ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠪᠥᠬᠥ ᠤᠯᠤᠰ᠎ᠤᠨ ᠨᠢᠭᠡᠳᠦᠯᠲᠡᠶ ᠲᠥᠯᠥᠪᠯᠡᠬᠦ ᠮᠡᠳᠡᠭᠡ ᠵᠠᠩᠭᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢᠨ ᠠᠵᠢᠯ᠎ᠤᠨ ᠲᠤᠬᠠᠶ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠨᠢᠭᠡᠨᠲᠡ ᠪᠥᠬᠥ ᠤᠯᠤᠰ᠎ᠤᠨ ᠨᠢᠭᠡᠳᠦᠯᠲᠡᠶ ᠲᠥᠯᠥᠪᠯᠡᠬᠦ ᠰᠢᠰᠲ᠋ᠧᠮ᠎ᠳᠤ ᠤᠷᠤᠭᠰᠢᠲᠠᠶ᠎ᠪᠠᠷ ᠰᠣᠯᠢᠭᠳᠠᠪᠠ᠂ ᠣᠲᠣ ᠲᠤᠬᠠᠶ᠋ᠢᠯᠠᠭᠰᠠᠨ ᠠᠵᠢᠯ ᠭᠦᠢ᠍ᠴᠡᠳᠭᠡᠬᠦ ᠵᠢ ᠰᠡᠷᠭᠦᠭᠡᠬᠦ ᠲᠤᠬᠠᠢ ᠬᠣᠯᠪᠣᠭᠳᠠᠯ ᠪᠥᠬᠥᠶ ᠤᠴᠢᠷ᠎ᠢ ᠳᠤᠤᠷᠠᠬᠢ ᠮᠡᠲᠦ ᠵᠠᠷᠯᠠᠶ᠎ᠠ᠄
ᠨᠢᠭᠡ᠂ ᠲᠤᠬᠠᠶ᠋ᠢᠯᠠᠭᠰᠠᠨ ᠠᠵᠢᠯ ᠭᠦᠢ᠍ᠴᠡᠳᠭᠡᠬᠦ ᠵᠢ ᠰᠡᠷᠭᠦᠭᠡᠬᠦ ᠴᠠᠭ
2022 ᠣᠨ᠎ᠤ 5 ᠰᠠᠷ᠎ᠠ ᠵᠢᠨ 20᠎ᠤ ᠡᠳᠦᠷ᠎ᠤᠨ 9᠄ 00
ᠬᠣᠶᠠᠷ᠂ ᠲᠤᠬᠠᠶ᠋ᠢᠯᠠᠭᠰᠠᠨ ᠠᠵᠢᠯ᠎ᠢ ᠰᠡᠷᠭᠦᠭᠡᠨ ᠭᠦᠢ᠍ᠴᠡᠳᠭᠡᠬᠦ ᠠᠷᠭ᠎ᠠ ᠵᠠᠮ
(ᠨᠢᠭᠡ) ᠰᠦᠯᠵᠢᠶᠡᠨ ᠭᠠᠳᠠᠭᠤᠷᠬᠢ ᠠᠷᠭ᠎ᠠ ᠵᠠᠮ᠃ ᠪᠥᠬᠥ ᠣᠷᠣᠨ᠎ᠤ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠂ ᠡᠯ᠎ᠡ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠦᠯᠵᠢᠶᠡᠨ᠎ᠠᠴᠠ ᠭᠠᠳᠠᠭᠤᠷᠬᠢ ᠦᠢ᠍ᠯᠡᠴᠢᠯᠡᠭᠡᠨ᠎ᠤ ᠲᠢᠩᠬᠢᠮ᠂ ᠬᠣᠷᠰᠢᠶ᠎ᠠ ᠪᠠᠩᠬᠢ ᠵᠢᠨ ᠬᠤᠷᠰᠢᠭᠰᠠᠨ ᠲᠤᠤᠷ ᠴᠡᠭ᠂ ᠥᠪᠡᠰᠦᠪᠡᠨ ᠦᠢ᠍ᠯᠡᠴᠢᠯᠡᠬᠦ ᠨᠢᠭᠡ ᠴᠣᠭᠴᠠᠵᠢᠭᠤᠯᠤᠭᠰᠠᠨ ᠮᠠᠰᠢᠨ ᠵᠡᠷᠭᠡ ᠰᠦᠯᠵᠢᠶᠡᠨ᠎ᠠᠴᠠ ᠭᠠᠳᠠᠭᠤᠷᠬᠢ ᠠᠷᠭ᠎ᠠ ᠵᠠᠮ᠎ᠢ ᠬᠡᠷᠡᠭᠯᠡᠬᠦ ᠵᠢ ᠰᠡᠷᠭᠦᠭᠡᠨ᠎ᠡ᠃
(ᠬᠣᠶᠠᠷ) ᠰᠦᠯᠵᠢᠶᠡᠨ ᠳᠡᠭᠡᠷᠡᠬᠢ ᠠᠷᠭ᠎ᠠ ᠵᠠᠮ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠰᠦᠯᠵᠢᠶᠡᠨ ᠳᠡᠭᠡᠷᠡᠬᠢ ᠦᠢ᠍ᠯᠡᠴᠢᠯᠡᠭᠡᠨ᠎ᠤ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠰᠦᠯᠵᠢᠶᠡᠨ ᠳᠡᠭᠡᠷᠡᠬᠢ ᠠᠵᠢᠯ ᠶᠠᠪᠤᠳᠠᠯ ᠭᠦᠢ᠍ᠴᠡᠳᠬᠡᠬᠦ ᠲᠢᠩᠬᠢᠮ (ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠤᠰᠬᠠᠶ ᠲᠣᠭᠣᠷᠢᠭ)᠂ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠭᠠᠷ ᠤᠲᠠᠰᠤᠨ᠎ᠤ APP᠂ ᠮᠸᠩ ᠰᠦ᠎ᠪᠠᠨ APP (ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠤᠰᠬᠠᠶ ᠲᠣᠭᠣᠷᠢᠭ)᠂ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠸᠢᠴᠠᠲ᠎ᠤᠨ ᠣᠯᠠᠨ ᠨᠡᠶ᠋ᠢᠲᠡ ᠵᠢᠨ ᠲᠠᠩᠰᠠᠨ ᠨᠣᠮᠧᠷ / ᠵᠢᠵᠢᠭ ᠫᠷᠤᠭ᠌ᠷᠠᠮ᠂ ᠥᠪᠥᠷ ᠮᠣᠩᠭᠣᠯ᠎ᠤᠨ 12333 ᠸᠢᠴᠠᠲ᠎ᠤᠨ ᠣᠯᠠᠨ ᠨᠡᠶ᠋ᠢᠲᠡ ᠵᠢᠨ ᠨᠣᠮᠧᠷ᠂ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠭ᠋ᠠᠴᠠᠭ᠎ᠠ ᠬᠢᠬᠦ ᠵᠢᠵᠢᠭ ᠫᠷᠤᠭ᠌ᠷᠠᠮ᠂ ᠪᠥᠬᠥ ᠤᠯᠤᠰ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠂ ᠤᠯᠤᠰ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠳᠠᠪᠴᠠᠩ᠂ ᠡᠯ᠎ᠡ ᠭᠠᠵᠠᠷ᠎ᠤᠨ ᠦᠪᠡᠷᠳᠡᠭᠡᠨ ᠪᠠᠢ᠌ᠭᠤᠯᠤᠭᠰᠠᠨ ᠰᠦᠯᠵᠢᠶᠡᠨ ᠦᠢ᠍ᠯᠡᠴᠢᠯᠡᠭᠡᠨ᠎ᠤ ᠳᠠᠪᠴᠠᠩ ᠵᠡᠷᠭᠡ ᠰᠦᠯᠵᠢᠶᠡᠨ᠎ᠤ ᠠᠷᠭ᠎ᠠ ᠵᠠᠮ᠎ᠢ ᠰᠡᠷᠭᠦᠭᠡᠨ ᠬᠡᠷᠡᠭᠯᠡᠨ᠎ᠡ᠃
ᠭᠤᠷᠪᠠ᠂ ᠳᠣᠲᠣᠨᠣᠰᠣᠭ ᠰᠠᠨᠠᠭᠤᠯᠤᠮᠵᠢ
(ᠨᠢᠭᠡ) ᠰᠦᠯᠵᠢᠶᠡᠨ ᠳᠡᠭᠡᠷ᠎ᠡ ᠲᠤᠬᠠᠶ᠋ᠢᠯᠠᠭᠰᠠᠨ ᠠᠵᠢᠯ ᠭᠦᠢ᠍ᠴᠡᠳᠭᠡᠬᠦ ᠵᠢ ᠰᠠᠨᠠᠭ᠋ᠠᠴᠢᠯᠠᠨ᠎ᠠ᠃ ᠬᠥᠮᠦᠨ ᠣᠯᠠᠨ ᠴᠤᠭᠯᠠᠷᠠᠬᠤ ᠵᠢ ᠪᠠᠭ᠋ᠠᠰᠬᠠᠬᠤ ᠵᠢᠨ ᠲᠥᠯᠥᠭᠡ᠂ ᠣᠯᠠᠨ ᠵᠶ᠋ᠠᠷ ᠵᠶ᠋ᠠᠨ ᠰᠦᠯᠵᠢᠶᠡᠨ ᠳᠡᠭᠡᠷᠡᠬᠢ ᠠᠷᠭ᠎ᠠ ᠵᠠᠮ ᠵᠶ᠋ᠠᠷ ᠨᠡᠶ᠋ᠢᠭᠡᠮ᠎ᠤᠨ ᠳᠠᠭ᠋ᠠᠳᠬᠠᠯ᠎ᠤᠨ ᠬᠠᠮᠢᠶ᠎ᠠ ᠪᠥᠬᠥᠶ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠬᠦ ᠵᠢ ᠰᠠᠨᠠᠭ᠋ᠠᠴᠢᠯᠠᠵᠤ
ᠪᠠᠢ᠌ᠨ᠎ᠠ᠃
(ᠬᠣᠶᠠᠷ ) ᠰᠦᠯᠵᠢᠶᠡᠨ ᠭᠠᠳᠠᠨ᠎ᠠ ᠭᠦᠢ᠍ᠴᠡᠳᠭᠡᠬᠦ᠎ᠳᠡᠭᠡᠨ ᠬᠢᠵᠢᠭ᠎ᠤᠨ ᠪᠠᠶ᠋ᠢᠳᠠᠯ᠎ᠤᠨ ᠰᠡᠷᠭᠡᠶ᠋ᠢᠯᠡᠯᠲᠡ ᠵᠢ ᠰᠠᠶ᠋ᠢᠲᠤᠷ ᠬᠢᠭᠡᠷᠡᠶ᠃ ᠦᠨᠡᠬᠡᠷ ᠲᠤᠬᠠᠶ ᠵᠢᠨ ᠲᠠᠯᠠᠪᠠᠶ᠎ᠳᠤ ᠭᠦᠢ᠍ᠴᠡᠳᠭᠡᠬᠦ ᠴᠢᠬᠤᠯᠠᠲᠠᠶ ᠪᠠᠶ᠋ᠢᠪᠠᠯ᠂ ᠭᠦᠢ᠍ᠴᠡᠳᠭᠡᠬᠦ ᠴᠠᠭ ᠵᠶ᠋ᠠᠨ ᠵᠦᠶ ᠵᠣᠬᠢᠰᠲᠠᠶ ᠰᠣᠩᠭᠣᠵᠤ᠂ ᠴᠠᠭ ᠵᠥᠷᠢᠭᠦᠯᠦᠨ ᠲᠤᠬᠠᠶ᠋ᠢᠯᠠᠭᠰᠠᠨ ᠠᠵᠢᠯ ᠵᠶ᠋ᠠᠨ ᠭᠦᠢ᠍ᠴᠡᠳᠭᠡᠬᠦ ᠵᠢᠨ ᠬᠠᠮᠲᠤ ᠲᠤᠬᠠᠶ ᠵᠢᠨ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ ᠶᠣᠰᠣᠭ᠋ᠠᠷ ᠲᠤᠬᠠᠶ ᠵᠢᠨ ᠲᠠᠯᠠᠪᠠᠶ ᠵᠢᠨ ᠠᠵᠢᠯᠲᠠᠳ᠎ᠲᠠᠢ ᠬᠠᠮᠵᠢᠯᠴᠠᠨ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ᠃
ᠡᠭᠦᠨ᠎ᠤ ᠲᠤᠯᠠ ᠣᠨᠴᠠᠭ᠋ᠠᠶ᠋ᠢᠯᠠᠨ ᠵᠠᠷᠯᠠᠪᠠ᠃
.
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ
ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
2022 ᠣᠨ᠎ᠤ 5 ᠳ᠋ᠤᠭ᠋ᠠᠷ ᠰᠠᠷ᠎ᠠ ᠵᠢᠨ 19᠎ᠤ ᠡᠳᠦᠷ