ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠡᠮᠳᠡᠭ᠂ ᠭᠤᠤᠯ ᠰᠡᠳᠦᠪᠲᠦ ᠳᠠᠭᠤᠤ ᠪᠠ ᠥᠯᠵᠡᠶ᠋ᠢᠲᠦ ᠪᠤᠳᠠᠰ᠎ᠤᠨ ᠵᠢᠷᠤᠭ ᠲᠥᠯᠥᠪᠯᠡᠭᠡ ᠵᠢ ᠢᠯᠡ᠎ᠪᠠᠷ ᠡᠯᠰᠡᠬᠦ ᠲᠤᠬᠠᠶ ᠠᠯᠪᠠᠨ ᠵᠠᠷ
ᠨᠡᠶ᠋ᠢᠲᠡᠯᠡᠭᠰᠡᠨ ᠴᠠᠭ᠄ 2022-04-06

       ᠶᠡᠷᠦᠩᠬᠡᠶ ᠱᠦᠵᠢ ᠰᠢ ᠵᠢᠨ ᠫᠢᠩ᠎ᠤᠨ ᠤᠷ᠎ᠠ ᠴᠢᠳᠠᠪᠤᠷᠢ᠎ᠲᠠᠢ ᠴᠢᠳᠠᠪᠤᠷᠢᠲᠠᠨ᠎ᠤ ᠠᠵᠢᠯ ᠢᠯᠠᠩᠭᠤᠶ᠎ᠠ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠤᠷ᠎ᠠ ᠴᠢᠳᠠᠪᠤᠷᠢ᠎ᠲᠠᠢ ᠴᠢᠳᠠᠪᠤᠷᠢᠲᠠᠨ᠎ᠢ ᠬᠥᠮᠦᠵᠢᠭᠦᠯᠬᠦ ᠵᠢ ᠠᠬᠢᠭᠤᠯᠬᠤ᠂ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠠᠴᠠ ᠡᠨᠡ ᠵᠢᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ (ᠳᠣᠷᠣᠭᠰᠢ 《ᠤᠷᠤᠯᠳᠤᠭ᠋ᠠᠨ》ᠭᠡᠵᠦ ᠲᠣᠪᠴᠢᠯᠠᠨ᠎ᠠ) ᠎ᠢ ᠡᠷᠭᠢᠯᠡᠬᠦ᠎ᠪᠠᠷ ᠪᠠᠶ᠋ᠢᠨ᠎ᠠ᠃ ᠤᠷᠤᠯᠳᠤᠭ᠋ᠠᠨ᠎ᠤ ᠨᠡᠶ᠋ᠢᠭᠡᠮ᠎ᠤᠨ ᠮᠡᠳᠡᠷᠡᠮᠵᠢ ᠵᠢᠨ ᠬᠡᠮᠵᠢᠶ᠎ᠡ ᠪᠠ ᠨᠥᠯᠥᠭᠡᠯᠡᠬᠦ ᠬᠦᠴᠦᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ ᠨᠡᠶ᠋ᠢᠭᠡᠮ ᠨᠡᠶ᠋ᠢᠲᠡ᠎ᠠᠴᠠ ᠤᠷᠤᠯᠳᠤᠭ᠋ᠠᠨ᠎ᠤ ᠲᠡᠮᠳᠡᠭ᠂ ᠭᠤᠤᠯ ᠰᠡᠳᠦᠪᠲᠦ ᠳᠠᠭᠤᠤ ᠪᠠ ᠥᠯᠵᠡᠶ᠋ᠢᠲᠦ ᠪᠣᠳᠠᠰ᠎ᠢ ᠢᠯᠡ᠎ᠪᠠᠷ ᠡᠯᠰᠡᠬᠦ᠎ᠪᠠᠷ ᠲᠣᠭᠲᠠᠪᠠ᠃ ᠡᠳᠦᠭᠡ ᠡᠯᠰᠡᠬᠦ ᠠᠵᠢᠯᠯᠠᠭ᠎ᠠ ᠵᠢᠨ ᠬᠣᠯᠪᠣᠭᠳᠠᠯ ᠪᠥᠬᠥᠶ ᠤᠴᠢᠷ᠎ᠢ ᠳᠤᠤᠷᠠᠬᠢ ᠮᠡᠲᠦ ᠵᠠᠷᠯᠠᠪᠠ᠄
      ᠨᠢᠭᠡ᠂ ᠡᠯᠰᠡᠬᠦ ᠠᠭᠤᠯᠭ᠎ᠠ 
       (ᠨᠢᠭᠡ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ  ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠡᠮᠳᠡᠭ 
       (ᠬᠣᠶᠠᠷ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ  ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠭᠣᠣᠯ ᠰᠡᠳᠦᠪᠲᠦ ᠳᠠᠭᠤᠤ
       (ᠭᠤᠷᠪᠠ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ  ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠥᠯᠵᠡᠶ᠋ᠢᠲᠦ ᠪᠤᠳᠠᠰ
       ᠬᠣᠶᠠᠷ᠂ ᠡᠯᠰᠡᠬᠦ ᠴᠠᠭ
       2022 ᠣᠨ᠎ᠤ 3 ᠰᠠᠷ᠎ᠠ ᠵᠢᠨ 30᠎ᠤ ᠡᠳᠦᠷ ᠎ᠠᠴᠠ 4 ᠰᠠᠷ᠎ᠠ ᠵᠢᠨ 30 ᠎ᠤ ᠡᠳᠦᠷ (ᠢᠮᠧᠯ ᠶᠠᠪᠤᠭᠤᠯᠤᠭᠰᠠᠨ ᠡᠳᠦᠷ ᠬᠤᠭᠤᠴᠠᠭ᠎ᠠ᠎ᠪᠠᠷ ᠪᠠᠷᠢᠮᠵᠢᠶ᠎ᠠ ᠪᠣᠯᠭ᠋ᠠᠨ᠎ᠠ)
       ᠭᠤᠷᠪᠠ᠂ ᠡᠯᠰᠡᠬᠦ ᠱᠠᠭ᠋ᠠᠷᠳᠠᠯᠭ᠎ᠠ 
       (ᠨᠢᠭᠡ) ᠡᠯᠰᠡᠭᠳᠡᠬᠦ ᠬᠡᠪᠴᠢᠶ᠎ᠡ
       ᠡᠯᠰᠡᠭᠳᠡᠭᠰᠡᠳ (ᠭᠠᠭᠴᠠ ᠬᠥᠮᠦᠨ ᠪᠤᠶᠤ ᠪᠦᠯᠬᠦᠮ ᠨᠡᠶ᠋ᠢᠲᠡ ᠴᠥᠮ ᠪᠣᠯᠤᠨ᠎ᠠ) ᠤᠷᠤᠯᠳᠤᠭ᠋ᠠᠨ᠎ᠤ ᠲᠡᠮᠳᠡᠭ᠂ ᠭᠤᠤᠯ ᠰᠡᠳᠦᠪᠲᠦ ᠳᠠᠭᠤᠤ ᠪᠠ ᠤᠷᠤᠯᠳᠤᠭ᠋ᠠᠨ᠎ᠤ ᠥᠯᠵᠡᠶ᠋ᠢᠲᠦ ᠪᠤᠳᠠᠰ᠎ᠤᠨ ᠵᠢᠷᠤᠭ ᠲᠥᠯᠥᠪᠯᠡᠭᠡ ᠵᠢᠨ ᠠᠵᠢᠯᠯᠠᠭ᠎ᠠ᠎ᠳᠤ ᠵᠡᠷᠭᠡ᠎ᠪᠠᠷ ᠣᠷᠣᠯᠴᠠᠵᠤ ᠪᠣᠯᠤᠨ᠎ᠠ᠂ ᠪᠠᠰᠠ ᠲᠡᠭᠦᠨ᠎ᠤ ᠳᠣᠲᠣᠷᠠᠬᠢ ᠶᠠᠮᠠᠷ ᠨᠢᠭᠡᠨ ᠵᠢᠷᠤᠭ ᠲᠥᠯᠥᠪᠯᠡᠭᠡ ᠵᠢᠨ ᠡᠬᠡ ᠪᠢᠴᠢᠭ ᠥᠭᠬᠦ ᠠᠵᠢᠯᠯᠠᠭ᠎ᠠ᠎ᠳᠤ ᠲᠤᠰᠠᠭ᠋ᠠᠷ ᠣᠷᠣᠯᠴᠠᠵᠤ ᠪᠣᠯᠤᠨ᠎ᠠ᠃ ᠡᠬᠡ ᠪᠢᠴᠢᠭ ᠵᠶ᠋ᠡᠨ ᠢᠯᠡᠭᠡᠬᠦ᠎ᠳᠡᠭᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠡᠮᠳᠡᠭ᠂ ᠭᠤᠤᠯ ᠰᠡᠳᠦᠪᠲᠦ ᠳᠠᠭᠤᠤ ᠪᠠ ᠥᠯᠵᠡᠶ᠋ᠢᠲᠦ ᠪᠤᠳᠠᠰ᠎ᠤᠨ ᠵᠢᠷᠤᠭ ᠲᠥᠯᠥᠪᠯᠡᠭᠡ ᠡᠯᠰᠡᠬᠦ ᠠᠵᠢᠯᠯᠠᠭ᠎ᠠ ᠵᠢᠨ ᠨᠡᠷ᠎ᠡ ᠮᠡᠳᠡᠭᠦᠯᠬᠦ ᠬᠦᠰᠦᠨᠦᠭᠲᠦ》ᠵᠢᠨ ᠬᠠᠮᠢᠶ᠎ᠠ ᠪᠥᠬᠥᠶ ᠰᠣᠩᠭᠣᠯᠲᠠ ᠵᠢ ᠰᠤᠩᠭᠤᠨ ᠲᠣᠳᠣᠷᠬᠠᠶ᠋ᠢᠯᠠᠬᠤ ᠬᠡᠷᠡᠭᠲᠡᠶ᠃
      (ᠬᠣᠶᠠᠷ) ᠵᠣᠬᠢᠶᠠᠯ ᠪᠦᠲᠦᠭᠡᠯ᠎ᠤᠨ ᠰᠠᠭ᠋ᠠᠷᠳᠠᠯᠭ᠎ᠠ
       1 . ᠵᠢᠷᠤᠵᠤ ᠲᠥᠯᠥᠪᠯᠡᠬᠦ᠂ ᠵᠣᠬᠢᠶᠠᠨ ᠪᠦᠲᠦᠭᠡᠬᠦ ᠱᠠᠭ᠋ᠠᠷᠳᠠᠯᠭ᠎ᠠ 
       (1) ᠤᠷᠤᠯᠳᠤᠭ᠋ᠠᠨ᠎ᠤ ᠲᠡᠮᠳᠡᠭ᠎ᠢ ᠲᠥᠯᠥᠪᠯᠡᠬᠦ ᠱᠠᠭ᠋ᠠᠷᠳᠠᠯᠭ᠎ᠠ᠃ ᠵᠢᠷᠤᠭ ᠵᠶ᠋ᠠᠷ ᠭᠤᠤᠯ ᠪᠣᠯᠭ᠋ᠠᠵᠤ᠂ 《ᠤᠷ᠎ᠠ ᠮᠡᠷᠭᠡᠵᠢᠯ ᠵᠶ᠋ᠡᠷ ᠤᠮᠠᠷᠠᠲᠤ ᠬᠢᠯᠢ ᠵᠢ ᠮᠠᠨᠳᠤᠭᠤᠯᠵᠤ᠂  ᠮᠡᠷᠭᠡᠵᠢᠯ ᠴᠢᠳᠠᠪᠤᠷᠢ ᠎ᠪᠠᠷ ᠢᠷᠡᠬᠦ ᠮᠠᠷᠭ᠋ᠠᠰᠢ᠎ᠪᠠᠨ ᠴᠣᠭᠴᠠᠯᠠᠨ᠎ᠠ》ᠭᠡᠬᠦ ᠭᠤᠤᠯ ᠰᠡᠳᠦᠪ᠎ᠤᠨ ᠲᠣᠭᠣᠷᠢᠨ᠎ᠳᠤ᠂《ᠰᠢᠨ᠎ᠡ ᠴᠠᠭ ᠦᠶ᠎ᠡ᠂ ᠰᠢᠨ᠎ᠡ ᠤᠷ᠎ᠠ ᠴᠢᠳᠠᠪᠤᠷᠢ᠂ ᠰᠢᠨ᠎ᠡ ᠬᠦᠰᠡᠯ ᠵᠡᠭᠦᠳᠦ》᠂ 《ᠤᠷ᠎ᠠ ᠴᠢᠳᠠᠪᠤᠷᠢ᠎ᠲᠠᠢ ᠴᠢᠳᠠᠪᠤᠷᠢᠲᠠᠨ ᠪᠣᠯᠬᠤ》᠂ 《ᠤᠷ᠎ᠠ ᠮᠡᠷᠭᠡᠵᠢᠯ ᠵᠶ᠋ᠡᠷ ᠤᠯᠤᠰ᠎ᠲᠠᠭᠠᠨ ᠵᠢᠳᠬᠦᠬᠦ》ᠵᠡᠷᠭᠡ ᠣᠶ᠋ᠢᠯᠠᠭ᠋ᠠᠭᠳᠠᠬᠤᠨ᠎ᠢ ᠳᠣᠪᠣᠶ᠋ᠢᠯᠭ᠋ᠠᠨ ᠢᠯᠡᠷᠡᠭᠦᠯᠵᠦ᠂ ᠥᠪᠥᠷ ᠮᠣᠩᠭᠣᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠰᠢᠨ᠎ᠡ ᠴᠠᠭ ᠦᠶ᠎ᠡ ᠵᠢᠨ ᠲᠠᠯ᠎ᠠ ᠨᠤᠲᠤᠭ᠎ᠤᠨ ᠤᠷᠠᠨ ᠳᠠᠷᠬᠠᠨ᠎ᠤ ᠬᠡᠪ ᠨᠠᠮᠪᠠᠭ᠎ᠠ ᠵᠢ ᠢᠯᠡᠷᠡᠭᠦᠯᠵᠦ᠂ ᠲᠠᠯ᠎ᠠ ᠨᠤᠲᠤᠭ᠎ᠤᠨ ᠤᠷᠠᠨ ᠳᠠᠷᠬᠠᠨ᠎ᠤ ᠵᠣᠷᠢᠭ ᠰᠠᠨᠠᠭ᠎ᠠ ᠪᠣᠯᠤᠨ 《ᠬᠥᠳᠡᠯᠮᠦᠷᠢ ᠥᠩᠭᠡ ᠭᠡᠷᠡᠯᠲᠡᠶ᠂ ᠤᠷ᠎ᠠ ᠴᠢᠳᠠᠪᠤᠷᠢ ᠡᠷᠬᠢᠮ ᠨᠠᠨᠳᠢᠨ᠂ ᠡᠭᠦᠳᠦᠨ ᠪᠦᠲᠦᠭᠡᠯᠲᠡ ᠠᠭᠤᠤ ᠶᠡᠬᠡ》ᠴᠠᠭ ᠦᠶ᠎ᠡ ᠵᠢᠨ ᠬᠡᠪ ᠰᠤᠷᠲᠠᠯ᠎ᠢ ᠳᠣᠪᠣᠶ᠋ᠢᠯᠭ᠋ᠠᠬᠤ ᠬᠡᠷᠡᠭᠲᠡᠶ᠃ ᠲᠡᠮᠳᠡᠭ᠎ᠤᠨ ᠵᠢᠷᠤᠭ ᠲᠥᠯᠥᠪᠯᠡᠭᠡ ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠬᠠᠮᠢᠶ᠎ᠠ ᠪᠦᠬᠦᠢ ᠦᠰᠦᠭ ᠪᠢᠴᠢᠭ᠎ᠤᠨ ᠠᠭᠤᠯᠭ᠎ᠠ᠎ᠳᠤ ᠲᠣᠬᠢᠷᠠᠵᠦ᠂ ᠵᠢᠷᠤᠭ ᠵᠶ᠋ᠠᠨ ᠲᠣᠪᠴᠢ ᠠᠪᠰᠠᠷᠬᠠᠨ᠂ ᠲᠦᠷᠭᠡᠨ᠂ ᠣᠨᠴᠠᠯᠢᠭ ᠵᠶ᠋ᠠᠷ ᠲᠣᠪᠣᠶ᠋ᠢᠮ᠎ᠠ᠂ ᠢᠯᠭ᠋ᠠᠨ ᠲᠠᠨᠢᠬᠤ ᠬᠡᠮᠵᠢᠶ᠎ᠡ᠎ᠪᠠᠷ ᠥᠨᠳᠥᠷ ᠪᠠᠶ᠋ᠢᠯᠭ᠋ᠠᠬᠤ ᠵᠢᠨ ᠬᠠᠮᠲᠤ ᠥᠪᠡᠷᠮᠢᠴᠡ ᠤᠷᠠᠯᠢᠭ᠎ᠤᠨ ᠪᠦᠲᠦᠭᠡᠯᠴᠢ ᠰᠠᠨᠠᠭ᠎ᠠ ᠪᠣᠯᠤᠨ ᠬᠠᠷᠠᠭ᠋ᠠᠨ ᠰᠡᠷᠡᠯ᠎ᠤᠨ ᠨᠦᠯᠦᠭᠡᠯᠡᠬᠦ ᠬᠦᠴᠦᠨ᠎ᠲᠠᠢ ᠪᠠᠶ᠋ᠢᠯᠭ᠋ᠠᠬᠤ ᠬᠡᠷᠡᠭᠲᠡᠶ᠃
       (2) ᠤᠷᠤᠯᠳᠤᠭ᠋ᠠᠨ᠎ᠤ ᠭᠤᠤᠯ ᠰᠡᠳᠦᠪᠲᠦ ᠳᠠᠭᠤᠤ ᠵᠢᠨ ᠵᠣᠬᠢᠶᠠᠨ ᠪᠦᠲᠦᠭᠡᠯᠭᠡ ᠵᠢᠨ ᠱᠠᠭ᠋ᠠᠷᠳᠠᠯᠭ᠎ᠠ᠃ 《ᠤᠷ᠎ᠠ ᠮᠡᠷᠭᠡᠵᠢᠯ ᠵᠶ᠋ᠡᠷ ᠤᠮᠠᠷᠠᠲᠤ ᠬᠢᠯᠢ ᠵᠢ ᠮᠠᠨᠳᠤᠭᠤᠯᠵᠤ᠂  ᠮᠡᠷᠭᠡᠵᠢᠯ ᠴᠢᠳᠠᠪᠤᠷᠢ ᠎ᠪᠠᠷ ᠢᠷᠡᠬᠦ ᠮᠠᠷᠭ᠋ᠠᠰᠢ᠎ᠪᠠᠨ ᠴᠣᠭᠴᠠᠯᠠᠨ᠎ᠠ》 ᠭᠡᠬᠦ ᠭᠤᠤᠯ ᠰᠡᠳᠦᠪ᠎ᠤᠨ ᠲᠣᠭᠣᠷᠢᠨ᠎ᠳᠤ ᠵᠣᠬᠢᠶᠠᠨ ᠪᠦᠲᠦᠭᠡᠬᠦ ᠴᠢᠬᠤᠯᠠᠲᠠᠶ ᠪᠠᠶ᠋ᠢᠵᠤ᠂ ᠠᠭᠤᠯᠭ᠎ᠠ᠎ᠨᠢ ᠢᠳᠡᠪᠬᠢᠲᠡᠶ ᠪᠥᠭᠡᠳ ᠡᠷᠡᠭᠦᠯ ᠪᠠᠶ᠋ᠢᠵᠤ᠂ ᠥᠪᠥᠷ ᠮᠣᠩᠭᠣᠯ ᠣᠷᠣᠨ᠎ᠤ ᠤᠷ᠎ᠠ ᠴᠢᠳᠠᠪᠤᠷᠢ᠎ᠲᠠᠢ ᠴᠢᠳᠠᠪᠤᠷᠢᠲᠠᠨ᠎ᠤ ᠤᠷᠠᠨ ᠨᠠᠷᠢᠨ᠂ ᠵᠣᠷᠢᠭᠲᠠᠶ᠎ᠪᠠᠷ ᠲᠦᠷᠦᠭᠦᠯᠡᠬᠦ᠂ ᠭᠠᠷᠮᠠᠭ᠋ᠠᠶ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠭᠦᠢ᠍ᠴᠡᠳ ᠢᠯᠡᠷᠡᠬᠦᠯᠬᠦ ᠬᠡᠷᠡᠭᠳᠡᠢ᠃ ᠳᠠᠭᠤᠤ ᠵᠢᠨ ᠦᠭᠡ᠎ᠨᠢ ᠭᠤᠤᠯ ᠰᠡᠳᠦᠪ ᠢᠯᠡ ᠲᠣᠳᠣ᠂ ᠠᠭᠤᠯᠭ᠎ᠠ᠎ᠨᠢ ᠢᠳᠡᠪᠬᠢᠲᠡᠶ ᠥᠭᠡᠳᠡᠷᠬᠡᠭ᠂ ᠲᠣᠪᠴᠢ ᠠᠪᠰᠠᠷᠬᠠᠨ᠂ ᠤᠷᠤᠰᠤᠮ᠎ᠠ ᠲᠣᠳᠣ ᠪᠠᠶ᠋ᠢᠬᠤ ᠵᠢ ᠱᠠᠭ᠋ᠠᠷᠳᠠᠵᠤ᠂ ᠳᠠᠭᠤᠤ᠎ᠨᠢ ᠨᠡᠯᠢᠶᠡᠳ ᠴᠢᠩᠭ᠎ᠠ ᠳᠠᠭ᠋ᠠᠭᠤᠯᠬᠤ ᠮᠡᠳᠡᠷᠡᠮᠵᠢ᠎ᠲᠠᠢ ᠪᠠᠶ᠋ᠢᠵᠤ᠂ ᠤᠷ᠎ᠠ  ᠮᠡᠷᠭᠡᠵᠢᠯ᠎ᠲᠠᠢ ᠴᠢᠳᠠᠪᠤᠷᠢᠲᠠᠨ᠎ᠯᠤᠭ᠎ᠠ ᠰᠠᠶ᠋ᠢᠨ ᠰᠠᠶ᠋ᠢᠬᠠᠨ ᠰᠡᠳᠬᠢᠴᠡ ᠵᠢᠨ ᠬᠠᠶ᠋ᠢᠷ᠎ᠠ ᠰᠡᠳᠬᠢᠯᠭᠡ᠎ᠲᠠᠢ ᠪᠣᠯᠵᠣ᠂ ᠰᠢᠨ᠎ᠡ ᠴᠠᠭ ᠦᠶ᠎ᠡ ᠵᠢᠨ ᠤᠷ᠎ᠠ ᠮᠡᠷᠭᠡᠵᠢᠯ᠎ᠲᠠᠢ ᠴᠢᠳᠠᠪᠤᠷᠢᠲᠠᠨ᠎ᠤ ᠴᠣᠭ ᠪᠠᠳᠠᠷᠠᠩᠭᠤᠶ᠂ ᠢᠳᠡᠪᠬᠢᠲᠡᠶ ᠥᠭᠡᠳᠡᠯᠡᠨ ᠳᠠᠪᠰᠢᠬᠤ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠭᠦᠢ᠍ᠴᠡᠳ ᠢᠯᠡᠷᠡᠬᠦᠯᠬᠦ ᠬᠡᠷᠡᠭᠳᠡᠢ᠃ ᠳᠠᠭᠤᠤ᠎ᠨᠢ ᠬᠡᠯᠪᠡᠷᠢ ᠵᠢ ᠬᠢᠵᠠᠭ᠋ᠠᠷᠯᠠᠬᠤ ᠥᠬᠡᠶ᠂ ᠬᠥᠭ ᠠᠶᠠᠰ ᠢᠷᠠᠭᠤ ᠰᠠᠶ᠋ᠢᠬᠠᠨ᠂ ᠳᠠᠮᠵᠢᠭᠳᠠᠨ ᠳᠠᠭᠤᠯᠠᠬᠤ᠎ᠳᠤ ᠠᠮᠠᠷ᠂ ᠣᠷᠳᠣ᠎ᠨᠢ 35 ᠮᠢᠨᠦ᠋ᠲ᠃
       (3) ᠥᠯᠵᠡᠶ᠋ᠢᠲᠦ ᠪᠣᠳᠠᠰ᠎ᠢ ᠲᠥᠯᠥᠪᠯᠡᠬᠦ ᠱᠠᠭ᠋ᠠᠷᠳᠠᠯᠭ᠎ᠠ᠃ 《ᠤᠷ᠎ᠠ ᠮᠡᠷᠭᠡᠵᠢᠯ ᠵᠶ᠋ᠡᠷ ᠤᠮᠠᠷᠠᠲᠤ ᠬᠢᠯᠢ ᠵᠢ ᠮᠠᠨᠳᠤᠭᠤᠯᠵᠤ᠂  ᠮᠡᠷᠭᠡᠵᠢᠯ ᠴᠢᠳᠠᠪᠤᠷᠢ ᠎ᠪᠠᠷ ᠢᠷᠡᠬᠦ ᠮᠠᠷᠭ᠋ᠠᠰᠢ᠎ᠪᠠᠨ ᠴᠣᠭᠴᠠᠯᠠᠨ᠎ᠠ》 ᠭᠡᠬᠦ ᠭᠣᠣᠯ ᠰᠡᠳᠦᠪ᠎ᠢ ᠵᠢᠷᠤᠮᠯᠠᠵᠤ᠂ ᠤᠷᠤᠯᠳᠤᠭ᠋ᠠᠨ᠎ᠤ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠵᠢ ᠠᠬᠢᠭᠤᠯᠬᠤ᠂ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ ᠭᠦᠨ ᠤᠳᠬ᠎ᠠ ᠰᠠᠨᠠᠭ᠎ᠠ ᠵᠢ ᠢᠯᠡᠷᠡᠭᠦᠯᠬᠦ ᠵᠢᠨ ᠬᠠᠮᠲᠤ ᠪᠠᠰᠠ ᠥᠪᠥᠷ ᠮᠣᠩᠭᠣᠯ᠎ᠤᠨ ᠣᠷᠣᠨ ᠨᠤᠲᠤᠭ᠎ᠤᠨ ᠣᠨᠴᠠᠯᠢᠭ᠎ᠢ ᠳᠤᠪᠤᠢ᠌ᠯᠭ᠋ᠠᠬᠤ ᠬᠡᠷᠡᠭᠲᠡᠢ᠃ ᠵᠢᠷᠤᠭ ᠲᠥᠯᠥᠪᠯᠡᠭᠡ ᠵᠢᠨ ᠪᠦᠲᠦᠭᠡᠯ᠎ᠨᠢ ᠬᠥᠮᠦᠨ᠂ ᠠᠮᠢᠲᠠᠨ᠂ ᠤᠷᠭᠤᠮᠠᠯ᠂ ᠣᠨᠴᠠᠭ᠋ᠠᠶ ᠤᠳᠬ᠎ᠠ᠎ᠲᠠᠢ ᠡᠳ᠋ ᠵᠶ᠋ᠡᠷ ᠠᠩᠬᠠᠨ᠎ᠤ ᠬᠡᠯᠪᠡᠷᠢ ᠪᠣᠯᠭ᠋ᠠᠬᠤ ᠪᠤᠶᠤ ᠥᠪᠡᠷ ᠵᠶ᠋ᠡᠨ ᠡᠭᠦᠳᠦᠨ ᠪᠦᠲᠦᠭᠡᠭᠰᠡᠨ ᠨᠢᠭᠡ ᠵᠦᠢ᠍ᠯ᠎ᠤᠨ ᠠᠮᠢᠵᠢᠷᠠᠯ᠎ᠤᠨ ᠬᠦᠴᠦᠨ ᠣᠯᠭᠣᠭᠰᠠᠨ ᠳᠦᠷᠰᠦ ᠪᠦᠲᠦᠭᠡᠯᠲᠡ ᠵᠢᠨ ᠬᠡᠦᠬᠡᠯᠳᠡᠢ ᠪᠠᠢ᠌ᠵᠤ᠂ ᠳᠦᠷᠰᠦ ᠪᠦᠲᠦᠭᠡᠯᠲᠡ᠎ᠨᠢ ᠠᠮᠢᠳᠤᠯᠢᠭ ᠰᠠᠶ᠋ᠢᠬᠠᠨ᠂ ᠳᠦᠷᠢ᠎ᠨᠢ ᠬᠤᠷᠴᠠ ᠲᠣᠳᠣ᠂ ᠢᠯᠭ᠋ᠠᠨ ᠲᠠᠨᠢᠬᠤ ᠬᠡᠮᠵᠢᠶ᠎ᠡ᠎ᠨᠢ ᠥᠨᠳᠥᠷ᠂ ᠭᠦᠨ ᠭᠦᠨᠵᠡᠭᠡᠶ ᠰᠠᠭᠤᠭᠳᠠᠯ᠎ᠲᠠᠢ ᠪᠥᠭᠡᠳ ᠤᠷᠠᠯᠢᠭ᠎ᠤᠨ ᠥᠪᠡᠷᠮᠢᠴᠡ ᠪᠦᠲᠦᠭᠡᠯᠴᠢ ᠰᠡᠳᠬᠢᠮᠵᠢ ᠪᠠ ᠨᠥᠯᠥᠭᠡᠯᠡᠬᠦ ᠬᠦᠴᠦᠨ᠎ᠲᠠᠢ ᠪᠠᠶ᠋ᠢᠵᠤ᠂ ᠠᠳᠠᠯᠢ ᠪᠤᠰᠤ ᠬᠦᠯᠢᠶᠡᠨ ᠠᠪᠤᠭᠴᠢᠳ᠎ᠤᠨ ᠨᠡᠶ᠋ᠢᠳᠡᠮ᠎ᠤᠨ ᠵᠥᠪᠰᠢᠶᠡᠷᠡᠯ᠎ᠢ ᠤᠯᠬᠤ ᠬᠡᠷᠡᠭᠳᠡᠢ᠃
       2 . ᠪᠦᠲᠦᠭᠡᠯ᠎ᠤᠨ ᠬᠡᠷᠡᠭᠯᠡᠭᠳᠡᠬᠦ ᠬᠡᠪᠴᠢᠶ᠎ᠡ
      (1) ᠵᠢᠷᠤᠭ ᠲᠥᠯᠥᠪᠯᠡᠭᠡ ᠵᠢᠨ ᠪᠦᠲᠦᠭᠡᠯ᠎ᠢ ᠡᠷᠬᠡᠪᠰᠢ ᠡᠯ᠎ᠡ ᠲᠥᠷᠥᠯ᠎ᠤᠨ ᠦᠵᠡᠭᠦᠯᠦᠯᠭᠡ ᠵᠢᠨ

ᠰᠠᠮᠪᠠᠷ᠎ᠠ᠂ ᠵᠠᠷ ᠮᠡᠳᠡᠭᠡ᠂ ᠨᠣᠮ ᠰᠣᠨᠢᠨ᠂ ᠵᠢᠷᠤᠭᠲᠤ ᠳᠡᠪᠲᠡᠷ᠂ ᠰᠣᠶᠣᠯ᠎ᠤᠨ ᠡᠭᠦᠳᠦᠯᠲᠡ ᠵᠡᠷᠭᠡ ᠲᠠᠯ᠎ᠠ ᠵᠢᠨ ᠬᠡᠪᠯᠡᠯ ᠪᠠ ᠰᠦᠷᠴᠢᠨ ᠵᠢᠷᠤᠬᠤ᠎ᠳᠤ ᠬᠡᠷᠡᠭᠯᠡᠵᠦ ᠪᠣᠯᠤᠨ᠎ᠠ᠃ ᠶᠠᠮᠠᠷᠪᠠ ᠥᠩᠭᠡ᠂ ᠮᠠᠲ᠋ᠧᠷᠢᠶᠠᠯ᠂ ᠶᠡᠬᠡ ᠪᠠᠭ᠎ᠠ᠂ ᠬᠠᠪᠲᠠᠭ᠋ᠠᠶ ᠪᠤᠶᠤ ᠪᠡᠶᠡᠲᠦ᠂ ᠲᠣᠭᠲᠠᠩᠭᠤᠶ ᠪᠤᠶᠤ ᠬᠥᠳᠡᠯᠦᠩᠭᠦᠶ ᠠᠴᠢᠶᠠᠯᠠᠭᠴᠢ᠎ᠳᠤ ᠢᠯᠡᠷᠡᠬᠦ ᠦᠶᠡᠰ᠂ ᠵᠢᠷᠤᠭ ᠲᠥᠯᠥᠪᠯᠡᠭᠡ ᠵᠢᠨ ᠪᠦᠬᠦᠯᠢ ᠴᠣᠭᠴᠠ ᠵᠢᠨ ᠬᠠᠷᠠᠭ᠋ᠠᠨ ᠰᠡᠷᠡᠯ᠎ᠤᠨ ᠭᠤᠸ᠎ᠠ ᠰᠠᠶ᠋ᠢᠬᠠᠨ᠎ᠤ ᠮᠡᠳᠡᠷᠡᠮᠵᠢ ᠪᠠ ᠢᠯᠡᠷᠡᠭᠦᠯᠬᠦ ᠴᠢᠳᠠᠪᠤᠷᠢ ᠵᠢ ᠨᠥᠯᠥᠭᠡᠯᠡᠬᠦ ᠥᠬᠡᠶ ᠪᠥᠭᠡᠳ ᠪᠣᠶ ᠪᠥᠬᠥᠶ ᠤᠷ᠎ᠠ ᠴᠢᠳᠠᠪᠤᠷᠢ ᠵᠢᠨ ᠬᠦᠷᠢᠶᠡᠨ᠎ᠳᠤ ᠤᠷᠲᠤᠳᠬᠠᠨ ᠬᠡᠷᠡᠭᠯᠡᠬᠦ ᠵᠢ ᠪᠣᠳᠣᠯᠬᠢᠯᠠᠬᠤ ᠬᠡᠷᠡᠭᠲᠡᠶ᠃ 
       (2) ᠪᠦᠲᠦᠭᠡᠯ᠎ᠢ ᠵᠢᠷᠤᠵᠤ ᠲᠥᠯᠥᠪᠯᠡᠬᠦ᠎ᠳᠡᠭᠡᠨ ᠵᠠᠭᠤᠴᠢ ᠵᠢᠨ ᠰᠢᠯᠵᠢᠭᠦᠯᠦᠨ ᠨᠡᠶ᠋ᠢᠲᠡᠯᠡᠬᠦ᠂ ᠤᠯᠠᠮᠵᠢᠯᠠᠨ ᠲᠠᠷᠬᠠᠭ᠋ᠠᠬᠤ ᠬᠡᠷᠡᠭᠴᠡᠭᠡ᠎ᠳᠤ ᠵᠣᠬᠢᠴᠠᠭᠤᠯᠵᠤ᠂ ᠪᠣᠳᠠᠲᠠᠢ ᠬᠡᠷᠡᠭᠯᠡᠯᠲᠡ ᠳᠤᠮᠳᠠ ᠰᠠᠶ᠋ᠢᠨ ᠰᠠᠶ᠋ᠢᠬᠠᠨ ᠬᠠᠷᠠᠭ᠋ᠠᠨ ᠰᠡᠷᠡᠯ ᠪᠤᠶᠤ ᠰᠣᠨᠣᠷ᠎ᠤᠨ ᠰᠡᠷᠡᠯ᠎ᠤᠨ ᠦᠷ᠎ᠡ ᠳ᠋ᠦᠩ᠎ᠲᠠᠢ ᠪᠠᠶ᠋ᠢᠬᠤ ᠬᠡᠷᠡᠭᠲᠡᠢ᠃
       3 . ᠬᠦᠷᠭᠡᠬᠦ ᠱᠠᠭ᠋ᠠᠷᠳᠠᠯᠭ᠎ᠠ
       ᠪᠦᠲᠦᠭᠡᠯ᠎ᠤᠨ ᠵᠢᠷᠤᠭ ᠲᠥᠯᠥᠪᠯᠡᠭᠡ ᠵᠢ ᠡᠯᠧᠺᠲᠷᠣᠨ ᠡᠬᠡ ᠪᠢᠴᠢᠭ᠎ᠤᠨ ᠬᠡᠯᠪᠡᠷᠢ᠎ᠪᠠᠷ ᠳᠡᠭᠡᠭᠰᠢ

ᠲᠤᠰᠢᠶᠠᠨ᠎ᠠ᠂ ᠡᠭᠦᠨ᠎ᠳᠤ ᠡᠷᠬᠡᠪᠰᠢ 200-500 ᠥᠰᠥᠭ᠎ᠤᠨ ᠵᠢᠷᠤᠭ ᠲᠥᠯᠥᠪᠯᠡᠭᠡ ᠵᠢᠨ ᠲᠣᠳᠣᠷᠬᠠᠶ᠋ᠢᠯᠠᠯᠲᠠ ᠳᠠᠭ᠋ᠠᠯᠳᠤᠭᠤᠯᠬᠤ ᠬᠡᠷᠡᠭᠲᠡᠶ᠂ ᠡᠭᠦᠨ᠎ᠳᠤ᠄ ᠪᠦᠲᠦᠭᠡᠯ᠎ᠤᠨ ᠨᠡᠷᠡᠶ᠋ᠢᠳᠦᠯ (ᠭᠤᠤᠯᠳᠠᠭᠤ ᠭᠤᠤᠯ ᠰᠡᠳᠦᠪᠲᠦ ᠳᠠᠭᠤᠤ᠂ ᠥᠯᠵᠡᠶ᠋ᠢᠲᠦ ᠪᠣᠳᠠᠰ᠎ᠢ ᠵᠢᠭ᠋ᠠᠵᠤ ᠪᠣᠶ)᠂ ᠵᠣᠬᠢᠶᠠᠨ ᠪᠦᠲᠦᠭᠡᠬᠦ ᠣᠶ᠋ᠢᠯᠠᠭ᠋ᠠᠭᠳᠠᠬᠤᠨ᠂ ᠪᠦᠲᠦᠭᠡᠯ᠎ᠤᠨ ᠤᠳᠬ᠎ᠠ᠂ ᠵᠢᠷᠤᠭ ᠲᠥᠯᠥᠪᠯᠡᠭᠡ ᠵᠢᠨ ᠠᠭᠤᠯᠤᠭᠳᠠᠬᠤᠨ᠂ ᠵᠠᠩ ᠠᠭ᠋ᠠᠰᠢ ᠥᠪᠡᠷᠮᠢᠴᠡ ᠴᠢᠨᠠᠷ (ᠭᠤᠤᠯᠳᠠᠭᠤ ᠥᠯᠵᠡᠶ᠋ᠢᠲᠦ ᠪᠣᠳᠠᠰ᠎ᠢ ᠵᠢᠭ᠋ᠠᠵᠤ ᠪᠣᠶ)᠂ ᠠᠬᠤᠶ ᠪᠠᠶ᠋ᠢᠳᠠᠯ᠎ᠤᠨ ᠥᠯᠢᠭᠡᠷ ᠵᠡᠷᠭᠡ ᠵᠢ ᠪᠠᠭᠲᠠᠭ᠋ᠠᠬᠤ ᠪᠤᠯᠪᠠᠴᠦ ᠬᠢᠵᠠᠭ᠋ᠠᠷᠯᠠᠭᠳᠠᠬᠤ ᠥᠬᠡᠶ᠃ 
       ᠳᠥᠷᠪᠡ᠂ ᠱᠠᠩᠨᠠᠯ᠎ᠤᠨ ᠲᠣᠬᠢᠷᠠᠭᠤᠯᠤᠯᠲᠠ
      (ᠨᠢᠭᠡ) ᠲᠣᠰ ᠤᠳᠠᠭ᠋ᠠᠨ᠎ᠤ ᠠᠵᠢᠯᠯᠠᠭ᠎ᠠ᠎ᠨᠢ ᠤᠷᠤᠯᠳᠤᠭ᠋ᠠᠨ᠎ᠤ ᠲᠡᠮᠳᠡᠭ᠂ ᠤᠷᠤᠯᠳᠤᠭ᠋ᠠᠨ᠎ᠤ ᠭᠤᠤᠯ ᠰᠡᠳᠦᠪᠲᠦ ᠳᠠᠭᠤᠤ ᠪᠠ ᠤᠷᠤᠯᠳᠤᠭ᠋ᠠᠨ᠎ᠤ ᠥᠯᠵᠡᠶ᠋ᠢᠲᠦ ᠪᠤᠳᠠᠰ᠎ᠤᠨ ᠡᠯᠰᠡᠭᠳᠡᠭᠰᠡᠨ ᠪᠦᠲᠦᠭᠡᠯ᠎ᠠᠴᠠ ᠲᠣᠰ ᠲᠣᠰ 5 ᠨᠡᠷ᠎ᠡ ᠳᠤᠷᠠᠳᠤᠭᠰᠠᠨ ᠪᠦᠲᠦᠭᠡᠯ᠎ᠢ ᠰᠢᠭᠰᠢᠨ ᠰᠣᠩᠭᠣᠵᠤ᠂ ᠲᠤᠰᠬᠠᠶ ᠮᠡᠷᠭᠡᠵᠢᠯᠲᠡᠨ᠎ᠤ ᠰᠢᠯᠭ᠋ᠠᠷᠠᠭᠤᠯᠤᠯᠲᠠ᠎ᠪᠠᠷ ᠳᠡᠮᠵᠢᠨ ᠲᠣᠰ ᠲᠣᠰ ᠰᠢᠯᠢᠳᠡᠭ ᠰᠠᠢ᠌ᠨ ᠪᠦᠲᠦᠭᠡᠯ 1 ᠪᠠ ᠰᠢᠯᠢᠳᠡᠭ ᠪᠦᠲᠦᠭᠡᠯ 2᠎ᠢ ᠰᠢᠯᠭ᠋ᠠᠷᠠᠭᠤᠯᠤᠨ ᠭᠠᠷᠭ᠋ᠠᠨ᠎ᠠ᠃
       (ᠬᠣᠶᠠᠷ) ᠰᠢᠯᠢᠳᠡᠭ ᠰᠠᠢ᠌ᠨ ᠪᠦᠲᠦᠭᠡᠯ᠎ᠤᠨ ᠵᠣᠬᠢᠶᠠᠭᠴᠢ 1 ᠲᠦᠮᠡᠨ ᠲᠥᠭᠥᠷᠢᠭ᠎ᠤᠨ ᠠᠷᠠᠳ᠎ᠤᠨ ᠵᠣᠭᠣᠰ᠎ᠤᠨ ᠵᠢᠷᠤᠭ ᠲᠥᠯᠥᠪᠯᠡᠭᠡ ᠵᠢᠨ ᠵᠠᠷᠤᠳᠠᠯ ᠪᠠ ᠦᠨᠡᠮᠯᠡᠯ᠎ᠤᠨ ᠬᠥᠬᠢᠭᠦᠯᠦᠯ᠎ᠢ ᠣᠯᠵᠤ ᠪᠣᠯᠤᠨ᠎ᠠ᠂ ᠲᠡᠭᠦᠨ᠎ᠤ ᠪᠦᠲᠦᠭᠡᠯ᠎ᠢ ᠤᠷᠤᠯᠳᠤᠭ᠋ᠠᠨ᠎ᠤ ᠬᠠᠷᠠᠭ᠋ᠠᠨ ᠰᠡᠷᠡᠯ᠎ᠤᠨ ᠵᠢᠷᠤᠭ ᠲᠥᠯᠥᠪᠯᠡᠭᠡ ᠪᠠ ᠤᠬᠠᠭᠤᠯᠭ᠎ᠠ᠎ᠳᠤ ᠬᠡᠷᠡᠭᠯᠡᠵᠦ

ᠪᠣᠯᠤᠨ᠎ᠠ; ᠰᠢᠯᠢᠳᠡᠭ ᠪᠦᠲᠦᠭᠡᠯ᠎ᠤᠨ ᠵᠣᠬᠢᠶᠠᠭᠴᠢ᠎ᠨᠢ ᠠᠷᠠᠳ᠎ᠤᠨ ᠵᠣᠭᠣᠰ ᠵᠶ᠋ᠠᠷ 2 ᠮᠢᠩᠭ᠋ᠠᠨ ᠲᠥᠭᠥᠷᠢᠭ᠎ᠤᠨ ᠵᠢᠷᠤᠭ ᠲᠥᠯᠥᠪᠯᠡᠭᠡᠨ᠎ᠤ ᠵᠠᠷᠤᠳᠠᠯ ᠪᠠ ᠦᠨᠡᠮᠯᠡᠯ᠎ᠤᠨ ᠬᠥᠬᠢᠭᠦᠯᠦᠯ᠎ᠢ ᠣᠯᠵᠤ ᠪᠣᠯᠤᠨ᠎ᠠ;
        (ᠭᠤᠷᠪᠠ) ᠪᠤᠰᠤᠳ ᠵᠦᠢ᠍ᠯ᠄ ᠳᠡᠭᠡᠷ᠎ᠡ ᠳᠤᠷᠠᠳᠤᠭᠰᠠᠨ ᠱᠠᠩᠨᠠᠯ ᠬᠥᠬᠢᠭᠦᠯᠦᠯ ᠪᠣᠯ ᠭᠠᠶ᠋ᠢᠯᠢ ᠲᠤᠰᠢᠶᠠᠬᠤ᠎ᠠᠴᠠ ᠡᠮᠦᠨᠡᠬᠢ ᠵᠣᠭᠣᠰ᠎ᠤᠨ ᠲᠣᠭ᠎ᠠ ᠪᠠᠶ᠋ᠢᠵᠤ᠂ ᠪᠦᠲᠦᠭᠡᠯ ᠵᠶ᠋ᠡᠷ ᠨᠢᠭᠡᠴᠢ ᠪᠣᠯᠭ᠋ᠠᠨ᠎ᠠ᠃
      ᠲᠠᠪᠤ᠂ ᠵᠣᠬᠢᠶᠠᠯ ᠪᠦᠲᠦᠭᠡᠯ᠎ᠢ ᠳᠡᠪᠰᠢᠭᠦᠯᠬᠦ 
      ᠡᠯᠰᠡᠭᠳᠡᠭᠰᠡᠨ ᠪᠦᠲᠦᠭᠡᠯ᠎ᠢ ᠡᠯᠧᠺᠲᠷᠣᠨ ᠲᠠᠩᠰᠠ ᠡᠪᠬᠡᠮᠡᠯ᠎ᠤᠨ ᠬᠡᠯᠪᠡᠷᠢ᠎ᠪᠠᠷ ᠬᠦᠷᠭᠡᠵᠦ᠂ ᠰᠢᠤᠳᠠᠨ᠎ᠤ ᠵᠦᠢ᠍ᠯ᠎ᠳᠤ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠡᠮᠳᠡᠭ᠂ ᠤᠷᠤᠯᠳᠤᠭ᠋ᠠᠨ᠎ᠤ ᠭᠤᠤᠯ ᠰᠡᠳᠦᠪᠲᠦ ᠳᠠᠭᠤᠤ ᠪᠠ ᠤᠷᠤᠯᠳᠤᠭ᠋ᠠᠨ᠎ᠤ ᠥᠯᠵᠡᠶ᠋ᠢᠲᠦ ᠪᠤᠳᠠᠰ᠎ᠤᠨ ᠡᠯᠰᠡᠯᠳᠡ》ᠭᠡᠵᠦ ᠲᠣᠳᠣᠷᠬᠠᠶ᠋ᠢᠯᠠᠬᠤ ᠵᠢᠨ ᠬᠠᠮᠲᠤ ᠳᠤᠤᠷᠠᠬᠢ ᠮᠡᠲᠦ ᠱᠠᠭ᠋ᠠᠷᠳᠠᠯᠭ᠎ᠠ᠎ᠳᠤ  ᠨᠡᠢ᠌ᠴᠡᠬᠦ ᠬᠡᠷᠡᠭᠳᠡᠢ᠄ 
       (ᠨᠢᠭᠡ) ᠮᠠᠲ᠋ᠧᠷᠢᠶᠠᠯ᠎ᠤᠨ ᠨᠠᠷᠢᠨ ᠬᠠᠭᠤᠳᠠᠰᠤ᠎ᠪᠠᠨ ᠲᠤᠰᠢᠶᠠᠨ᠎ᠠ
       1 .《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ  ᠠᠵᠢᠯ ᠮᠡᠷᠭᠡᠵᠢᠯ᠎ᠤᠨ  ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠡᠮᠳᠡᠭ᠂ ᠭᠤᠤᠯ ᠰᠡᠳᠦᠪᠲᠦ ᠳᠠᠭᠤᠤ ᠪᠣᠯᠤᠨ ᠥᠯᠵᠡᠶ᠋ᠢᠲᠦ ᠪᠤᠳᠠᠰ᠎ᠤᠨ ᠡᠯᠰᠡᠭᠳᠡᠬᠦ ᠪᠦᠲᠦᠭᠡᠯ᠎ᠤᠨ ᠵᠣᠬᠢᠶᠠᠯ ᠪᠦᠲᠦᠭᠡᠯ᠎ᠤᠨ ᠡᠷᠬᠡ ᠵᠢ ᠨᠤᠳᠠᠯᠠᠬᠤ ᠪᠢᠴᠢᠭ》 (ᠳᠠᠭ᠋ᠠᠯᠳᠤᠭᠤᠯᠤᠯ 1᠎ᠳᠤ ᠦᠵᠡ)
       2 .《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ  ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠡᠮᠳᠡᠭ᠂ ᠭᠣᠣᠯ ᠰᠡᠳᠦᠪᠲᠦ ᠳᠠᠭᠤᠤ ᠪᠣᠯᠤᠨ ᠥᠯᠵᠡᠶ᠋ᠢᠲᠦ ᠪᠤᠳᠠᠰ᠎ᠤᠨ ᠵᠢᠷᠤᠭ ᠲᠦᠯᠦᠪᠯᠡᠭᠡ ᠡᠯᠰᠡᠬᠦ ᠠᠵᠢᠯᠯᠠᠭ᠎ᠠ ᠵᠢᠨ ᠨᠡᠷ᠎ᠡ ᠮᠡᠳᠡᠭᠦᠯᠬᠦ ᠬᠦᠰᠦᠨᠦᠭᠲᠦ》 (ᠳᠠᠭ᠋ᠠᠯᠳᠤᠭᠤᠯᠤᠯ 2᠎ᠲᠤ ᠦᠵᠡ)
        3 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠡᠮᠳᠡᠭ᠂ ᠤᠷᠤᠯᠳᠤᠭ᠋ᠠᠨ᠎ᠤ ᠭᠤᠤᠯ ᠰᠡᠳᠦᠪᠲᠦ ᠳᠠᠭᠤᠤ ᠪᠠ ᠤᠷᠤᠯᠳᠤᠭ᠋ᠠᠨ᠎ᠤ ᠥᠯᠵᠡᠶ᠋ᠢᠲᠦ ᠪᠤᠳᠠᠰ᠎ᠤᠨ ᠵᠢᠷᠤᠭ ᠲᠥᠯᠥᠪᠯᠡᠭᠡ ᠵᠢᠨ ᠥᠯᠢᠭᠡᠷ ᠵᠢᠷᠤᠭ (ᠤᠷᠤᠯᠳᠤᠭ᠋ᠠᠨ᠎ᠤ

ᠲᠡᠮᠳᠡᠭ᠂ ᠤᠷᠤᠯᠳᠤᠭ᠋ᠠᠨ᠎ᠤ ᠥᠯᠵᠡᠶ᠋ᠢᠲᠦ ᠪᠤᠳᠠᠰ᠎ᠤᠨ ᠵᠢᠷᠤᠭ ᠲᠦᠯᠦᠪᠯᠡᠭᠡ᠎ᠳᠤ ᠤᠷᠤᠯᠴᠠᠬᠤ ᠵᠢᠷᠤᠭ ᠲᠥᠯᠥᠪᠯᠡᠭᠴᠢ ᠲᠤᠰᠢᠶᠠᠬᠤ ᠬᠡᠷᠡᠭᠲᠡᠶ)
       4 . ᠡᠯᠰᠡᠭᠳᠡᠬᠦ ᠪᠦᠲᠦᠭᠡᠯ᠎ᠤᠨ ᠵᠣᠬᠢᠶᠠᠭᠴᠢ᠎ᠠᠴᠠ ᠭᠠᠷ᠎ᠤᠨ ᠥᠰᠥᠭ ᠵᠢᠷᠤᠭᠰᠠᠨ (ᠪᠤᠶᠤ ᠲᠠᠮᠠᠭ᠎ᠠ ᠳᠠᠷᠤᠭᠰᠠᠨ) 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠡᠮᠳᠡᠭ᠂ ᠭᠤᠤᠯ ᠰᠡᠳᠦᠪᠲᠦ ᠳᠠᠭᠤᠤ ᠪᠠ ᠥᠯᠵᠡᠶ᠋ᠢᠲᠦ ᠪᠤᠳᠠᠰ᠎ᠤᠨ ᠵᠢᠷᠤᠭ ᠲᠥᠯᠥᠪᠯᠡᠭᠡ ᠵᠢᠨ ᠡᠯᠰᠡᠭᠳᠡᠬᠦ ᠪᠦᠲᠦᠭᠡᠯ᠎ᠤᠨ ᠵᠣᠬᠢᠶᠠᠯ ᠪᠦᠲᠦᠭᠡᠯ᠎ᠤᠨ ᠡᠷᠬᠡ ᠵᠢ ᠨᠤᠳᠠᠯᠠᠬᠤ ᠪᠢᠴᠢᠭ》᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠡᠮᠳᠡᠭ᠂ ᠭᠤᠤᠯ ᠰᠡᠳᠦᠪᠲᠦ ᠳᠠᠭᠤᠤ ᠪᠠ ᠥᠯᠵᠡᠶ᠋ᠢᠲᠦ ᠪᠤᠳᠠᠰ᠎ᠤᠨ ᠵᠢᠷᠤᠭ ᠲᠥᠯᠥᠪᠯᠡᠭᠡ ᠡᠯᠰᠡᠬᠦ ᠠᠵᠢᠯᠯᠠᠭ᠎ᠠ ᠵᠢᠨ ᠨᠡᠷ᠎ᠡ ᠮᠡᠳᠡᠭᠦᠯᠬᠦ ᠬᠦᠰᠦᠨᠦᠭᠲᠦ》 ᠵᠢᠨ ᠴᠠᠭ᠋ᠠᠰᠤᠨ ᠬᠡᠪᠯᠡᠯ᠎ᠤᠨ ᠰᠢᠷᠪᠢᠭᠰᠡᠨ ᠮᠠᠲ᠋ᠧᠷᠢᠶᠠᠯ (ᠪᠤᠶᠤ ᠬᠡᠷᠡᠯ ᠵᠢᠷᠤᠭ)
       (ᠬᠣᠶᠠᠷ) ᠮᠠᠲ᠋ᠧᠷᠢᠶᠠᠯ ᠲᠤᠰᠢᠶᠠᠬᠤ ᠱᠠᠭ᠋ᠠᠷᠳᠠᠯᠭ᠎ᠠ 
       1 . ᠤᠷᠤᠯᠳᠤᠭ᠋ᠠᠨ᠎ᠤ ᠲᠡᠮᠳᠡᠭ᠂ ᠤᠷᠤᠯᠳᠤᠭ᠋ᠠᠨ᠎ᠤ ᠥᠯᠵᠡᠶ᠋ᠢᠲᠦ ᠪᠤᠳᠠᠰ᠎ᠤᠨ ᠵᠢᠷᠤᠭ ᠲᠥᠯᠥᠪᠯᠡᠭᠡ ᠵᠢᠨ ᠪᠦᠲᠦᠭᠡᠯ᠎ᠢ ᠵᠢᠷᠤᠭ᠎ᠤᠨ ᠬᠡᠯᠪᠡᠷᠢ᠎ᠪᠠᠷ ᠲᠤᠰᠢᠶᠠᠵᠤ᠂ ᠨᠠᠷᠢᠯᠢᠭ᠎ᠤᠨ ᠬᠡᠮᠵᠢᠶ᠎ᠡ ᠵᠢ 2480 * 3508 ᠳᠦᠷᠰᠦᠨ ᠡᠯᠧᠮᠧᠨ᠋ᠲ (ᠪᠣᠰᠣᠭ᠎ᠠ ᠪᠠᠷᠯᠠᠯ)᠂ 300 dpi (ᠳᠠᠩ ᠬᠠᠭᠤᠳᠠᠰᠤ jpg   3 M ᠎ᠠᠴᠠ ᠪᠠᠭ᠎ᠠ ᠦᠭᠡᠢ) ᠃ ᠵᠢᠷᠤᠭ᠎ᠨᠢ JPG ᠪᠣᠯᠤᠨ PDF ᠬᠣᠶᠠᠷ ᠵᠦᠢ᠍ᠯ᠎ᠤᠨ ᠬᠡᠯᠪᠡᠷᠢ ᠬᠠᠩᠭ᠋ᠠᠬᠤ ᠵᠢ ᠱᠠᠭ᠋ᠠᠷᠳᠠᠵᠤ᠂ JPG ᠵᠢ RAR ᠬᠡᠯᠪᠡᠷᠢ᠎ᠪᠠᠷ ᠠᠪᠴᠢᠭᠤᠯᠵᠤ ᠪᠣᠭᠣᠳᠠᠯᠯᠠᠨ᠎ᠠ᠂ PDF ᠵᠢ ᠳᠠᠩ ᠪᠠᠷᠯᠠᠭᠰᠠᠨ ᠪᠢᠴᠢᠭ ᠮᠠᠲ᠋ᠧᠷᠢᠶᠠᠯ ᠵᠶ᠋ᠠᠷ ᠲᠤᠰᠢᠶᠠᠨ᠎ᠠ᠂ ᠶᠡᠬᠡ ᠪᠠᠭ᠎ᠠ᠎ᠨᠢ (ᠨᠢᠭᠤᠷ᠎ᠤᠨ ᠲᠣᠭ᠎ᠠ* 3) M᠎ᠠᠴᠠ ᠬᠡᠲᠦᠷᠡᠵᠦ ᠪᠣᠯᠬᠤ ᠦᠭᠡᠢ᠂ ᠬᠠᠮᠤᠭ᠎ᠤᠨ ᠶᠡᠬᠡ᠎ᠳᠡᠭᠡᠨ 10 ᠨᠢᠭᠤᠷ᠎ᠠᠴᠠ ᠬᠡᠲᠦᠷᠡᠵᠦ ᠪᠣᠯᠬᠤ ᠦᠭᠡᠢ᠃
         2 . ᠤᠷᠤᠯᠳᠤᠭ᠋ᠠᠨ᠎ᠤ ᠭᠤᠤᠯ ᠰᠡᠳᠦᠪᠲᠦ ᠳᠠᠭᠤᠤ ᠵᠢᠨ ᠪᠦᠲᠦᠭᠡᠯ᠎ᠢ ᠪᠦᠷᠢᠨ ᠪᠦᠲᠦᠨ ᠲᠠᠭᠤᠨ ᠳᠠᠪᠲᠠᠮᠵᠢ ᠪᠤᠶᠤ ᠸᠢᠳᠢᠣ᠋ ᠵᠢᠨ ᠬᠡᠯᠪᠡᠷᠢ (MP 3 ᠪᠤᠶᠤ WAV ᠵᠠᠭᠪᠤᠷ ᠵᠶ᠋ᠠᠷ ᠬᠢᠵᠠᠭ᠋ᠠᠷᠯᠠᠨ᠎ᠠ)᠎ᠪᠠᠷ ᠲᠤᠰᠢᠶᠠᠵᠤ᠂ ᠳᠠᠭᠤᠤ ᠵᠢᠨ ᠨᠡᠷᠡᠶ᠋ᠢᠳᠦᠯ᠂ ᠳᠠᠭᠤᠤ ᠵᠢᠨ ᠦᠭᠡ᠂ ᠠᠶᠠᠯᠭᠤ ᠵᠢᠨ ᠨᠣᠲ᠂ ᠦᠭᠡ ᠠᠶ᠎ᠠ ᠵᠢᠨ ᠵᠣᠬᠢᠶᠠᠭᠴᠢ ᠪᠠ ᠳᠠᠭᠤᠯᠠᠭᠴᠢ ᠵᠢᠨ ᠲᠣᠳᠣᠷᠬᠠᠶ᠋ᠢᠯᠠᠯᠲᠠ ᠵᠢ ᠳᠠᠭ᠋ᠠᠯᠳᠤᠭᠤᠯᠵᠤ᠂ ᠲᠤᠰᠠᠭ᠋ᠠᠷ ᠳᠠᠭᠤᠤ ᠵᠢᠨ ᠦᠭᠡ ᠪᠤᠶᠤ ᠠᠶᠠᠯᠭᠤ ᠵᠢᠨ ᠨᠣᠲ᠎ᠢ ᠭᠥᠯᠢᠶᠡᠨ ᠠᠪᠬᠤ ᠥᠬᠡᠶ᠃
       3 . ᠵᠢᠷᠤᠭ ᠲᠥᠯᠥᠪᠯᠡᠭᠡ ᠵᠢᠨ ᠪᠦᠲᠦᠭᠡᠯ᠎ᠤᠨ ᠠᠭᠤᠯᠭ᠎ᠠ ᠵᠢ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠡᠮᠳᠡᠭ᠂ ᠭᠤᠤᠯ ᠰᠡᠳᠦᠪᠲᠦ ᠳᠠᠭᠤᠤ ᠪᠠ ᠥᠯᠵᠡᠶ᠋ᠢᠲᠦ ᠪᠤᠳᠠᠰ᠎ᠤᠨ ᠵᠢᠷᠤᠭ ᠲᠦᠯᠦᠪᠯᠡᠭᠡ ᠡᠯᠰᠡᠬᠦ ᠠᠵᠢᠯᠯᠠᠭ᠎ᠠ ᠵᠢᠨ ᠨᠡᠷ᠎ᠡ ᠮᠡᠳᠡᠭᠦᠯᠬᠦ ᠬᠦᠰᠦᠨᠦᠭᠲᠦ》᠎ᠳᠤ ᠲᠤᠰᠢᠶᠠᠨ᠎ᠠ᠃ 
       4 . ᠡᠬᠡ ᠪᠢᠴᠢᠭ ᠥᠭᠭᠦᠭᠴᠢ᠎ᠠᠴᠠ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠡᠮᠳᠡᠭ᠂ ᠭᠤᠤᠯ ᠰᠡᠳᠦᠪᠲᠦ ᠳᠠᠭᠤᠤ ᠪᠠ ᠥᠯᠵᠡᠶ᠋ᠢᠲᠦ ᠪᠤᠳᠠᠰ᠎ᠤᠨ ᠵᠢᠷᠤᠭ ᠲᠥᠯᠥᠪᠯᠡᠭᠡ ᠡᠯᠰᠡᠬᠦ ᠠᠵᠢᠯᠯᠠᠭ᠎ᠠ ᠵᠢᠨ ᠨᠡᠷ᠎ᠡ ᠮᠡᠳᠡᠭᠦᠯᠬᠦ ᠬᠦᠰᠦᠨᠦᠭᠲᠦ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠡᠮᠳᠡᠭ᠂ ᠭᠤᠤᠯ ᠰᠡᠳᠦᠪᠲᠦ ᠳᠠᠭᠤᠤ ᠪᠠ ᠥᠯᠵᠡᠶ᠋ᠢᠲᠦ ᠪᠤᠳᠠᠰ᠎ᠤᠨ ᠵᠢᠷᠤᠭ ᠲᠥᠯᠥᠪᠯᠡᠭᠡ ᠵᠢᠨ ᠡᠯᠰᠡᠭᠳᠡᠬᠦ ᠪᠦᠲᠦᠭᠡᠯ᠎ᠤᠨ ᠵᠣᠬᠢᠶᠠᠯ ᠪᠦᠲᠦᠭᠡᠯ᠎ᠤᠨ ᠡᠷᠬᠡ ᠵᠢ ᠨᠤᠲᠠᠯᠠᠬᠤ ᠪᠢᠴᠢᠭ》᠎ᠤᠨ ᠴᠠᠭ᠋ᠠᠰᠤᠨ ᠬᠡᠪᠯᠡᠯ᠎ᠤᠨ ᠣᠭ ᠮᠠᠲ᠋ᠧᠷᠢᠶᠠᠯ᠂ ᠤᠷᠤᠯᠳᠤᠭ᠋ᠠᠨ᠎ᠤ ᠲᠡᠮᠳᠡᠭ ᠵᠶ᠋ᠡᠨ ᠦᠯᠡᠳᠡᠭᠡᠬᠦ ᠬᠡᠷᠡᠭᠲᠡᠶ᠂ ᠤᠷᠤᠯᠳᠤᠭ᠋ᠠᠨ᠎ᠤ ᠥᠯᠵᠡᠶ᠋ᠢᠲᠦ ᠪᠤᠳᠠᠰ᠎ᠤᠨ ᠵᠢᠷᠤᠭ ᠲᠥᠯᠥᠪᠯᠡᠭᠴᠢ᠎ᠠᠴᠠ ᠬᠡᠪᠯᠡᠨ ᠦᠢ᠍ᠯᠡᠳᠪᠦᠷᠢᠯᠡᠬᠦ᠎ᠳᠤ ᠬᠡᠷᠡᠭᠯᠡᠵᠦ ᠪᠣᠯᠬᠤ ᠣᠷᠣᠨ ᠪᠠᠶ᠋ᠢᠷᠢ ᠵᠢᠨ ᠵᠢᠷᠤᠭ᠎ᠤᠨ ᠢᠷᠡᠯᠲᠡ ᠵᠢᠨ ᠪᠢᠴᠢᠭ ᠮᠠᠲ᠋ᠧᠷᠢᠶᠠᠯ (ᠢᠯᠭ᠋ᠠᠮᠵᠢ 300 dpi ᠎ᠠᠴᠠ ᠳᠡᠭᠡᠭᠰᠢ) ᠪᠤᠶᠤ ᠸᠧᠺᠲ᠋ᠣᠷ ᠢᠷᠡᠯᠲᠡ ᠵᠢᠨ ᠪᠢᠴᠢᠭ ᠮᠠᠲ᠋ᠧᠷᠢᠶᠠᠯ ᠵᠶ᠋ᠠᠨ ᠦᠯᠡᠳᠡᠭᠡᠬᠦ ᠬᠡᠷᠡᠭᠲᠡᠶ᠃ ᠱᠠᠩᠨᠠᠯ ᠬᠦᠷᠲᠡᠭᠴᠢ ᠡᠷᠬᠡᠪᠰᠢ ᠲᠣᠰ ᠡᠬᠢ ᠰᠤᠷᠪᠤᠯᠵᠢ ᠵᠢᠨ ᠪᠢᠴᠢᠭ ᠮᠠᠲ᠋ᠧᠷᠢᠶᠠᠯ᠎ᠢ ᠬᠠᠩᠭ᠋ᠠᠵᠤ ᠵᠣᠬᠢᠶᠠᠨ ᠪᠠᠢ᠌ᠭᠤᠯᠬᠤ ᠺᠣᠮᠢᠰ᠎ᠲᠤ ᠬᠡᠷᠡᠭᠯᠡᠬᠦᠯᠬᠦ ᠬᠡᠷᠡᠭᠲᠡᠶ᠃ ᠭᠤᠤᠯᠯᠠᠨ ᠡᠷᠭᠢᠯᠡᠭᠰᠡᠨ ᠲᠠᠯ᠎ᠠ᠎ᠨᠢ ᠠᠳᠠᠯᠢᠳᠬᠠᠨ ᠰᠢᠯᠭ᠋ᠠᠷᠠᠭᠤᠯᠬᠤ ᠠᠵᠢᠯ ᠳᠠᠭᠤᠰᠤᠭᠰᠠᠨ᠎ᠤ ᠳᠠᠷᠠᠭ᠎ᠠ᠂ ᠱᠠᠩᠨᠠᠯ ᠬᠦᠷᠲᠡᠭᠴᠢ᠎ᠲᠠᠢ ᠴᠠᠭ᠋ᠠᠰᠤᠨ ᠬᠡᠪᠯᠡᠯ᠎ᠤᠨ ᠪᠢᠴᠢᠭ ᠮᠠᠲ᠋ᠧᠷᠢᠶᠠᠯ᠎ᠢ ᠲᠤᠰᠢᠶᠠᠬᠤ ᠪᠠ ᠭᠥᠯᠢᠶᠡᠨ ᠠᠪᠤᠨ᠎ᠠ᠃
       5 . ᠳᠡᠪᠰᠢᠬᠦᠯᠬᠦ ᠪᠦᠲᠦᠭᠡᠯ᠎ᠢ ᠵᠣᠬᠢᠶᠠᠨ ᠪᠦᠲᠦᠭᠡᠬᠦ᠂ ᠰᠢᠷᠪᠢᠬᠦ᠂ ᠳᠠᠷᠤᠮᠠᠯᠯᠠᠬᠤ᠂ ᠰᠢᠤᠳᠠᠨ ᠵᠶ᠋ᠠᠷ ᠢᠯᠡᠭᠡᠬᠦ ᠵᠡᠷᠭᠡ ᠡᠬᠡ ᠪᠢᠴᠢᠭ ᠢᠯᠡᠭᠡᠬᠦ᠎ᠳᠤ ᠣᠷᠣᠯᠴᠠᠭᠰᠠᠨ ᠪᠣᠶ ᠪᠥᠬᠥᠶ ᠵᠠᠷᠤᠳᠠᠯ᠎ᠢ ᠵᠣᠬᠢᠶᠠᠭᠴᠢ ᠥᠪᠡᠷ ᠵᠶ᠋ᠡᠨ 

ᠰᠢᠢ᠍ᠳᠪᠦᠷᠢᠯᠡᠨ᠎ᠡ᠃ 
        ᠵᠢᠷᠭᠤᠭ᠎ᠠ᠂ ᠪᠤᠰᠤᠳ ᠵᠦᠢ᠍ᠯ 
        (ᠨᠢᠭᠡ) ᠲᠣᠰ ᠤᠳᠠᠭ᠋ᠠᠨ᠎ᠤ ᠠᠵᠢᠯᠯᠠᠭ᠎ᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠵᠣᠬᠢᠶᠠᠨ ᠪᠠᠶ᠋ᠢᠭᠤᠯᠬᠤ ᠺᠣᠮᠢᠰ᠎ᠠᠴᠠ ᠭᠤᠤᠯᠯᠠᠨ ᠡᠷᠭᠢᠯᠡᠪᠡ᠃ ᠲᠣᠰ ᠤᠳᠠᠭ᠋ᠠᠨ᠎ᠤ ᠠᠵᠢᠯᠯᠠᠭ᠎ᠠ ᠵᠢᠨ ᠲᠠᠶ᠋ᠢᠯᠪᠤᠷᠢᠯᠠᠬᠤ ᠡᠷᠬᠡ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠵᠣᠬᠢᠶᠠᠨ ᠪᠠᠶ᠋ᠢᠭᠤᠯᠬᠤ ᠺᠣᠮᠢᠰ᠎ᠲᠤ ᠬᠠᠷᠢᠶᠠᠯᠠᠭᠳᠠᠨ᠎ᠠ᠃
        (ᠬᠣᠶᠠᠷ) ᠲᠣᠰ ᠤᠳᠠᠭ᠋ᠠᠨ᠎ᠤ ᠠᠵᠢᠯᠯᠠᠭ᠎ᠠ ᠵᠢᠨ ᠬᠣᠯᠪᠣᠭᠳᠠᠯ ᠪᠥᠬᠥᠶ ᠮᠡᠳᠡᠭᠡ ᠵᠠᠩᠭᠢ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠰᠦᠯᠵᠢᠶ᠎ᠡ᠎ᠪᠠᠷ ᠳᠠᠮᠵᠢᠭᠤᠯᠤᠨ ᠪᠠᠶ᠋ᠢᠴᠠᠭ᠋ᠠᠨ ᠯᠠᠪᠯᠠᠵᠤ ᠪᠣᠯᠤᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠡᠮᠳᠡᠭ᠂ ᠭᠤᠤᠯ ᠰᠡᠳᠦᠪᠲᠦ ᠳᠠᠭᠤᠤ ᠪᠠ ᠥᠯᠵᠡᠶ᠋ᠢᠲᠦ ᠪᠤᠳᠠᠰ᠎ᠤᠨ ᠵᠢᠷᠤᠭ ᠲᠥᠯᠥᠪᠯᠡᠭᠡ ᠡᠯᠰᠡᠬᠦ ᠠᠵᠢᠯᠯᠠᠭ᠎ᠠ ᠵᠢᠨ ᠨᠡᠷ᠎ᠡ ᠮᠡᠳᠡᠭᠦᠯᠬᠦ ᠬᠦᠰᠦᠨᠦᠭᠲᠦ》《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠡᠮᠳᠡᠭ᠂ ᠭᠤᠤᠯ ᠰᠡᠳᠦᠪᠲᠦ ᠳᠠᠭᠤᠤ ᠪᠠ ᠥᠯᠵᠡᠶ᠋ᠢᠲᠦ ᠪᠤᠳᠠᠰ᠎ᠤᠨ ᠵᠢᠷᠤᠭ ᠲᠥᠯᠥᠪᠯᠡᠭᠡ ᠵᠢᠨ ᠡᠯᠰᠡᠭᠳᠡᠬᠦ ᠪᠦᠲᠦᠭᠡᠯ᠎ᠤᠨ ᠵᠣᠬᠢᠶᠠᠯ ᠪᠦᠲᠦᠭᠡᠯ᠎ᠤᠨ ᠡᠷᠬᠡ ᠵᠢ ᠨᠤᠲᠠᠯᠠᠬᠤ ᠪᠢᠴᠢᠭ》᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠡᠯᠰᠡᠬᠦ ᠠᠯᠪᠠᠨ ᠵᠠᠷ᠎ᠤᠨ ᠳᠠᠭ᠋ᠠᠯᠳᠤᠭᠤᠯᠤᠯ᠎ᠠᠴᠠ ᠪᠠᠭᠤᠯᠭ᠋ᠠᠵᠤ ᠪᠣᠯᠤᠨ᠎ᠠ᠃
        (ᠭᠤᠷᠪᠠ) ᠲᠣᠰ ᠤᠳᠠᠭ᠋ᠠᠨ᠎ᠤ ᠡᠯᠰᠡᠨ ᠴᠤᠭᠯᠠᠭᠤᠯᠬᠤ ᠪᠥᠬᠥ ᠶᠠᠪᠤᠴᠠ᠎ᠳᠤ ᠶᠠᠮᠠᠷ ᠴᠤ᠌ ᠰᠦᠢ᠍ᠳᠭᠡᠯ ᠬᠤᠷᠢᠶᠠᠬᠤ ᠥᠬᠡᠶ᠃ ᠱᠠᠩᠨᠠᠯ᠎ᠤᠨ ᠮᠥᠩᠭᠥ᠎ᠠᠴᠠ ᠪᠤᠢ ᠪᠣᠯᠤᠭᠰᠠᠨ ᠭᠠᠶ᠋ᠢᠯᠢ ᠰᠦᠢ᠍ᠳᠬᠡᠯ᠎ᠢ ᠱᠠᠩᠨᠠᠯ ᠬᠦᠷᠳᠡᠭᠴᠢ ᠬᠤᠪᠢ ᠬᠥᠮᠦᠨ ᠡᠭᠦᠷᠭᠡᠯᠡᠨ᠎ᠡ᠃
        (ᠲᠤᠢ᠌ᠷᠪᠡ) ᠡᠯᠰᠡᠭᠳᠡᠭᠰᠡᠨ ᠪᠦᠲᠦᠭᠡᠯ ᠪᠦᠬᠦᠠ᠎ᠢ ᠪᠤᠴᠠᠭ᠋ᠠᠵᠤ ᠥᠭᠬᠦ ᠦᠭᠡᠢ᠂ ᠡᠯᠰᠡᠭᠳᠡᠭᠰᠡᠨ ᠪᠦᠲᠦᠭᠡᠯ᠎ᠤᠨ ᠵᠣᠬᠢᠶᠠᠭᠴᠢ ᠡᠭᠡ ᠨᠤᠤᠷᠡᠬ᠎ᠢ ᠥᠪᠡᠷ ᠵᠶ᠋ᠡᠨ ᠦᠯᠡᠳᠡᠭᠡᠬᠦ ᠬᠡᠷᠡᠭᠲᠡᠢ᠃
         (ᠲᠠᠪᠤ) ᠤᠷᠤᠯᠳᠤᠭ᠋ᠠᠨ᠎ᠳᠤ ᠣᠷᠣᠯᠴᠠᠭᠰᠠᠨ ᠪᠦᠲᠦᠭᠡᠯ᠎ᠤᠨ ᠵᠣᠬᠢᠶᠠᠯ ᠪᠦᠲᠦᠭᠡᠯ᠎ᠤᠨ ᠡᠷᠬᠡ ᠵᠢ ᠳᠤᠮᠳᠠᠳᠤ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠎ᠪᠠᠷ ᠬᠠᠮᠠᠭ᠋ᠠᠯᠠᠨ᠎ᠠ᠂ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠱᠠᠭ᠋ᠠᠷᠳᠠᠯᠭ᠎ᠠ᠎ᠳᠤ ᠨᠡᠶ᠋ᠢᠴᠡᠭᠦᠯᠬᠦ ᠮᠥᠷᠲᠡᠭᠡᠨ ᠪᠦᠷᠢᠨ ᠪᠦᠲᠦᠨ ᠴᠢᠨᠠᠷ᠎ᠢ᠎ᠨᠢ ᠪᠠᠲᠤᠯᠠᠬᠤ ᠴᠢᠬᠤᠯᠠ᠎ᠲᠠᠢ᠂ ᠪᠦᠲᠦᠭᠡᠯ᠎ᠨᠢ ᠡᠷᠬᠡᠪᠰᠢ ᠤᠤᠯ ᠪᠦᠲᠦᠭᠡᠯ ᠪᠠᠶ᠋ᠢᠬᠤ ᠬᠡᠷᠡᠭᠲᠡᠶ᠂ ᠬᠤᠯᠠᠭ᠋ᠠᠶ᠋ᠢᠯᠠᠭᠰᠠᠨ ᠦᠢ᠍ᠯᠡ ᠠᠵᠢᠯᠯᠠᠭ᠎ᠠ ᠦᠭᠡᠶ᠂ ᠤᠷᠢᠳᠠᠪᠠᠷ ᠬᠡᠷᠡᠭᠯᠡᠭᠰᠡᠨ ᠦᠢ᠍ᠯᠡ ᠠᠵᠢᠯᠯᠠᠭ᠎ᠠ ᠦᠭᠡᠶ᠃ ᠤᠷᠤᠯᠳᠤᠭ᠋ᠠᠨ᠎ᠳᠤ ᠣᠷᠣᠯᠴᠠᠭᠰᠠᠨ ᠪᠦᠲᠦᠭᠡᠯ ᠵᠢᠱ᠌ᠢᠶᠡᠯᠡᠪᠡᠯ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠂ ᠬᠡᠪᠯᠡᠯ᠎ᠤᠨ ᠡᠷᠬᠡ ᠵᠢᠨ ᠵᠢᠭᠤᠷᠠᠯᠳᠤᠭ᠋ᠠᠨ ᠪᠤᠶᠤ ᠬᠠᠭᠤᠯᠤᠭᠰᠠᠨ᠎ᠠᠴᠠ ᠪᠣᠯᠤᠭᠰᠠᠨ ᠶᠠᠮᠠᠷᠪᠠ ᠵᠢᠭᠤᠷᠠᠯᠳᠤᠭ᠋ᠠᠨ ᠵᠡᠷᠭᠡ ᠪᠠᠶ᠋ᠢᠪᠠᠯ᠂ ᠭᠤᠤᠯᠯᠠᠨ ᠡᠷᠭᠢᠯᠡᠭᠰᠡᠨ ᠲᠠᠯ᠎ᠠ᠎ᠨᠢ ᠲᠡᠭᠦᠨ᠎ᠤ ᠤᠷᠤᠯᠳᠤᠭ᠋ᠠᠨ᠎ᠳᠤ ᠣᠷᠣᠯᠴᠠᠬᠤ ᠬᠢᠷᠢ ᠬᠡᠮ ᠵᠢᠴᠢ ᠱᠠᠩᠨᠠᠯ ᠣᠯᠤᠭᠰᠠᠨ ᠵᠦᠢ᠍ᠯ᠎ᠢ᠎ᠨᠢ ᠬᠦᠴᠦᠨ ᠥᠬᠡᠶ ᠪᠣᠯᠭ᠋ᠠᠬᠤ ᠡᠷᠬᠡ᠎ᠲᠠᠢ ᠪᠥᠭᠡᠳ ᠤᠷᠤᠯᠳᠤᠭ᠋ᠠᠨ᠎ᠳᠤ ᠣᠷᠣᠯᠴᠠᠭᠴᠢ ᠲᠣᠰ ᠬᠥᠮᠦᠨ᠎ᠨᠢ ᠵᠣᠬᠢᠬᠤ ᠦᠷ᠎ᠡ ᠳ᠋ᠦᠩ ᠡᠭᠦᠷᠭᠡᠯᠡᠨ᠎ᠡ᠃
       (ᠵᠢᠷᠭᠤᠭ᠎ᠠ) ᠱᠠᠩᠨᠠᠯ ᠣᠯᠤᠭᠰᠠᠨ ᠪᠤᠢ ᠪᠦᠬᠦᠢ ᠪᠦᠲᠦᠭᠡᠯ᠎ᠤᠨ ᠨᠡᠷ᠎ᠡ ᠪᠢᠴᠢᠬᠦ ᠡᠷᠬᠡ᠎ᠠᠴᠠ ᠭᠠᠳᠠᠨᠠᠬᠢ ᠠᠯᠢᠪᠠ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ (ᠡᠭᠦᠨ᠎ᠳᠤ ᠲᠡᠮᠳᠡᠭ᠎ᠢ ᠵᠢᠷᠤᠵᠤ ᠲᠥᠯᠥᠪᠯᠡᠭᠰᠡᠨ ᠵᠢᠷᠤᠭ᠎ᠤᠨ ᠡᠭᠡ ᠨᠤᠤᠷᠡᠬ ᠪᠠ ᠵᠢᠷᠤᠵᠤ ᠲᠥᠯᠥᠪᠯᠡᠭᠰᠡᠨ ᠲᠣᠳᠣᠷᠬᠠᠶ᠋ᠢᠯᠠᠯᠲᠠ ᠵᠢᠨ ᠵᠣᠬᠢᠶᠠᠯ ᠪᠦᠲᠦᠭᠡᠯ᠎ᠤᠨ ᠡᠷᠬᠡ᠎ᠳᠤ ᠬᠢᠵᠠᠭ᠋ᠠᠷᠯᠠᠭᠳᠠᠬᠤ ᠤᠢ᠌ᠭᠡᠢ᠂ ᠪᠦᠲᠦᠭᠡᠯ᠎ᠤᠨ ᠪᠦᠬᠦ ᠬᠠᠪᠲᠠᠭ᠋ᠠᠢ᠂ ᠪᠡᠶᠡᠲᠦ ᠴᠣᠭᠴᠠ ᠪᠤᠶᠤ ᠡᠯᠧᠺᠲᠷᠣᠨ ᠠᠴᠢᠶᠠᠯᠠᠪᠤᠷᠢ ᠵᠢᠨ ᠪᠦᠬᠦ ᠡᠷᠬᠡ ᠪᠠᠭᠲᠠᠨ᠎ᠠ)᠎ᠨᠢ ᠳᠠᠷᠤᠢ ᠠᠵᠢᠯᠯᠠᠭ᠎ᠠ ᠵᠢ ᠡᠷᠬᠢᠯᠡᠠ ᠡᠷᠬᠢᠯᠡᠭᠰᠡᠨ ᠨᠢᠭᠡᠴᠢ᠎ᠳᠤ ᠥᠮᠴᠢᠯᠡᠭᠳᠡᠨ᠎ᠡ᠃ ᠭᠤᠤᠯᠯᠠᠨ ᠡᠷᠭᠢᠯᠡᠭᠰᠡᠨ ᠨᠢᠭᠡᠴᠢ ᠱᠠᠩᠨᠠᠯ ᠣᠯᠤᠭᠰᠠᠨ ᠪᠦᠲᠦᠭᠡᠯ᠎ᠢ ᠶᠠᠮᠠᠷᠪᠠ ᠬᠡᠯᠪᠡᠷᠢ᠎ᠪᠠᠷ ᠬᠡᠷᠡᠭᠯᠡᠬᠦ᠂ ᠨᠡᠭᠡᠭᠡᠬᠦ᠂ ᠵᠠᠰᠠᠬᠤ᠂ ᠡᠷᠬᠡ ᠣᠯᠭᠣᠬᠤ᠂ ᠵᠥᠪᠰᠢᠶᠡᠷᠡᠬᠦ ᠪᠤᠶᠤ ᠬᠠᠮᠠᠭ᠋ᠠᠯᠠᠬᠤ ᠵᠢᠴᠢ ᠵᠣᠬᠢᠶᠠᠯ ᠪᠦᠲᠦᠭᠡᠯ᠎ᠤᠨ ᠡᠷᠬᠡ ᠵᠢ ᠳᠠᠩᠰᠠᠯᠠᠬᠤ ᠵᠡᠷᠭᠡ ᠠᠵᠢᠯᠯᠠᠭ᠎ᠠ ᠬᠢᠬᠦ ᠡᠷᠬᠡ᠎ᠲᠠᠢ᠃ 
         (ᠳᠣᠯᠣᠭ᠎ᠠ) ᠲᠡᠮᠳᠡᠭ ᠡᠯᠰᠡᠬᠦ ᠠᠵᠢᠯᠯᠠᠭ᠎ᠠ ᠵᠢ ᠭᠤᠤᠯᠯᠠᠨ ᠡᠷᠬᠢᠯᠡᠭᠰᠡᠨ ᠨᠢᠭᠡᠴᠢ᠎ᠨᠢ ᠲᠤᠰ ᠤᠳᠠᠭ᠋ᠠᠨ᠎ᠤ ᠡᠯᠰᠡᠬᠦ ᠠᠵᠢᠯᠯᠠᠭ᠎ᠠ᠎ᠳᠤ ᠡᠴᠦᠰ᠎ᠤᠨ ᠲᠠᠶ᠋ᠢᠯᠪᠤᠷᠢᠯᠠᠬᠤ ᠡᠷᠬᠡ᠎ᠲᠠᠢ᠃
       ᠬᠠᠷᠢᠯᠴᠠᠬᠤ ᠤᠲᠠᠰᠤ᠄   (0471)   6944261    694451 
       ᠡᠬᠡ ᠪᠢᠴᠢᠭ ᠬᠦᠷᠭᠡᠬᠦ ᠢᠮᠧᠯ᠄  nmjnds@163.com


       ᠳᠠᠭ᠋ᠠᠯᠳᠤᠭᠤᠯᠤᠯ᠄ 1 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠡᠮᠳᠡᠭ᠂ ᠭᠤᠤᠯ ᠰᠡᠳᠦᠪᠲᠦ ᠳᠠᠭᠤᠤ ᠪᠠ ᠥᠯᠵᠡᠶ᠋ᠢᠲᠦ ᠪᠤᠳᠠᠰ᠎ᠤᠨ ᠵᠢᠷᠤᠭ ᠲᠥᠯᠥᠪᠯᠡᠭᠡ ᠵᠢᠨ ᠡᠯᠰᠡᠭᠳᠡᠬᠦ ᠪᠦᠲᠦᠭᠡᠯ᠎ᠤᠨ ᠵᠣᠬᠢᠶᠠᠯ ᠪᠦᠲᠦᠭᠡᠯ᠎ᠤᠨ ᠡᠷᠬᠡ ᠵᠢ ᠨᠤᠲᠠᠯᠠᠬᠤ ᠪᠢᠴᠢᠭ
        2 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠡᠮᠳᠡᠭ᠂ ᠭᠤᠤᠯ ᠰᠡᠳᠦᠪᠲᠦ ᠳᠠᠭᠤᠤ ᠪᠠ ᠥᠯᠵᠡᠶ᠋ᠢᠲᠦ ᠪᠤᠳᠠᠰ᠎ᠤᠨ ᠵᠢᠷᠤᠭ ᠲᠥᠯᠥᠪᠯᠡᠭᠡ ᠡᠯᠰᠡᠬᠦ ᠠᠵᠢᠯᠯᠠᠭ᠎ᠠ ᠵᠢᠨ ᠨᠡᠷ᠎ᠡ ᠮᠡᠳᠡᠭᠦᠯᠬᠦ ᠬᠦᠰᠦᠨᠦᠭᠲᠦ



       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ

       ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ 

             2022 ᠣᠨ᠎ᠤ 3 ᠳ᠋ᠤᠭ᠋ᠠᠷ ᠰᠠᠷ᠎ᠠ ᠵᠢᠨ 29 ᠎ᠤ ᠡᠳᠦᠷ


ᠳᠠᠭ᠋ᠠᠯᠳᠤᠭᠤᠯᠤᠯ

 

ᠢᠷᠡᠯᠲᠡ᠄ ᠦᠪᠣᠷ ᠮᠣᠩᠭᠣᠯ᠎ᠤᠨ ᠬᠦᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠢ᠌ᠬᠡᠮ᠎ᠤᠨ ᠪᠠᠳᠣᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠪᠠᠶ᠋ᠢᠭᠤᠯᠬᠤ ᠵᠢ ᠦᠨᠡᠯᠡᠨ ᠵᠢᠱ᠌ᠢᠭᠰᠡᠨ ᠦᠷ᠎ᠡ ᠳ᠋ᠦᠩ᠎ᠢ ᠵᠠᠷᠯᠠᠨ ᠨᠡᠶ᠋ᠢᠲᠡᠯᠡᠬᠦ ᠲᠤᠬᠠᠶ
ᠥᠪᠡᠷᠲᠡᠭᠡᠨ ᠵᠠᠰᠠᠬᠤ ᠣᠷᠣᠨ᠎ᠤ 2021 ᠣᠨ᠎ᠤ ᠳᠤᠤᠷ᠎ᠠ ᠬᠠᠭ᠋ᠠᠰ ᠵᠢᠯ᠎ᠤᠨ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠡ ᠵᠢᠨ ᠢᠯᠡ᠎ᠪᠠᠷ ᠠᠵᠢᠯᠲᠠᠨ ᠡᠯᠰᠡᠬᠦ ᠲᠥᠷᠥᠯ ᠬᠤᠪᠢᠶᠠᠭᠰᠠᠨ ᠰᠢᠯᠭ᠋ᠠᠯᠲᠠ ᠵᠢᠨ ᠪᠢᠷ᠎ᠤᠨ ᠰᠢᠯᠭ᠋ᠠᠯᠲᠠ ᠵᠢ 4 ᠳ᠋ᠤᠭᠡᠷ ᠰᠠᠷ᠎ᠠ ᠵᠢᠨ 23 ᠎ᠤ ᠡᠳᠦᠷ ᠰᠡᠷᠭᠦᠭᠡᠬᠦ᠎ᠪᠠᠷ ᠲᠣᠭᠲᠠᠪᠠ
2022 ᠣᠨ᠎ᠤ ᠳᠡᠭᠡᠷ᠎ᠡ ᠬᠠᠭ᠋ᠠᠰ ᠵᠢᠯ᠎ᠤᠨ ᠥᠪᠡᠷᠲᠡᠭᠡᠨ ᠵᠠᠰᠠᠬᠤ ᠣᠷᠣᠨ ᠪᠠ ᠬᠡᠰᠡᠭ ᠠᠶ᠋ᠢᠮᠠᠭ ᠬᠣᠲᠠ ᠵᠢᠨ ᠠᠵᠢᠯ ᠦᠢ᠍ᠯᠡᠰ᠎ᠤᠨ ᠨᠢᠭᠡᠴᠡ ᠵᠢᠨ ᠢᠯᠡ᠎ᠪᠠᠷ ᠠᠵᠢᠯᠲᠠᠨ ᠡᠯᠰᠡᠬᠦ ᠰᠢᠯᠭ᠋ᠠᠯᠲᠠ 5 ᠰᠠᠷ᠎ᠠ ᠵᠢᠨ 21᠎ᠤ ᠡᠳᠦᠷ ᠶᠠᠪᠤᠭᠳᠠᠨ᠎ᠠ
2021 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠣᠨ᠎ᠤ ᠮᠥᠩᠭᠥ ᠵᠢᠨ ᠡᠵᠡᠩᠨᠡᠯᠲᠡ ᠬᠠᠮᠢᠶᠠᠷᠤᠯᠲᠠ ᠵᠢᠨ ᠪᠠᠶ᠋ᠢᠳᠠᠯ᠎ᠤᠨ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠮᠠᠰᠢᠨ ᠵᠣᠭᠰᠣᠭ᠋ᠠᠬᠤ ᠠᠯᠪᠠᠨ ᠵᠠᠷ
 
            