ ᠨᠡᠶ᠋ᠢᠲᠡᠯᠡᠬᠦ ᠲᠦᠷ ᠬᠡᠷᠡᠭᠵᠢᠭᠦᠯᠬᠦ ᠠᠷᠭ᠎ᠠ》 (ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠲᠠᠷᠬᠠᠭ᠋ᠠᠭᠰᠠᠨ[2019]120 ᠳ᠋ᠤᠭ᠋ᠠᠷ ᠲᠣᠭ᠋ᠠᠲᠤ) ᠵᠢᠨ ᠬᠣᠯᠪᠣᠭᠳᠠᠯ ᠪᠥᠬᠥᠶ ᠱᠠᠭ᠋ᠠᠷᠳᠠᠯᠭ᠎ᠠ ᠶᠣᠰᠣᠭ᠋ᠠᠷ᠂ ᠡᠳᠦᠭᠡ 2021 ᠣᠨ᠎ᠤ ᠪᠥᠬᠥ ᠣᠷᠣᠨ᠎ᠤ ᠠᠵᠢᠯ ᠮᠡᠷᠭᠡᠵᠢᠯ᠎ᠤᠨ ᠣᠨ᠎ᠤ ᠮᠥᠩᠭᠥ ᠵᠢᠨ ᠬᠠᠮᠢᠶᠠᠷᠤᠯᠲᠠ ᠵᠢᠨ ᠪᠠᠶ᠋ᠢᠳᠠᠯ᠎ᠢ ᠳᠤᠤᠷᠠᠬᠢ ᠮᠡᠲᠦ ᠮᠡᠳᠡᠭᠳᠡᠪᠡ᠄
       ᠮᠠᠨ᠎ᠤ ᠣᠷᠣᠨ ᠨᠡᠶ᠋ᠢᠲᠡ 11 ᠠᠵᠢᠯ ᠮᠡᠷᠭᠡᠵᠢᠯ᠎ᠤᠨ ᠣᠨ᠎ᠤ ᠮᠥᠩᠭᠥ ᠵᠢᠨ ᠪᠠᠯᠠ ᠣᠷᠣᠭᠤᠯᠤᠯᠲᠠ ᠵᠢᠨ ᠲᠥᠯᠥᠪᠯᠡᠭᠡ ᠭᠠᠷᠭ᠋ᠠᠵᠤ᠂ ᠣᠯᠠᠨ ᠲᠥᠯᠥᠪᠯᠡᠭᠡ᠎ᠪᠠᠷ ᠨᠢᠭᠡᠳᠦᠯᠲᠡᠶ ᠠᠰᠢᠭ ᠣᠷᠣᠯᠭ᠎ᠠ ᠵᠢᠨ ᠨᠣᠷᠮ᠎ᠠ ᠵᠢᠨ ᠵᠠᠭᠪᠤᠷ᠎ᠢ ᠬᠡᠷᠡᠭᠵᠢᠭᠦᠯᠵᠦ ᠪᠣᠶ᠃ 2021 ᠣᠨ᠎ᠤ ᠡᠴᠦᠰ ᠪᠣᠯᠲᠠᠯ᠎ᠠ᠂ ᠪᠥᠬᠥ ᠣᠷᠣᠨ᠎ᠤ 121 ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ ᠨᠢᠭᠡᠨᠲᠡ ᠪᠦᠬᠦᠨ ᠵᠶ᠋ᠡᠷ ᠵᠶ᠋ᠡᠨ ᠠᠵᠢᠯ ᠮᠡᠷᠭᠡᠵᠢᠯ᠎ᠤᠨ ᠣᠨ᠎ᠤ ᠮᠥᠩᠭᠥ ᠵᠢᠨ ᠪᠠᠯᠠ ᠣᠷᠣᠭᠤᠯᠤᠯᠲᠠ ᠡᠵᠡᠩᠨᠡᠯᠲᠡ ᠵᠢ ᠪᠡᠶᠡᠯᠡᠭᠦᠯᠵᠦ᠂ ᠨᠡᠶ᠋ᠢᠲᠡ 1145895 ᠬᠤᠪᠢ ᠬᠥᠮᠦᠨ᠎ᠤ ᠲᠠᠩᠰᠠᠨ ᠡᠷᠦᠬᠡ ᠪᠠᠶ᠋ᠢᠭᠤᠯᠵᠤ᠂ ᠠᠵᠢᠯ ᠮᠡᠷᠭᠡᠵᠢᠯ᠎ᠤᠨ ᠣᠨ᠎ᠤ ᠮᠥᠩᠭᠥ ᠵᠢ ᠡᠬᠡ ᠮᠥᠩᠭᠥ 269 . 9 ᠳ᠋ᠦᠩᠰᠢᠭᠤᠷ ᠲᠥᠭᠥᠷᠢᠭ ᠴᠤᠭᠯᠠᠭᠤᠯᠵᠤ᠂ ᠴᠡᠪᠡᠷ ᠠᠰᠢᠭ ᠣᠷᠣᠯᠭ᠎ᠠ᠎ᠨᠢ 14 . 31 ᠳ᠋ᠦᠩᠰᠢᠭᠤᠷ ᠲᠥᠭᠥᠷᠢᠭ᠎ᠲᠤ ᠬᠦᠷᠴᠡᠶ᠃ ᠪᠥᠬᠥ ᠵᠢᠯ᠎ᠳᠤ ᠨᠡᠶ᠋ᠢᠲᠡ 6 . 2 ᠳ᠋ᠦᠩᠰᠢᠭᠤᠷ ᠲᠥᠭᠥᠷᠢᠭ ᠭᠠᠷᠭ᠋ᠠᠨ ᠠᠪᠴᠤ᠂ 8 . 9 ᠲᠦᠮᠡᠨ ᠬᠥᠮᠦᠨ᠎ᠳᠤ ᠬᠠᠷᠠᠭ᠋ᠠᠯᠵᠠᠯ ᠣᠯᠭᠣᠪᠠ᠃
       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠣᠨ᠎ᠤ ᠮᠥᠩᠭᠥ ᠵᠢ 2020 ᠣᠨ᠎ᠤ 4 ᠳ᠋ᠤᠭᠡᠷ ᠰᠠᠷ᠎ᠠ᠎ᠠᠴᠠ ᠡᠬᠢᠯᠡᠭᠦᠯᠦᠭᠰᠡᠨ᠎ᠠᠴᠠ ᠨᠠᠰᠢ᠂ ᠣᠯᠠᠨ ᠲᠥᠯᠥᠪᠯᠡᠭᠡ᠎ᠪᠠᠷ ᠨᠢᠭᠡᠳᠦᠯᠲᠡᠶ ᠠᠰᠢᠭ ᠤᠷᠤᠯᠭ᠎ᠠ ᠵᠢᠨ ᠨᠣᠷᠮ᠎ᠠ ᠵᠢᠨ ᠵᠠᠭᠪᠤᠷ᠎ᠢ ᠬᠡᠷᠡᠭᠯᠡᠵᠦ᠂ ᠲᠥᠪᠯᠡᠷᠡᠭᠦᠯᠦᠨ ᠨᠠᠶ᠋ᠢᠳᠠᠵᠤ ᠪᠠᠯᠠ ᠣᠷᠣᠭᠤᠯᠤᠨ ᠠᠵᠢᠯᠯᠠᠭᠤᠯᠬᠤ ᠠᠷᠭ᠎ᠠ ᠮᠠᠶᠢᠭ ᠵᠶ᠋ᠠᠷ ᠬᠠᠮᠢᠶᠠᠷᠪᠠ᠃ ᠠᠵᠢᠯ ᠮᠡᠷᠭᠡᠵᠢᠯ᠎ᠤᠨ ᠣᠨ᠎ᠤ ᠮᠥᠩᠭᠥ ᠵᠢᠨ ᠲᠣᠭᠲᠠᠭᠤᠨ ᠪᠠᠯᠠ ᠣᠷᠣᠭᠤᠯᠤᠯᠲᠠ ᠡᠵᠡᠩᠨᠡᠯᠲᠡ᠎ᠨᠢ ᠣᠯᠠᠨ ᠲᠠᠰ ᠳᠠᠪᠬᠤᠷᠭ᠎ᠠ᠂ ᠣᠯᠠᠨ ᠲᠤᠯᠭ᠋ᠠᠭᠤᠷᠢᠳᠤ ᠨᠠᠰᠤᠵᠢᠯ᠎ᠤᠨ ᠳᠠᠭ᠋ᠠᠳᠬᠠᠯ᠎ᠤᠨ ᠰᠢᠰᠲ᠋ᠧᠮᠵᠢ ᠵᠢ ᠬᠥᠭᠵᠢᠭᠦᠯᠵᠦ᠂ ᠳᠠᠭ᠋ᠠᠳᠬᠠᠯ᠎ᠳᠤ ᠣᠷᠣᠯᠴᠠᠭᠰᠠᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠨ᠂ ᠠᠵᠢᠯ᠎ᠠᠴᠠ᠎ᠪᠠᠨ ᠠᠮᠠᠷᠠᠭᠰᠠᠳ᠎ᠤᠨ ᠣᠯᠭᠣᠮᠵᠢ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠵᠦᠶ ᠵᠣᠬᠢᠰᠲᠠᠶ ᠰᠢᠯᠵᠢᠯᠲᠡ ᠵᠢ ᠠᠬᠢᠭᠤᠯᠬᠤ᠎ᠳᠤ ᠴᠢᠬᠤᠯᠠ ᠪᠣᠳᠠᠲᠤ ᠠᠴᠢ ᠬᠣᠯᠪᠣᠭᠳᠠᠯ᠎ᠲᠠᠢ ᠶᠤᠮ᠃  


        ᠦᠪᠦᠷ ᠮᠣᠩᠭᠣᠯ᠎ᠤᠨ ᠦᠪᠡᠷᠳᠡᠭᠡᠨ ᠵᠠᠰᠠᠬᠤ ᠤᠷᠤᠨ᠎ᠤ ᠨᠡᠢ᠌ᠭᠡᠮ᠎ᠤᠨ

         ᠳᠠᠭ᠋ᠠᠳᠬᠠᠯ᠎ᠤᠨ ᠠᠵᠢᠯ ᠦᠢ᠍ᠯᠡᠰ᠎ᠤᠨ ᠦᠢ᠍ᠯᠡᠴᠢᠯᠡᠭᠡᠨ᠎ᠤ ᠲᠥᠪ
           2022 ᠣᠨ᠎ᠤ 4 ᠳ᠋ᠤᠭᠡᠷ ᠰᠠᠷ᠎ᠠ ᠵᠢᠨ 15 ᠎ᠤ ᠡᠳᠦᠷ

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠮᠠᠰᠢᠨ ᠵᠣᠭᠰᠣᠭ᠋ᠠᠬᠤ ᠠᠯᠪᠠᠨ ᠵᠠᠷ
ᠪᠥᠬᠥ ᠤᠯᠤᠰ᠎ᠤᠨ ᠬᠣᠶᠠᠳᠤᠭ᠋ᠠᠷ ᠬᠤᠭᠤᠴᠠᠭ᠋ᠠᠨ᠎ᠤ ᠣᠯᠠᠨ ᠨᠡᠶ᠋ᠢᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠤᠰᠬᠠᠶ ᠲᠦᠷᠦᠯ᠎ᠤᠨ ᠲᠤᠬᠠᠶ᠋ᠢᠯᠠᠭᠰᠠᠨ ᠠᠵᠢᠯ᠎ᠤᠨ ᠤᠷᠤᠯᠳᠤᠭ᠋ᠠᠨ᠎ᠳᠤ ᠤᠷᠤᠯᠴᠠᠭᠰᠠᠳ᠎ᠢ ᠲᠠᠨᠢᠯᠴᠠᠭᠤᠯᠬᠤ ᠲᠤᠬᠠᠶ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠲᠤᠬᠠᠶ᠋ᠢᠯᠠᠭᠰᠠᠨ ᠠᠵᠢᠯ ᠭᠦᠢ᠍ᠴᠡᠳᠭᠡᠬᠦ ᠵᠢ ᠰᠡᠷᠭᠦᠭᠡᠬᠦ ᠠᠯᠪᠠᠨ ᠵᠠᠷ
ᠮᠡᠷᠭᠡᠵᠢᠯ᠎ᠤᠨ ᠴᠣᠯᠠ ᠮᠠᠭ᠋ᠠᠳᠯᠠᠨ ᠲᠣᠭᠲᠠᠭ᠋ᠠᠭᠰᠠᠨ ᠪᠠᠢ᠌ᠳᠠᠯ᠎ᠤᠨ ᠲᠤᠬᠠᠶ ᠮᠡᠳᠡᠭᠳᠡᠯ
ᠲᠠᠪᠤᠳᠤᠭ᠋ᠠᠷ ᠬᠤᠭᠤᠴᠠᠭ᠋ᠠᠨ᠎ᠤ 《ᠳᠤᠮᠳᠠᠳᠤ ᠤᠯᠤᠰ᠎ᠤᠨ ᠪᠦᠳᠦᠭᠡᠯᠴᠢ ᠭᠠᠷ》 ᠎ᠤᠨ ᠦᠢ᠍ᠯᠡᠰ ᠪᠦᠳᠦᠭᠡᠬᠦ ᠰᠢᠨ᠎ᠡ ᠵᠢ ᠡᠭᠦᠳᠬᠦ ᠤᠷᠤᠯᠳᠤᠭ᠋ᠠᠨ᠎ᠳᠤ ᠣᠷᠣᠯᠴᠠᠬᠤ ᠥᠪᠥᠷ ᠮᠣᠩᠭᠣᠯ᠎ᠤᠨ ᠬᠥᠳᠡᠯᠮᠦᠷᠢ ᠦᠢ᠍ᠯᠡᠴᠢᠯᠡᠭᠡᠨ᠎ᠤ ᠨᠠᠷᠠᠲᠤ ᠲᠥᠷᠥᠯ ᠲᠡᠮᠳᠡᠭᠲᠦ ᠵᠢᠨ ᠲᠥᠷᠥᠯ ᠵᠦᠢ᠍ᠯ᠎ᠤᠨ ᠲᠤᠬᠠᠶ ᠵᠠᠷᠯᠠᠯ
 
            