ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
2022 ᠣᠨ᠎ᠤ ᠤᠯᠤᠰ᠎ᠤᠨ ᠲᠠᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠪᠣᠯᠪᠠᠰᠤᠷᠠᠭᠤᠯᠬᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠪᠠ ᠮᠡᠷᠭᠡᠵᠢᠯ ᠴᠢᠳᠠᠪᠤᠷᠢᠲᠤ ᠶᠡᠬᠡ ᠮᠠᠰᠲᠸᠷ᠎ᠤᠨ ᠠᠵᠢᠯᠯᠠᠬᠤ ᠲᠠᠰᠤᠭ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠤᠨ ᠲᠤᠬᠠᠢ ᠢᠯᠡ ᠨᠡᠢ᠌ᠳᠡᠯᠡᠯ
ᠨᠡᠶ᠋ᠢᠲᠡᠯᠡᠭᠰᠡᠨ ᠴᠠᠭ᠄ 2022-06-01

        《2022 ᠣᠨ᠎ᠤ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠪᠣᠯᠪᠠᠰᠤᠷᠠᠭᠤᠯᠬᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠪᠠ ᠮᠡᠷᠭᠡᠵᠢᠯ ᠴᠢᠳᠠᠪᠤᠷᠢᠲᠤ ᠶᠡᠬᠡ ᠮᠠᠰᠲᠸᠷ᠎ᠤᠨ ᠠᠵᠢᠯᠯᠠᠬᠤ ᠲᠠᠰᠤᠭ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠡᠳ᠋᠎ᠤᠨ ᠵᠠᠰᠠᠭ᠎ᠤᠨ ᠲᠢᠩᠬᠢᠮ᠎ᠤᠨ ᠮᠡᠳᠡᠭᠳᠡᠯ》 (ᠥᠪᠥᠷ ᠬᠥᠮᠦᠨ ᠨᠡᠶ᠋ᠢᠭᠡᠮ ᠠᠯᠪᠠᠨ ᠲᠠᠷᠬᠠᠭ᠋ᠠᠭᠰᠠᠨ  [2022] 62 ᠳ᠋ᠤᠭ᠋ᠠᠷ ᠲᠣᠭ᠋ᠠᠲᠤ)᠎ᠤᠨ ᠲᠣᠭᠲᠠᠭ᠋ᠠᠯ᠎ᠢ ᠦᠨᠳᠦᠰᠦᠯᠡᠨ᠂ ᠡᠯ᠎ᠡ ᠠᠶ᠋ᠢᠮᠠᠭ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠨᠢᠭᠡᠴᠢ ᠵᠢᠨ ᠪᠠᠲᠤᠯᠠᠨ ᠲᠠᠨᠢᠯᠴᠠᠭᠤᠯᠬᠤ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠪᠠ ᠡᠳ᠋᠎ᠤᠨ ᠵᠠᠰᠠᠭ᠎ᠤᠨ ᠲᠢᠩᠬᠢᠮ ᠬᠠᠮᠲᠤᠪᠠᠷ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠵᠢ ᠵᠣᠬᠢᠶᠠᠨ ᠪᠠᠶ᠋ᠢᠭᠤᠯᠵᠤ᠂ ᠬᠥᠯᠥᠨ ᠪᠣᠶ᠋ᠢᠷ᠎ᠤᠨ ᠮᠠᠰᠲᠸᠷ᠎ᠤᠨ ᠳᠡᠭᠡᠳᠦ ᠰᠤᠷᠭ᠋ᠠᠭᠤᠯᠢ ᠵᠡᠷᠭᠡ 4 ᠨᠢᠭᠡᠴᠢ ᠵᠢ ᠤᠯᠤᠰ᠎ᠤᠨ ᠲᠠᠰ᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠪᠣᠯᠪᠠᠰᠤᠷᠠᠭᠤᠯᠬᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠵᠢᠱ᠌ᠢᠭᠳᠡᠬᠦ ᠨᠢᠭᠡᠴᠢ; ᠥᠪᠥᠷ ᠮᠣᠩᠭᠣᠯ᠎ᠤᠨ ᠲᠡᠮᠦᠷᠯᠢᠭ ᠬᠠᠶ᠋ᠢᠯᠤᠭᠤᠯᠬᠤ ᠮᠠᠰᠲ᠋ᠧᠷ᠎ᠤᠨ ᠳᠡᠭᠡᠳᠦ ᠰᠤᠷᠭ᠋ᠠᠭᠤᠯᠢ ᠵᠢᠨ ᠯᠢᠦ ᡁᠢ ᠵᠡᠷᠭᠡ 4 ᠬᠥᠮᠦᠨ ᠪᠣᠯ ᠤᠯᠤᠰ᠎ᠤᠨ ᠲᠠᠰ᠎ᠤᠨ ᠮᠡᠷᠭᠡᠵᠢᠯ ᠴᠢᠳᠠᠪᠤᠷᠢᠲᠤ ᠶᠡᠬᠡ ᠮᠠᠰᠲ᠋ᠧᠷ᠎ᠤᠨ ᠠᠵᠢᠯᠯᠠᠬᠤ ᠲᠠᠰᠤᠭ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠳᠠᠭ᠋ᠠᠭᠤᠯᠤᠨ ᠭᠦᠢ᠍ᠴᠡᠳᠭᠡᠬᠦ ᠵᠢᠱ᠌ᠢᠭᠳᠡᠭᠴᠢ ᠪᠣᠯᠤᠨ᠎ᠠ; ᠢᠯᠢ ᠪᠥᠬᠥ ᠪᠥᠮᠪᠥᠷᠴᠡᠭ᠎ᠤᠨ ᠴᠢᠳᠠᠪᠤᠷᠢᠲᠠᠨ᠎ᠤ ᠬᠥᠭᠵᠢᠯᠲᠡ ᠵᠢᠨ ᠲᠥᠪ ᠵᠡᠷᠭᠡ 10 ᠨᠢᠭᠡᠴᠢ ᠪᠣᠯ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠪᠣᠯᠪᠠᠰᠤᠷᠠᠭᠤᠯᠬᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠶᠯ᠎ᠤᠨ ᠵᠢᠱ᠌ᠢᠭᠳᠡᠭᠰᠡᠨ ᠨᠢᠭᠡᠴᠢ ᠪᠣᠯᠤᠨ᠎ᠠ; ᠥᠪᠥᠷ ᠮᠣᠩᠭᠣᠯ᠎ᠤᠨ ᠱᠧ ᠢ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠤᠷᠭ᠋ᠠᠭᠤᠯᠢ ᠵᠢᠨ ᠬᠠᠨ ᠭᠤᠤ ᠹᠧᠩ ᠵᠡᠷᠭᠡ 10 ᠬᠥᠮᠦᠨ ᠪᠣᠯ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠮᠡᠷᠭᠡᠵᠢᠯ ᠴᠢᠳᠠᠪᠤᠷᠢᠲᠤ ᠶᠡᠬᠡ ᠮᠠᠰᠲᠸᠷ᠎ᠤᠨ ᠠᠵᠢᠯᠯᠠᠬᠤ ᠬᠡᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠳᠠᠭ᠋ᠠᠭᠤᠯᠤᠨ ᠭᠦᠢ᠍ᠴᠡᠳᠭᠡᠬᠦ ᠵᠢᠱ᠌ᠢᠭᠳᠡᠭᠴᠢ (ᠳᠡᠭᠡᠷᠡᠬᠢ ᠵᠢᠱ᠌ᠢᠭᠳᠡᠭᠰᠡᠳ ᠨᠢᠭᠡᠴᠢ᠂ ᠵᠢᠱ᠌ᠢᠭᠳᠡᠭᠰᠡᠳ᠎ᠤᠨ ᠨᠡᠷᠡᠰ᠎ᠢ ᠳᠠᠭ᠋ᠠᠯᠳᠤᠭᠤᠯᠤᠯ᠎ᠳᠤ ᠦᠵᠡ) ᠪᠣᠯᠤᠨ᠎ᠠ᠃
        ᠣᠲᠣ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠵᠠᠷᠯᠠᠨ ᠨᠡᠶ᠋ᠢᠲᠡᠯᠡᠶ᠎ᠡ᠂ ᠵᠠᠷᠯᠠᠨ ᠨᠡᠶ᠋ᠢᠲᠡᠯᠡᠬᠦ ᠬᠤᠭᠤᠴᠠᠭ᠎ᠠ᠎ᠨᠢ 2022 ᠣᠨ᠎ᠤ 5 ᠰᠠᠷ᠎ᠠ ᠵᠢᠨ 31᠎ᠤ ᠡᠳᠦᠷ 2022 ᠣᠨ᠎ᠤ 6 ᠰᠠᠷ᠎ᠠ ᠵᠢᠨ 7᠎ᠤ ᠡᠳᠦᠷ ᠪᠣᠯᠤᠨ᠎ᠠ᠃ ᠨᠡᠶ᠋ᠢᠲᠡ᠎ᠳᠤ ᠵᠠᠷᠯᠠᠬᠤ ᠬᠤᠭᠤᠴᠠᠭ᠋ᠠᠨ᠎ᠳᠤ᠂ ᠨᠡᠶ᠋ᠢᠲᠡ᠎ᠳᠤ ᠵᠠᠷᠯᠠᠬᠤ ᠡᠲᠡᠭᠡᠳ ᠪᠤᠶᠤ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠳᠤ ᠤᠨᠳᠤᠤ ᠰᠠᠨᠠᠯ᠎ᠲᠠᠢ ᠪᠣᠯ᠂ ᠤᠲᠠᠰᠤ ᠪᠤᠶᠤ ᠢᠮᠧᠯ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠪᠠ ᠡᠳ᠋᠎ᠤᠨ ᠵᠠᠰᠠᠭ᠎ᠤᠨ ᠲᠢᠩᠬᠢᠮ᠎ᠳᠤ ᠲᠤᠰᠬᠠᠬᠤ ᠬᠡᠷᠡᠭᠲᠡᠶ᠃ ᠠᠰᠠᠭᠤᠳᠠᠯ᠎ᠢ ᠲᠤᠰᠬᠠᠬᠤ᠎ᠳᠠᠭᠠᠨ ᠦᠨᠡᠨ᠎ᠠᠴᠠ ᠵᠥᠪ᠎ᠢ ᠡᠷᠢᠵᠦ᠂ ᠪᠤᠰᠤᠳᠴᠢ᠂ ᠲᠥᠪ ᠭᠣᠣᠯᠴᠢ᠂ ᠪᠣᠳᠠᠲᠠᠢ ᠪᠠᠶ᠋ᠢᠵᠤ᠂ ᠤᠲᠠᠰᠤ ᠪᠤᠶᠤ ᠵᠠᠬᠢᠳᠠᠯ ᠢᠷᠡᠭᠦᠯᠬᠦ᠎ᠳᠡᠭᠡᠨ ᠡᠷᠬᠡᠪᠰᠢ ᠦᠨᠡᠨ ᠨᠡᠷ᠎ᠡ ᠪᠠ ᠣᠨᠣᠪᠴᠢᠲᠠᠢ ᠬᠠᠷᠢᠯᠴᠠᠬᠤ ᠠᠷᠭ᠎ᠠ ᠮᠠᠶᠢᠭ᠎ᠲᠤ ᠭᠠᠷ᠎ᠤᠨ ᠦᠰᠦᠭ ᠵᠢᠷᠤᠬᠤ ᠬᠡᠷᠡᠭᠲᠡᠢ᠂ ᠡᠰᠡ ᠲᠡᠭᠡᠪᠡᠯ ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠃ ᠭᠥᠯᠢᠶᠡᠨ ᠠᠪᠴᠤ ᠰᠢᠢ᠍ᠳᠪᠦᠷᠢᠯᠡᠬᠦ ᠰᠠᠯᠠᠭ᠎ᠠ ᠮᠥᠴᠢᠷ᠎ᠨᠢ ᠪᠠᠶ᠋ᠢᠳᠠᠯ᠎ᠢ ᠲᠤᠰᠬᠠᠭᠰᠠᠨ ᠠᠭᠤᠯᠭ᠎ᠠ ᠪᠠ ᠬᠥᠮᠦᠰ᠎ᠢ ᠲᠤᠰᠬᠠᠭᠰᠠᠨ ᠬᠠᠮᠢᠶ᠎ᠠ ᠪᠥᠬᠥᠶ ᠮᠡᠳᠡᠭᠡ ᠵᠠᠩᠭᠢ ᠵᠢᠨ ᠨᠢᠭᠤᠴᠠ ᠵᠢ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠬᠠᠮᠠᠭ᠋ᠠᠯᠠᠨ᠎ᠠ᠃
        ᠬᠦᠯᠢᠶᠡᠨ ᠠᠪᠴᠤ ᠰᠢᠢ᠍ᠳᠪᠦᠷᠢᠯᠡᠬᠦ ᠰᠠᠯᠠᠭ᠎ᠠ ᠮᠥᠴᠢᠷ᠄ 
        ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ 
        ᠳ᠋ᠢᠶᠠᠩᠬᠤᠸᠠ᠄ (0471) 6944622 
       ᠢᠮᠧᠯ᠄ nmgrstzjc @ 163.com 
       ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ 
       ᠳ᠋ᠢᠶᠠᠩᠬᠤᠸᠠ᠄ (0471) 422286 
       ᠢᠮᠧᠯ᠄ baoxinyan 127 @ 126.com 


            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ

            ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
               2022 ᠣᠨ᠎ᠤ 5 ᠳ᠋ᠤᠭ᠋ᠠᠷ ᠰᠠᠷ᠎ᠠ ᠵᠢᠨ 31᠎ᠤ ᠡᠳᠦᠷ


 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
2021 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ᠎ᠤᠨ ᠨᠡᠷᠡᠰ᠎ᠢ ᠵᠠᠷᠯᠠᠨ ᠨᠡᠶ᠋ᠢᠲᠡᠯᠡᠬᠦ ᠲᠤᠬᠠᠶ
ᠪᠥᠬᠥ ᠣᠷᠣᠨ᠎ᠳᠤ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠠᠵᠢᠯᠲᠠᠨ 2500 ᠡᠯᠰᠡᠬᠦ᠎ᠪᠠᠷ ᠲᠥᠯᠥᠪᠯᠡᠵᠦ ᠪᠣᠶ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠵᠣᠬᠢᠶᠠᠨ ᠪᠠᠶ᠋ᠢᠭᠤᠯᠬᠤ ᠺᠣᠮᠢᠰ᠎ᠤᠨ ᠲᠠᠮᠠᠭ᠎ᠠ ᠵᠢ ᠡᠬᠢᠯᠡᠵᠦ ᠬᠡᠷᠡᠭᠯᠡᠬᠦ ᠲᠤᠬᠠᠶ ᠮᠡᠳᠡᠭᠳᠡᠯ
ᠲᠠᠪᠤᠳᠤᠭ᠋ᠠᠷ ᠬᠤᠭᠤᠴᠠᠭ᠋ᠠᠨ᠎ᠤ 《ᠳᠤᠮᠳᠠᠳᠤ ᠤᠯᠤᠰ᠎ᠤᠨ ᠪᠦᠳᠦᠭᠡᠯᠴᠢ ᠭᠠᠷ》 ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ ᠵᠢᠴᠢ ᠵᠢᠷᠭᠤᠳᠤᠭ᠋ᠠᠷ ᠬᠤᠭᠤᠴᠠᠭ᠋ᠠᠨ᠎ᠤ 《ᠬᠣᠷᠴᠢᠨ ᠬᠤᠨᠳᠠᠭ᠋ᠠᠲᠤ》 ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠭᠤᠤᠯ ᠴᠣᠭᠴᠠ ᠵᠢᠨ ᠤᠷᠤᠯᠳᠤᠭ᠋ᠠᠨ᠎ᠤ ᠰᠢᠢ᠍ᠳᠪᠦᠷᠢᠳᠦ ᠤᠷᠤᠯᠳᠤᠭ᠋ᠠᠨ᠎ᠳᠤ ᠳᠡᠰ ᠳᠡᠪᠰᠢᠬᠦ ᠲᠥᠷᠥᠯ ᠵᠦᠢ᠍ᠯ᠎ᠤᠨ ᠨᠡᠷᠡᠰ ᠪᠠ ᠲᠤᠰᠬᠠᠶ ᠤᠷᠤᠯᠳᠤᠭ᠋ᠠᠨ᠎ᠤ ᠰᠢᠢ᠍ᠳᠪᠦᠷᠢᠳᠦ ᠤᠷᠤᠯᠳᠤᠭ᠋ᠠᠨ᠎ᠤ ᠱᠠᠩᠨᠠᠯ ᠤᠯᠬᠤ ᠲᠥᠷᠥᠯ ᠵᠦᠢ᠍ᠯ᠎ᠤᠨ ᠨᠡᠷᠡᠰ᠎ᠤᠨ ᠲᠤᠬᠠᠢ ᠵᠠᠷᠯᠠᠯ
2021 ᠣᠨ᠎ᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯ ᠦᠢ᠍ᠯᠡᠰ᠎ᠤᠨ ᠨᠢᠭᠡᠴᠡ ᠵᠢᠨ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠳᠡᠮᠵᠢᠬᠦ᠎ᠳᠤ ᠰᠤᠩᠭᠤᠭᠳᠠᠭᠰᠠᠨ ᠬᠥᠮᠦᠰ᠎ᠢ ᠢᠯᠡ ᠨᠡᠶ᠋ᠢᠲᠡᠯᠡᠬᠦ ᠲᠤᠬᠠᠶ ᠠᠯᠪᠠᠨ ᠵᠠᠷ
 
            