ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠪᠥᠬᠥ ᠣᠷᠣᠨ᠎ᠳᠤ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠠᠵᠢᠯᠲᠠᠨ 2500 ᠡᠯᠰᠡᠬᠦ᠎ᠪᠠᠷ ᠲᠥᠯᠥᠪᠯᠡᠵᠦ ᠪᠣᠶ
ᠨᠡᠶ᠋ᠢᠲᠡᠯᠡᠭᠰᠡᠨ ᠴᠠᠭ᠄ 2022-06-01

       2022 ᠣᠨ᠎ᠳᠤ᠂ ᠮᠠᠨ᠎ᠤ ᠣᠷᠣᠨ ᠶᠡᠬᠡ ᠳᠡᠭᠡᠳᠦ ᠰᠤᠷᠭ᠋ᠠᠭᠤᠯᠢ᠎ᠠᠴᠠ ᠲᠡᠭᠦᠰᠦᠭᠰᠡᠨ 2500 ᠣᠶᠤᠲᠠᠨ᠎ᠢ ᠡᠯᠰᠡᠵᠦ᠂ ᠦᠨᠳᠦᠰᠦᠨ ᠱᠠᠲᠤᠨ᠎ᠳᠤ ᠬᠦᠷᠴᠦ ᠰᠤᠷᠭ᠋ᠠᠨ ᠬᠥᠮᠦᠵᠢᠯ᠎ᠢ ᠳᠡᠮᠵᠢᠬᠦ᠂ ᠬᠥᠳᠡᠭᠡ ᠠᠵᠤ ᠠᠬᠤᠢ ᠵᠢ ᠳᠡᠮᠵᠢᠬᠦ᠂ ᠡᠮ ᠡᠮᠨᠡᠯᠭᠡ ᠵᠢ ᠳᠡᠮᠵᠢᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠬᠠᠪᠰᠤᠷᠤᠨ ᠲᠡᠳᠬᠦᠬᠦ ᠵᠡᠷᠭᠡ ᠠᠵᠢᠯ᠎ᠢ ᠡᠷᠬᠢᠯᠡᠬᠦ᠎ᠪᠠᠷ ᠪᠤᠢ᠃ ᠡᠳᠦᠭᠡ ᠡᠯᠰᠡᠬᠦ ᠬᠣᠯᠪᠣᠭᠳᠠᠯ ᠪᠥᠬᠥᠶ ᠵᠦᠢ᠍ᠯᠡᠰ᠎ᠢ ᠳᠤᠤᠷᠠᠬᠢ ᠮᠡᠲᠦ ᠵᠠᠷᠯᠠᠪᠠ᠄ 
       ᠨᠢᠭᠡ᠂ ᠡᠯᠰᠡᠬᠦ ᠡᠳᠡᠭᠡᠳ
       (ᠨᠢᠭᠡ) 2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠤᠨ ᠶᠡᠬᠡ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠲᠣᠰ ᠬᠤᠭᠤᠴᠠᠭ᠋ᠠᠨ᠎ᠤ ᠲᠡᠭᠦᠰᠦᠭᠰᠡᠳ; 
       (ᠬᠣᠶᠠᠷ) 2022 ᠣᠨ᠎ᠳᠤ ᠣᠷᠣᠨ᠎ᠤ ᠭᠠᠳᠠᠨᠠᠬᠢ ᠡᠩ᠎ᠤᠨ ᠶᠡᠬᠡ ᠳᠡᠭᠡᠳᠦ ᠰᠤᠷᠭ᠋ᠠᠭᠤᠯᠢ ᠵᠢᠨ ᠥᠪᠥᠷ ᠮᠣᠩᠭᠣᠯ ᠨᠤᠲᠤᠭ᠎ᠲᠠᠢ ᠲᠣᠰ ᠬᠤᠭᠤᠴᠠᠭ᠋ᠠᠨ᠎ᠤ ᠲᠡᠭᠦᠰᠦᠭᠰᠡᠳ; 
       (ᠭᠤᠷᠪᠠ) 2019 ᠣᠨ᠂  2020 ᠣᠨ᠂ 2021 ᠣᠨ᠎ᠤ ᠡᠩ᠎ᠤᠨ ᠶᠡᠬᠡ ᠳᠡᠭᠡᠳᠦ ᠰᠤᠷᠭ᠋ᠠᠭᠤᠯᠢ᠎ᠠᠴᠠ ᠲᠡᠭᠦᠰᠦᠭᠰᠡᠨ ᠪᠥᠭᠡᠳ ᠬᠠᠷᠠᠬᠠᠨ ᠠᠵᠢᠯ ᠣᠯᠤᠭ᠋ᠠᠳᠤᠶ ᠥᠪᠥᠷ ᠮᠣᠩᠭᠣᠯ ᠨᠤᠲᠤᠭ᠎ᠲᠠᠢ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠃
       ᠬᠣᠶᠠᠷ᠂ ᠡᠯᠰᠡᠬᠦ ᠬᠥᠮᠦᠨ᠎ᠤ ᠲᠣᠭ᠎ᠠ 
      2022 ᠣᠨ᠎ᠳᠤ᠂ ᠪᠥᠬᠥ ᠣᠷᠣᠨ᠎ᠳᠤ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠠᠵᠢᠯᠲᠠᠨ 2500 ᠬᠥᠮᠦᠨ ᠡᠯᠰᠡᠬᠦ᠎ᠪᠠᠷ ᠲᠥᠯᠥᠪᠯᠡᠵᠦ ᠪᠣᠶ᠂ ᠡᠭᠦᠨ᠎ᠳᠤ᠂ ᠡᠩ᠎ᠤᠨ ᠠᠵᠢᠯ᠎ᠤᠨ ᠪᠠᠶ᠋ᠢᠷᠢ᠎ᠳᠤ ᠪᠠᠶ᠋ᠢᠭ᠎ᠠ ᠠᠵᠢᠯᠲᠠᠨ 2099 ᠬᠥᠮᠦᠨ᠂ ᠮᠣᠩᠭᠣᠯ ᠬᠢᠲᠠᠳ ᠬᠣᠶᠠᠷ ᠬᠡᠯᠡᠨ᠎ᠳᠤ ᠨᠡᠪᠲᠡᠷᠡᠭᠰᠡᠨ ᠠᠵᠢᠯᠲᠠᠨ 401 ᠬᠥᠮᠦᠨ ᠡᠯᠰᠡᠨ᠎ᠡ᠃ 
       ᠭᠤᠷᠪᠠ᠂ ᠨᠡᠷ᠎ᠡ ᠮᠡᠳᠡᠭᠦᠯᠬᠦ ᠪᠠ ᠰᠢᠯᠭ᠋ᠠᠬᠤ ᠴᠠᠭ
      5 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ 6 ᠳ᠋ᠤᠭ᠋ᠠᠷ ᠰᠠᠷ᠎ᠠ ᠵᠢᠨ 6᠎ᠤ ᠡᠳᠦᠷ ᠪᠤᠯᠳᠠᠯ᠎ᠠ᠂ ᠵᠣᠬᠢᠬᠤ ᠨᠥᠬᠥᠴᠡᠯ᠎ᠳᠤ ᠨᠡᠶ᠋ᠢᠴᠡᠭᠰᠡᠨ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠪᠠ ᠪᠣᠯᠪᠠᠰᠤᠷᠠᠯ᠎ᠤᠨ ᠰᠦᠯᠵᠢᠶ᠎ᠡ (ᠰᠦᠯᠵᠢᠶᠡᠨ ᠬᠠᠶᠢᠭ᠄ www.impta.com.cn )᠎ᠪᠠᠷ ᠳᠡᠮᠵᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ᠃ 
      6 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ 6 ᠳ᠋ᠤᠭ᠋ᠠᠷ ᠰᠠᠷ᠎ᠠ ᠵᠢᠨ 17᠎ᠤ ᠡᠳᠦᠷ ᠪᠣᠯᠲᠠᠯ᠎ᠠ᠂ ᠰᠢᠯᠭ᠋ᠠᠭᠤᠯᠤᠭᠴᠢ ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠪᠠ ᠪᠣᠯᠪᠠᠰᠤᠷᠠᠯ᠎ᠤᠨ ᠰᠦᠯᠵᠢᠶ᠎ᠡ᠎ᠠᠴᠠ ᠰᠢᠯᠭ᠋ᠠᠭᠤᠯᠬᠤ ᠵᠢ ᠵᠥᠪᠰᠢᠶᠡᠷᠡᠭᠰᠡᠨ ᠦᠨᠡᠮᠯᠡᠯ ᠵᠶ᠋ᠡᠨ ᠳᠠᠷᠤᠮᠠᠯᠯᠠᠨ᠎ᠠ᠃ 
      6 ᠰᠠᠷ᠎ᠠ ᠵᠢᠨ 18᠎ᠤ ᠡᠳᠦᠷ᠎ᠤᠨ ᠦᠳᠡ ᠵᠢᠨ ᠡᠮᠦᠨᠡᠬᠢ 9᠄ 00-11᠄ 30᠎ᠤᠨ ᠬᠤᠭᠤᠷᠤᠨᠳᠤ ᠰᠢᠯᠭ᠋ᠠᠯᠲᠠ ᠬᠢᠨ᠎ᠡ᠃
      6 ᠳ᠋ᠤᠭ᠋ᠠᠷ ᠰᠠᠷ᠎ᠠ ᠵᠢᠨ 30᠎ᠤ ᠡᠳᠦᠷ᠎ᠤᠨ ᠦᠳᠡ ᠵᠢᠨ ᠬᠣᠶ᠋ᠢᠨᠠᠬᠢ 5 ᠴᠠᠭ᠎ᠠᠴᠠ ᠬᠣᠶ᠋ᠢᠰᠢ᠂ ᠰᠢᠯᠭ᠋ᠠᠭᠤᠯᠤᠭᠴᠢ ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠪᠠ ᠪᠣᠯᠪᠠᠰᠤᠷᠠᠯ᠎ᠤᠨ ᠰᠦᠯᠵᠢᠶ᠎ᠡ (ᠰᠦᠯᠵᠢᠶᠡᠨ ᠬᠠᠶᠢᠭ᠄ www.impta.com.cn)᠎ᠳᠤ ᠭᠠᠷᠴᠤ ᠰᠢᠯᠭ᠋ᠠᠯᠲᠠ ᠵᠢᠨ ᠬᠢᠷᠢ ᠪᠦᠲᠦᠮᠵᠢ᠎ᠪᠠᠨ ᠪᠠᠶ᠋ᠢᠴᠠᠭ᠋ᠠᠨ ᠯᠠᠪᠯᠠᠵᠤ ᠪᠣᠯᠤᠨ᠎ᠠ᠃
       ᠳᠥᠷᠪᠡ᠂ ᠰᠢᠯᠭ᠋ᠠᠯᠲᠠ ᠵᠢᠨ ᠬᠢᠴᠢᠶᠡᠯ ᠲᠥᠷᠥᠯ 
       ᠲᠣᠰ ᠤᠳᠠᠭ᠋ᠠᠨ᠎ᠤ ᠡᠯᠰᠡᠬᠦ ᠰᠢᠯᠭ᠋ᠠᠯᠲᠠ ᠵᠢ ᠪᠢᠷ᠎ᠤᠨ ᠰᠢᠯᠭ᠋ᠠᠯᠲᠠ ᠵᠢᠨ ᠬᠡᠯᠪᠡᠷᠢ᠎ᠪᠠᠷ ᠶᠠᠪᠤᠭᠳᠠᠭᠤᠯᠤᠨ᠎ᠠ᠂ ᠳᠠᠪᠲᠠᠬᠤ ᠮᠠᠲ᠋ᠧᠷᠢᠶᠠᠯ᠎ᠢ ᠵᠢᠭ᠋ᠠᠨ ᠲᠣᠭᠲᠠᠭ᠋ᠠᠬᠤ ᠥᠬᠡᠶ᠂ ᠰᠢᠯᠭ᠋ᠠᠯᠲᠠ ᠵᠢᠨ ᠬᠢᠴᠢᠶᠡᠯ ᠲᠥᠷᠥᠯ᠎ᠨᠢ 《ᠶᠡᠷᠦᠩᠬᠡᠶ᠋ᠢᠯᠡᠭᠰᠡᠨ ᠴᠢᠳᠠᠪᠤᠷᠢ ᠵᠢᠨ ᠰᠢᠯᠭ᠋ᠠᠯᠲᠠ》 1 ᠲᠥᠷᠥᠯ ᠪᠣᠯᠤᠨ᠎ᠠ᠃ ᠰᠢᠯᠭ᠋ᠠᠯᠲᠠ ᠵᠢᠨ ᠬᠠᠭᠤᠳᠠᠰᠤ᠎ᠳᠤ ᠦᠨᠳᠦᠰᠦᠨ ᠬᠡᠪ ᠴᠢᠨᠠᠷ᠎ᠤᠨ ᠰᠢᠯᠭ᠋ᠠᠯᠲᠠ (ᠵᠠᠰᠠᠭ ᠵᠠᠬᠢᠷᠭ᠋ᠠᠨ᠎ᠤ ᠠᠵᠢᠯ ᠮᠡᠷᠭᠡᠵᠢᠯ᠎ᠤᠨ ᠴᠢᠳᠠᠪᠤᠷᠢ᠎ᠪᠠᠷ ᠯᠠᠪᠯᠠᠯᠲᠠ ᠪᠣᠯᠭ᠋ᠠᠬᠤ ᠬᠡᠯᠪᠡᠷᠢᠯ᠎ᠤᠨ ᠰᠢᠯᠭ᠋ᠠᠯᠲᠠ) ᠪᠠ ᠣᠨᠣᠯ ᠦᠭᠦᠯᠡᠬᠦᠶ ᠭᠡᠬᠦ ᠬᠣᠶᠠᠷ ᠬᠡᠰᠡᠭ ᠪᠠᠭᠲᠠᠨ᠎ᠠ᠂ ᠲᠣᠰ ᠲᠣᠰ 75 ᠬᠤᠪᠢ᠂ ᠶᠡᠷᠦᠩᠬᠡᠶ ᠬᠤᠪᠢ 150 ᠬᠤᠪᠢ ᠪᠣᠯᠤᠨ᠎ᠠ᠃  
       ᠡᠯᠰᠡᠬᠦ ᠲᠣᠪᠴᠢ ᠳᠦᠷᠢᠮ᠎ᠤᠨ ᠨᠠᠷᠢᠨ ᠪᠠᠶ᠋ᠢᠳᠠᠯ᠎ᠢ ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠪᠠ ᠪᠣᠯᠪᠠᠰᠤᠷᠠᠯ᠎ᠤᠨ ᠰᠦᠯᠵᠢᠶ᠎ᠡ᠎ᠳᠤ ᠦᠵᠡ᠃
       ᠰᠦᠯᠵᠢᠶᠡᠨ᠎ᠤ ᠬᠠᠶᠢᠭ᠄ www.impta.com.cn

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠵᠣᠬᠢᠶᠠᠨ ᠪᠠᠶ᠋ᠢᠭᠤᠯᠬᠤ ᠺᠣᠮᠢᠰ᠎ᠤᠨ ᠲᠠᠮᠠᠭ᠎ᠠ ᠵᠢ ᠡᠬᠢᠯᠡᠵᠦ ᠬᠡᠷᠡᠭᠯᠡᠬᠦ ᠲᠤᠬᠠᠶ ᠮᠡᠳᠡᠭᠳᠡᠯ
ᠲᠠᠪᠤᠳᠤᠭ᠋ᠠᠷ ᠬᠤᠭᠤᠴᠠᠭ᠋ᠠᠨ᠎ᠤ 《ᠳᠤᠮᠳᠠᠳᠤ ᠤᠯᠤᠰ᠎ᠤᠨ ᠪᠦᠳᠦᠭᠡᠯᠴᠢ ᠭᠠᠷ》 ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ ᠵᠢᠴᠢ ᠵᠢᠷᠭᠤᠳᠤᠭ᠋ᠠᠷ ᠬᠤᠭᠤᠴᠠᠭ᠋ᠠᠨ᠎ᠤ 《ᠬᠣᠷᠴᠢᠨ ᠬᠤᠨᠳᠠᠭ᠋ᠠᠲᠤ》 ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠭᠤᠤᠯ ᠴᠣᠭᠴᠠ ᠵᠢᠨ ᠤᠷᠤᠯᠳᠤᠭ᠋ᠠᠨ᠎ᠤ ᠰᠢᠢ᠍ᠳᠪᠦᠷᠢᠳᠦ ᠤᠷᠤᠯᠳᠤᠭ᠋ᠠᠨ᠎ᠳᠤ ᠳᠡᠰ ᠳᠡᠪᠰᠢᠬᠦ ᠲᠥᠷᠥᠯ ᠵᠦᠢ᠍ᠯ᠎ᠤᠨ ᠨᠡᠷᠡᠰ ᠪᠠ ᠲᠤᠰᠬᠠᠶ ᠤᠷᠤᠯᠳᠤᠭ᠋ᠠᠨ᠎ᠤ ᠰᠢᠢ᠍ᠳᠪᠦᠷᠢᠳᠦ ᠤᠷᠤᠯᠳᠤᠭ᠋ᠠᠨ᠎ᠤ ᠱᠠᠩᠨᠠᠯ ᠤᠯᠬᠤ ᠲᠥᠷᠥᠯ ᠵᠦᠢ᠍ᠯ᠎ᠤᠨ ᠨᠡᠷᠡᠰ᠎ᠤᠨ ᠲᠤᠬᠠᠢ ᠵᠠᠷᠯᠠᠯ
2021 ᠣᠨ᠎ᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯ ᠦᠢ᠍ᠯᠡᠰ᠎ᠤᠨ ᠨᠢᠭᠡᠴᠡ ᠵᠢᠨ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠳᠡᠮᠵᠢᠬᠦ᠎ᠳᠤ ᠰᠤᠩᠭᠤᠭᠳᠠᠭᠰᠠᠨ ᠬᠥᠮᠦᠰ᠎ᠢ ᠢᠯᠡ ᠨᠡᠶ᠋ᠢᠲᠡᠯᠡᠬᠦ ᠲᠤᠬᠠᠶ ᠠᠯᠪᠠᠨ ᠵᠠᠷ
ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠠᠵᠤ ᠠᠬᠤᠶ᠋ᠢᠯᠠᠯ᠎ᠤᠨ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠪᠣᠶ᠋ᠢᠵᠢᠭᠤᠯᠬᠤ ᠰᠢᠨᠵᠢᠯᠡᠬᠦ ᠤᠬᠠᠭ᠋ᠠᠨ᠎ᠤ ᠰᠤᠳᠤᠯᠤᠯ᠎ᠢ ᠳᠡᠮᠵᠢᠬᠦ᠎ᠳᠤ ᠰᠤᠩᠭᠤᠭᠳᠠᠬᠤ᠎ᠪᠠᠷ ᠪᠠᠶ᠋ᠢᠭ᠎ᠠ ᠠᠵᠤ ᠠᠬᠤᠶ᠋ᠢᠯᠠᠯ᠎ᠢ ᠢᠯᠡ ᠨᠡᠶ᠋ᠢᠲᠡᠯᠡᠬᠦ ᠲᠤᠬᠠᠢ ᠠᠯᠪᠠᠨ ᠵᠠᠷ
ᠪᠦᠬᠦ ᠤᠯᠤᠰ᠎ᠤᠨ ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢ ᠡᠭᠦᠳᠦᠨ ᠪᠠᠶ᠋ᠢᠭᠤᠯᠬᠤ ᠵᠢᠱ᠌ᠢᠶ᠎ᠡ ᠦᠵᠡᠭᠦᠯᠬᠦ ᠨᠢᠭᠡᠴᠡ ᠵᠢ ᠪᠠᠲᠤᠯᠠᠨ ᠲᠠᠨᠢᠯᠴᠠᠭᠤᠯᠬᠤ ᠲᠤᠬᠠᠶ ᠬᠥᠳᠡᠯᠮᠦᠷᠢ ᠵᠢᠨ ᠬᠠᠷᠢᠴᠠᠭ᠎ᠠ ᠵᠢ ᠵᠣᠬᠢᠴᠠᠭᠤᠯᠬᠤ ᠭᠤᠷᠪᠠᠨ ᠲᠠᠯ᠎ᠠ ᠵᠢᠨ ᠺᠣᠮᠢᠰ᠎ᠤᠨ ᠠᠯᠪᠠᠨ ᠭᠡᠷ᠎ᠤᠨ ᠵᠠᠷᠯᠠᠯ
 
            