ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠮᠠᠰᠢᠨ ᠵᠣᠭᠰᠣᠭ᠋ᠠᠬᠤ ᠠᠯᠪᠠᠨ ᠵᠠᠷ
ᠨᠡᠶ᠋ᠢᠲᠡᠯᠡᠭᠰᠡᠨ ᠴᠠᠭ᠄ 2022-04-29

       ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠪᠥᠬᠥ ᠤᠯᠤᠰ᠎ᠤᠨ ᠨᠢᠭᠡᠳᠦᠯᠲᠡᠶ ᠲᠥᠯᠥᠪᠯᠡᠬᠦ ᠮᠡᠳᠡᠭᠡ ᠵᠠᠩᠭᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢᠨ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠮᠠᠨ᠎ᠤ ᠣᠷᠣᠨ 2022 ᠣᠨ᠎ᠤ 4 ᠰᠠᠷ᠎ᠠ ᠵᠢᠨ 29᠎ᠤ ᠡᠳᠦᠷ᠎ᠠᠴᠠ ᠡᠬᠢᠯᠡᠨ ᠮᠠᠰᠢᠨ ᠵᠣᠭᠰᠣᠭ᠋ᠠᠵᠤ ᠨᠡᠶ᠋ᠢᠭᠡᠮ᠎ᠤᠨ ᠳᠠᠭ᠋ᠠᠳᠬᠠᠯ᠎ᠤᠨ ᠬᠠᠮᠢᠶ᠎ᠠ ᠪᠥᠬᠥᠶ ᠮᠡᠳᠡᠭᠡ ᠵᠠᠩᠭᠢ ᠵᠢᠨ ᠰᠢᠰᠲ᠋ᠧᠮ᠎ᠢ ᠰᠣᠯᠢᠬᠤ᠎ᠪᠠᠷ ᠲᠣᠭᠲᠠᠪᠠ᠃ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠠᠯᠪᠠᠨ ᠵᠠᠷ ᠵᠶ᠋ᠠᠷ ᠨᠡᠶ᠋ᠢᠲᠡᠯᠡᠶ᠎ᠡ᠄

      ᠨᠢᠭᠡ᠂ ᠮᠠᠰᠢᠨ ᠵᠣᠭᠰᠣᠬᠤ ᠴᠠᠭ

      2022 ᠣᠨ᠎ᠤ 4 ᠰᠠᠷ᠎ᠠ ᠵᠢᠨ 29᠎ᠤ ᠡᠳᠦᠷ᠎ᠤᠨ 18 ᠴᠠᠭ᠎ᠠᠴᠠ 5 ᠰᠠᠷ᠎ᠠ ᠵᠢᠨ 20᠎ᠤ ᠡᠳᠦᠷ᠎ᠤᠨ 8 ᠴᠠᠭ ᠪᠣᠯᠲᠠᠯ᠎ᠠ

      ᠬᠣᠶᠠᠷ᠂ ᠨᠦᠯᠦᠭᠡᠯᠡᠭᠳᠡᠬᠦ ᠠᠵᠢᠯ 

      1. ᠰᠦᠯᠵᠢᠶᠡᠨ᠎ᠠᠴᠠ ᠭᠠᠳᠠᠨᠠᠬᠢ ᠠᠵᠢᠯ᠄ ᠪᠥᠬᠥ ᠣᠷᠣᠨ᠎ᠤ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠂ ᠡᠯ᠎ᠡ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ ᠶᠠᠪᠤᠳᠠᠯ ᠭᠦᠢ᠍ᠴᠡᠳᠭᠡᠬᠦ ᠲᠢᠩᠬᠢᠮ᠂ ᠨᠡᠢ᠌ᠭᠡᠮ ᠪᠠᠩᠬᠢ ᠵᠢᠨ ᠬᠤᠷᠰᠢᠭᠰᠠᠨ ᠲᠤᠤᠷ ᠴᠡᠭ᠂ ᠥᠪᠡᠰᠦᠪᠡᠨ ᠦᠢ᠍ᠯᠡᠴᠢᠯᠡᠬᠦ ᠨᠢᠭᠡ ᠴᠣᠭᠴᠠᠵᠢᠭᠤᠯᠤᠭᠰᠠᠨ ᠮᠠᠰᠢᠨ᠎ᠳᠠᠬᠢ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭ᠋ᠠᠳᠬᠠᠯ᠂ ᠠᠵᠢᠯ ᠠᠯᠳᠠᠯᠲᠠ ᠵᠢᠨ ᠳᠠᠭ᠋ᠠᠳᠬᠠᠯ᠎ᠤᠨ  ᠦᠢ᠍ᠯᠡᠴᠢᠯᠡᠭᠡ ᠵᠢ ᠲᠦᠷ ᠵᠣᠭᠰᠣᠭ᠋ᠠᠨ᠎ᠠ᠃ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠳᠤ ᠣᠷᠣᠯᠴᠠᠬᠤ ᠳᠠᠩᠰᠠᠯᠠᠯ ᠵᠡᠷᠭᠡ ᠣᠯᠠᠨ ᠨᠡᠶ᠋ᠢᠲᠡ ᠵᠢᠨ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠬᠦ ᠵᠢ ᠲᠦᠷ ᠵᠣᠭᠰᠣᠭ᠋ᠠᠨ᠎ᠠ᠃ 

      2. ᠰᠦᠯᠵᠢᠶᠡᠨ ᠳᠡᠭᠡᠷᠡᠬᠢ ᠠᠵᠢᠯ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ᠎ᠳᠤ ᠨᠡᠶ᠋ᠢᠭᠡᠮ᠎ᠤᠨ ᠳᠠᠭ᠋ᠠᠳᠬᠠᠯ᠎ᠤᠨ ᠦᠢ᠍ᠯᠡᠴᠢᠯᠡᠭᠡ ᠵᠢ ᠲᠦᠷ ᠵᠣᠭᠰᠣᠭ᠋ᠠᠨ᠎ᠠ᠃ ᠮᠥᠩᠬᠡ ᠰᠤᠪᠠᠭ APP ᠳᠡᠭᠡᠷᠡᠬᠢ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠤᠰᠬᠠᠶ ᠲᠣᠭᠣᠷᠢᠭ᠎ᠤᠨ ᠦᠢ᠍ᠯᠡᠴᠢᠯᠡᠭᠡ ᠵᠢ ᠲᠦᠷ ᠵᠣᠭᠰᠣᠭ᠋ᠠᠨ᠎ᠠ᠃ ᠪᠥᠬᠥ ᠤᠯᠤᠰ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠂ ᠤᠯᠤᠰ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ ᠮᠠᠨ᠎ᠤ ᠣᠷᠣᠨ᠎ᠤ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠬᠦ᠎ᠪᠠᠨ ᠲᠦᠷ ᠵᠣᠭᠰᠣᠭ᠋ᠠᠨ᠎ᠠ᠃ ᠪᠥᠬᠥ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠦᠯᠵᠢᠶᠡᠨ ᠳᠡᠭᠡᠷ᠎ᠡ ᠠᠵᠢᠯ ᠶᠠᠪᠤᠳᠠᠯ  ᠭᠦᠢ᠍ᠴᠡᠳᠭᠡᠬᠦ ᠲᠢᠩᠬᠢᠮ (ᠠᠵᠤ ᠠᠬᠤᠶ᠋ᠢᠯᠠᠯ᠎ᠤᠨ ᠰᠦᠯᠵᠢᠶᠡᠨ ᠲᠢᠩᠬᠢᠮ ᠪᠠ ᠬᠤᠪᠢ ᠬᠥᠮᠦᠨ᠎ᠤ ᠰᠦᠯᠵᠢᠶᠡᠨ ᠲᠢᠩᠬᠢᠮ)᠂ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ APP᠂ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠸᠢᠴᠠᠲ᠎ᠤᠨ ᠵᠢᠵᠢᠭ ᠫᠷᠤᠭ᠌ᠷᠠᠮ᠂ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠭ᠋ᠠᠴᠠᠭ᠎ᠠ ᠬᠢᠬᠦ ᠵᠢᠵᠢᠭ ᠫᠷᠤᠭ᠌ᠷᠠᠮ᠂ ᠥᠪᠥᠷ ᠮᠣᠩᠭᠣᠯ᠎ᠤᠨ 12333 ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠂ ᠡᠯ᠎ᠡ ᠭᠠᠵᠠᠷ᠎ᠤᠨ ᠥᠪᠡᠰᠦᠪᠡᠨ ᠪᠠᠶ᠋ᠢᠭᠤᠯᠤᠭᠰᠠᠨ ᠰᠦᠯᠵᠢᠶᠡᠨ ᠳᠡᠭᠡᠷᠡᠬᠢ  ᠦᠢ᠍ᠯᠡᠴᠢᠯᠡᠭᠡᠨ᠎ᠤ ᠲᠠᠪᠴᠠᠩ ᠦᠢ᠍ᠯᠡᠴᠢᠯᠡᠭᠡ ᠬᠠᠩᠭ᠋ᠠᠬᠤ᠎ᠪᠠᠨ ᠲᠦᠷ ᠵᠣᠭᠰᠣᠭ᠋ᠠᠨ᠎ᠠ᠃

        ᠭᠤᠷᠪᠠ᠂ ᠳᠣᠲᠣᠨᠣᠰᠣᠭ ᠰᠠᠨᠠᠭᠤᠯᠤᠮᠵᠢ 

       (ᠨᠢᠭᠡ) ᠪᠦᠬᠦ ᠣᠷᠣᠨ᠎ᠤ ᠳᠠᠭ᠋ᠠᠳᠬᠠᠯ᠎ᠳᠤ ᠣᠷᠣᠯᠴᠠᠭᠰᠠᠨ ᠡᠯ᠎ᠡ ᠨᠢᠭᠡᠴᠢ᠂ ᠳᠠᠭ᠋ᠠᠳᠬᠠᠯ᠎ᠳᠤ ᠣᠷᠣᠯᠴᠠᠭᠰᠠᠨ ᠣᠯᠠᠨ ᠲᠦᠮᠡᠨ ᠭᠦᠢ᠍ᠴᠡᠳᠭᠡᠬᠦ ᠴᠢᠬᠤᠯᠠᠳᠠᠢ ᠠᠵᠢᠯ ᠵᠶ᠋ᠠᠨ ᠤᠷᠢᠳᠴᠢᠯᠠᠨ ᠪᠤᠶᠤ ᠬᠣᠶ᠋ᠢᠰᠢᠯᠠᠭᠤᠯᠤᠨ  ᠭᠦᠢ᠍ᠴᠡᠳᠭᠡᠭᠡᠷᠡᠢ᠂ ᠬᠡᠷᠪᠡ ᠨᠢᠭᠡᠴᠢ ᠪᠣᠯᠤᠨ ᠬᠤᠪᠢ ᠬᠥᠮᠦᠨ ᠨᠡᠶ᠋ᠢᠭᠡᠮ᠎ᠤᠨ ᠳᠠᠭ᠋ᠠᠳᠬᠠᠯ᠎ᠤᠨ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ᠎ᠳᠤ ᠨᠡᠶ᠋ᠢᠭᠡᠮ᠎ᠤᠨ ᠳᠠᠭ᠋ᠠᠳᠬᠠᠯ᠎ᠤᠨ ᠵᠠᠷᠤᠳᠠᠯ᠎ᠢ ᠮᠡᠳᠡᠭᠦᠯᠵᠦ ᠬᠢᠨᠠᠨ ᠲᠣᠭᠲᠠᠭ᠋ᠠᠬᠤ ᠠᠵᠢᠯ᠎ᠢ ᠨᠢᠭᠡᠨᠲᠡ ᠭᠦᠢ᠍ᠴᠡᠳᠬᠡᠭᠰᠡᠨ ᠪᠠᠶ᠋ᠢᠪᠠᠯ᠂ ᠮᠠᠰᠢᠨ ᠵᠣᠭᠰᠣᠭ᠋ᠠᠬᠤ ᠬᠤᠭᠤᠴᠠᠭ᠋ᠠᠨ᠎ᠳᠤ ᠮᠥᠨ ᠬᠦ᠌ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠲᠤ ᠰᠦᠢ᠍ᠳᠬᠡᠯ ᠲᠤᠰᠢᠶᠠᠬᠤ ᠠᠵᠢᠯ᠎ᠢ ᠭᠦᠢ᠍ᠴᠡᠳᠬᠡᠵᠦ ᠪᠣᠯᠤᠨ᠎ᠠ᠃ 

       (ᠬᠣᠶᠠᠷ) ᠰᠦᠯᠵᠢᠶᠡᠨ ᠳᠡᠭᠡᠷᠡᠬᠢ ᠠᠵᠢᠯ᠎ᠢ ᠭᠦᠢ᠍ᠴᠡᠳᠭᠡᠬᠦ᠎ᠪᠠᠨ ᠲᠦᠷ ᠵᠣᠭᠰᠣᠭ᠋ᠠᠬᠤ ᠬᠤᠭᠤᠴᠠᠭ᠋ᠠᠨ᠎ᠳᠤ᠂ ᠰᠦᠯᠵᠢᠶᠡᠨ ᠭᠠᠳᠠᠨᠠᠬᠢ ᠠᠷᠭ᠎ᠠ ᠵᠠᠮ ᠵᠶ᠋ᠠᠷ ᠬᠡᠪ᠎ᠤᠨ ᠶᠣᠰᠣᠭ᠋ᠠᠷ ᠪᠢᠴᠢᠭ ᠮᠠᠲ᠋ᠧᠷᠢᠶᠠᠯ᠎ᠢ ᠭᠥᠯᠢᠶᠡᠨ ᠠᠪᠬᠤ ᠵᠢᠨ ᠬᠠᠮᠲᠤ ᠠᠰᠠᠭᠤᠨ ᠯᠠᠪᠯᠠᠬᠤ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠤᠨ᠎ᠠ᠃

       (ᠭᠤᠷᠪᠠ) ᠬᠣᠯᠪᠣᠭᠳᠠᠯ ᠪᠥᠬᠥᠶ ᠠᠵᠢᠯ᠎ᠢ ᠭᠦᠢ᠍ᠴᠡᠳᠭᠡᠬᠦ ᠵᠢ ᠰᠡᠷᠭᠦᠭᠡᠭᠰᠡᠨ ᠡᠬᠢᠨ᠎ᠤ ᠬᠤᠭᠤᠴᠠᠭ᠋ᠠᠨ᠎ᠳᠤ᠂ ᠴᠠᠭ ᠵᠶ᠋ᠠᠨ ᠵᠦᠶ ᠵᠣᠬᠢᠰᠲᠠᠶ ᠰᠣᠩᠭᠣᠵᠤ᠂ ᠴᠠᠭ ᠵᠥᠷᠢᠭᠦᠯᠦᠨ ᠲᠤᠬᠠᠶ᠋ᠢᠯᠠᠭᠰᠠᠨ ᠠᠵᠢᠯ ᠵᠶ᠋ᠠᠨ ᠭᠦᠢ᠍ᠴᠡᠳᠭᠡᠵᠦ᠂ ᠲᠦᠭᠵᠢᠷᠡᠯ ᠭᠠᠷᠬᠤ᠎ᠠᠴᠠ ᠵᠠᠶ᠋ᠢᠯᠠᠰᠬᠢᠭᠡᠷᠡᠶ᠃ 

      (ᠳᠥᠷᠪᠡ) ᠲᠤᠬᠠᠶ᠋ᠢᠯᠠᠭᠰᠠᠨ ᠠᠵᠢᠯ᠎ᠢ ᠲᠦᠷ ᠵᠣᠭᠰᠣᠭ᠋ᠠᠬᠤ ᠬᠤᠭᠤᠴᠠᠭ᠋ᠠᠨ᠎ᠳᠤ ᠠᠪᠴᠢᠷᠠᠭᠰᠠᠨ ᠶᠠᠷᠰᠢᠭ ᠲᠦᠪᠡᠭ᠎ᠢ ᠠᠭᠤᠴᠢᠯᠠᠭ᠋ᠠᠷᠠᠢ᠃ ᠬᠡᠷᠪᠡ ᠠᠰᠠᠭᠤᠳᠠᠯ᠎ᠲᠠᠢ ᠪᠣᠯ 12345᠂ 12333 ᠠᠰᠠᠭᠤᠨ ᠯᠠᠪᠯᠠᠬᠤ ᠦᠢ᠍ᠯᠡᠴᠢᠯᠡᠭᠡ ᠵᠢᠨ ᠤᠲᠠᠰᠤ ᠵᠢ ᠤᠲᠠᠰᠤᠳᠠᠭ᠋ᠠᠷᠠᠶ᠂ ᠪᠠᠰᠠ ᠲᠣᠰ ᠭᠠᠵᠠᠷ᠎ᠤᠨ ᠨᠡᠶ᠋ᠢᠲᠡᠯᠡᠭᠰᠡᠨ ᠲᠤᠬᠠᠶ᠋ᠢᠯᠠᠭᠰᠠᠨ ᠠᠵᠢᠯ᠎ᠤᠨ ᠠᠰᠠᠭᠤᠨ ᠯᠠᠪᠯᠠᠬᠤ ᠦᠢ᠍ᠯᠡᠴᠢᠯᠡᠭᠡ ᠵᠢᠨ ᠤᠲᠠᠰᠤ ᠵᠢ ᠤᠲᠠᠰᠤᠳᠠᠵᠤ ᠪᠣᠯᠤᠨ᠎ᠠ᠃
      ᠡᠭᠦᠨ᠎ᠤ ᠲᠤᠯᠠ ᠣᠨᠴᠠᠭ᠋ᠠᠶ᠋ᠢᠯᠠᠨ ᠵᠠᠷᠯᠠᠪᠠ


        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ

        ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ 

               2022 ᠣᠨ᠎ᠤ 4 ᠰᠠᠷ᠎ᠠ ᠵᠢᠨ 25᠎ᠤ ᠡᠳᠦᠷ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠪᠥᠬᠥ ᠤᠯᠤᠰ᠎ᠤᠨ ᠬᠣᠶᠠᠳᠤᠭ᠋ᠠᠷ ᠬᠤᠭᠤᠴᠠᠭ᠋ᠠᠨ᠎ᠤ ᠣᠯᠠᠨ ᠨᠡᠶ᠋ᠢᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠤᠰᠬᠠᠶ ᠲᠦᠷᠦᠯ᠎ᠤᠨ ᠲᠤᠬᠠᠶ᠋ᠢᠯᠠᠭᠰᠠᠨ ᠠᠵᠢᠯ᠎ᠤᠨ ᠤᠷᠤᠯᠳᠤᠭ᠋ᠠᠨ᠎ᠳᠤ ᠤᠷᠤᠯᠴᠠᠭᠰᠠᠳ᠎ᠢ ᠲᠠᠨᠢᠯᠴᠠᠭᠤᠯᠬᠤ ᠲᠤᠬᠠᠶ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠲᠤᠬᠠᠶ᠋ᠢᠯᠠᠭᠰᠠᠨ ᠠᠵᠢᠯ ᠭᠦᠢ᠍ᠴᠡᠳᠭᠡᠬᠦ ᠵᠢ ᠰᠡᠷᠭᠦᠭᠡᠬᠦ ᠠᠯᠪᠠᠨ ᠵᠠᠷ
ᠮᠡᠷᠭᠡᠵᠢᠯ᠎ᠤᠨ ᠴᠣᠯᠠ ᠮᠠᠭ᠋ᠠᠳᠯᠠᠨ ᠲᠣᠭᠲᠠᠭ᠋ᠠᠭᠰᠠᠨ ᠪᠠᠢ᠌ᠳᠠᠯ᠎ᠤᠨ ᠲᠤᠬᠠᠶ ᠮᠡᠳᠡᠭᠳᠡᠯ
ᠲᠠᠪᠤᠳᠤᠭ᠋ᠠᠷ ᠬᠤᠭᠤᠴᠠᠭ᠋ᠠᠨ᠎ᠤ 《ᠳᠤᠮᠳᠠᠳᠤ ᠤᠯᠤᠰ᠎ᠤᠨ ᠪᠦᠳᠦᠭᠡᠯᠴᠢ ᠭᠠᠷ》 ᠎ᠤᠨ ᠦᠢ᠍ᠯᠡᠰ ᠪᠦᠳᠦᠭᠡᠬᠦ ᠰᠢᠨ᠎ᠡ ᠵᠢ ᠡᠭᠦᠳᠬᠦ ᠤᠷᠤᠯᠳᠤᠭ᠋ᠠᠨ᠎ᠳᠤ ᠣᠷᠣᠯᠴᠠᠬᠤ ᠥᠪᠥᠷ ᠮᠣᠩᠭᠣᠯ᠎ᠤᠨ ᠬᠥᠳᠡᠯᠮᠦᠷᠢ ᠦᠢ᠍ᠯᠡᠴᠢᠯᠡᠭᠡᠨ᠎ᠤ ᠨᠠᠷᠠᠲᠤ ᠲᠥᠷᠥᠯ ᠲᠡᠮᠳᠡᠭᠲᠦ ᠵᠢᠨ ᠲᠥᠷᠥᠯ ᠵᠦᠢ᠍ᠯ᠎ᠤᠨ ᠲᠤᠬᠠᠶ ᠵᠠᠷᠯᠠᠯ
2022 ᠣᠨ᠎ᠤ ᠤᠯᠤᠰ᠎ᠤᠨ ᠲᠠᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠪᠣᠯᠪᠠᠰᠤᠷᠠᠭᠤᠯᠬᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠪᠠ ᠮᠡᠷᠭᠡᠵᠢᠯ ᠴᠢᠳᠠᠪᠤᠷᠢᠲᠤ ᠶᠡᠬᠡ ᠮᠠᠰᠲᠸᠷ᠎ᠤᠨ ᠠᠵᠢᠯᠯᠠᠬᠤ ᠲᠠᠰᠤᠭ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠤᠨ ᠲᠤᠬᠠᠢ ᠢᠯᠡ ᠨᠡᠢ᠌ᠳᠡᠯᠡᠯ
 
            