ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠮᠡᠷᠭᠡᠵᠢᠯ᠎ᠤᠨ ᠴᠣᠯᠠ ᠮᠠᠭ᠋ᠠᠳᠯᠠᠨ ᠲᠣᠭᠲᠠᠭ᠋ᠠᠭᠰᠠᠨ ᠪᠠᠢ᠌ᠳᠠᠯ᠎ᠤᠨ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2022-06-08

        ᠣᠶ᠋ᠢᠷ᠎ᠠ᠎ᠳᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠣᠯᠠᠨ ᠲᠦᠮᠡᠨ᠎ᠤ ᠢᠯᠡᠴᠢᠯᠡᠨ ᠮᠡᠳᠡᠭᠦᠯᠦᠭᠰᠡᠨ ᠥᠪᠥᠷ ᠮᠣᠩᠭᠣᠯ᠎ᠤᠨ ᠲᠤᠰᠬᠠᠶ ᠮᠡᠷᠭᠡᠵᠢᠯ᠎ᠤᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠵᠥᠪᠯᠡᠯ᠂ ᠬᠥᠬᠡᠬᠣᠲᠠ ᠵᠢᠨ ᠲᠤᠰᠬᠠᠶ ᠮᠡᠷᠭᠡᠵᠢᠯ᠎ᠤᠨ ᠠᠵᠢᠯᠲᠠᠨ᠎ᠤ ᠦᠶᠯᠡᠴᠢᠯᠡᠭᠡᠨ᠎ᠤ ᠨᠡᠶ᠋ᠢᠭᠡᠮᠯᠢᠭ᠎ᠤᠨ 《ᠬᠠᠭᠤᠷᠮᠠᠭ ᠦᠨᠡᠮᠯᠡᠯ》 ᠣᠯᠭᠣᠭᠰᠠᠨ ᠰᠡᠵᠢᠭᠯᠡᠯᠲᠡᠶ ᠠᠰᠠᠭᠤᠳᠠᠯ᠎ᠢ ᠭᠥᠯᠢᠶᠡᠨ ᠠᠪᠴᠠᠶ᠂ ᠡᠨᠡ ᠬᠦ᠌ ᠪᠠᠶ᠋ᠢᠳᠠᠯ᠎ᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠥᠶ ᠰᠠᠯᠠᠭ᠎ᠠ ᠮᠥᠴᠢᠷ ᠨᠢᠭᠡᠨᠲᠡ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠬᠠᠤᠯᠢ ᠲᠣᠭᠲᠠᠭ᠋ᠠᠯ ᠶᠣᠰᠣᠭ᠋ᠠᠷ ᠬᠠᠮᠢᠶ᠎ᠠ ᠪᠥᠬᠥᠶ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠦ ᠱᠠᠭ᠋ᠠᠷᠳᠠᠪᠠ᠃ 《ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠲᠣᠭᠲᠠᠭ᠋ᠠᠯ》 (ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠵᠠᠷᠯᠢᠭ 40 ᠳ᠋ᠤᠭᠡᠷ ᠲᠣᠭ᠋ᠠᠲᠤ) ᠶᠣᠰᠣᠭ᠋ᠠᠷ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠵᠢᠴᠢ ᠬᠥᠮᠦᠨ ᠬᠡᠷᠡᠭᠯᠡᠬᠦ ᠨᠢᠭᠡᠴᠡ ᠲᠣᠭᠲᠠᠭ᠋ᠠᠯ ᠶᠣᠰᠣᠭ᠋ᠠᠷ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠵᠢ ᠥᠷᠨᠢᠭᠦᠯᠬᠦ᠎ᠳᠤ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠺᠣᠮᠢᠰ ᠪᠠᠶ᠋ᠢᠭᠤᠯᠬᠤ᠎ᠪᠠᠷ ᠭᠤᠶᠤᠴᠢᠯᠠᠬᠤ ᠬᠡᠷᠡᠭᠲᠡᠶ᠃ ᠤᠯᠤᠰ᠎ᠠᠴᠠ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠺᠣᠮᠢᠰ᠎ᠲᠤ ᠬᠠᠷᠭᠤᠭᠤᠯᠤᠨ ᠵᠥᠪᠰᠢᠶᠡᠷᠡᠵᠦ ᠪᠦᠷᠢᠳᠬᠡᠨ ᠳᠠᠩᠰᠠᠯᠠᠬᠤ ᠬᠠᠮᠢᠶᠠᠷᠤᠯᠲᠠ ᠵᠢᠨ ᠲᠦᠷᠢᠮ᠎ᠢ ᠬᠡᠷᠡᠭᠵᠢᠭᠦᠯᠵᠦ᠂ ᠡᠷᠬᠡᠪᠰᠢ ᠵᠣᠬᠢᠴᠠᠩᠭᠤᠶ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠬᠠᠷᠭᠤᠭᠤᠯᠤᠨ ᠵᠥᠪᠰᠢᠶᠡᠷᠡᠵᠦ ᠪᠦᠷᠢᠳᠬᠡᠨ ᠳᠠᠩᠰᠠᠯᠠᠭᠤᠯᠬᠤ ᠬᠡᠷᠡᠭᠲᠡᠶ᠂ ᠲᠣᠭᠲᠠᠭ᠋ᠠᠯ ᠶᠣᠰᠣᠭ᠋ᠠᠷ ᠬᠠᠷᠭᠤᠭᠤᠯᠤᠨ ᠵᠥᠪᠰᠢᠶᠡᠷᠡᠵᠦ ᠪᠦᠷᠢᠳᠬᠡᠨ ᠳᠠᠩᠰᠠᠯᠠᠭᠤᠯᠤᠭᠰᠠᠨ ᠥᠬᠡᠶ ᠪᠠᠶ᠋ᠢᠪᠠᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠲᠡᠭᠦᠨ᠎ᠤ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠡᠷᠬᠡ ᠵᠢᠨ ᠬᠢᠵᠠᠭ᠋ᠠᠷ ᠪᠠ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠦᠢ᠍ᠯᠡ ᠠᠵᠢᠯᠯᠠᠭ᠎ᠠ ᠵᠢ ᠮᠡᠳᠡᠷᠡᠨ ᠵᠥᠪᠰᠢᠶᠡᠷᠡᠬᠦ ᠥᠬᠡᠶ᠃ ᠬᠢᠨᠠᠨ ᠬᠠᠷᠭᠤᠭᠤᠯᠬᠤ᠎ᠪᠠᠷ ᠳᠡᠮᠵᠢᠨ᠂ ᠥᠪᠥᠷ ᠮᠣᠩᠭᠣᠯ᠎ᠤᠨ ᠲᠤᠰᠬᠠᠶ ᠮᠡᠷᠭᠡᠵᠢᠯ᠎ᠤᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠺᠣᠮᠢᠰ᠂ ᠬᠥᠬᠡᠬᠣᠲᠠ ᠵᠢᠨ ᠲᠤᠰᠬᠠᠶ ᠮᠡᠷᠭᠡᠵᠢᠯ᠎ᠤᠨ ᠠᠵᠢᠯᠲᠠᠨ᠎ᠤ ᠦᠢ᠍ᠯᠡᠴᠢᠯᠡᠭᠡᠨ᠎ᠤ ᠨᠡᠶ᠋ᠢᠭᠡᠮᠯᠢᠭ ᠮᠠᠨ᠎ᠤ ᠣᠷᠣᠨ᠎ᠤ ᠵᠣᠬᠢᠴᠠᠩᠭᠤᠶ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠬᠠᠷᠭᠤᠭᠤᠯᠤᠨ ᠵᠥᠪᠰᠢᠶᠡᠷᠡᠭᠦᠯᠵᠦ ᠳᠠᠩᠰᠠᠯᠠᠭᠤᠯᠤᠭᠰᠠᠨ ᠥᠬᠡᠶ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠲᠡᠭᠦᠨ᠎ᠤ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠡᠷᠬᠡ ᠮᠡᠳᠡᠯ᠎ᠤᠨ ᠬᠡᠪᠴᠢᠶ᠎ᠡ᠂ ᠲᠡᠭᠦᠨ᠎ᠤ ᠦᠷᠨᠢᠬᠦᠯᠦᠭᠰᠡᠨ ᠮᠡᠷᠭᠡᠵᠢᠯ᠎ᠤᠨ ᠴᠤᠯᠠ ᠦᠨᠡᠯᠡᠨ ᠬᠢᠨᠠᠬᠤ ᠠᠵᠢᠯᠯᠠᠭ᠎ᠠ᠂ ᠨᠡᠢ᠌ᠳᠡᠯᠡᠭᠰᠡᠨ ᠮᠡᠷᠭᠡᠵᠢᠯ᠎ᠤᠨ ᠴᠤᠯᠠ ᠵᠢᠨ ᠮᠡᠳᠡᠭᠡ ᠵᠠᠩᠬᠢ ᠪᠠ ᠲᠠᠷᠬᠠᠭ᠋ᠠᠭᠰᠠᠨ ᠮᠡᠷᠭᠡᠵᠢᠯ᠎ᠤᠨ ᠴᠤᠯᠠ ᠵᠢᠨ ᠦᠨᠡᠮᠯᠡᠯ᠎ᠢ ᠵᠦᠪᠰᠢᠶᠡᠷᠡᠬᠦ ᠦᠭᠡᠢ᠃ ᠡᠭᠦᠨ᠎ᠤ ᠲᠤᠯᠠ ᠤᠨᠴᠠᠭ᠋ᠠᠢ᠌ᠯᠠᠨ ᠮᠡᠳᠡᠭᠳᠡᠪᠡ᠃

       

          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ

          ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ 
             2022 ᠣᠨ᠎ᠤ 6 ᠳ᠋ᠤᠭ᠋ᠠᠷ ᠰᠠᠷ᠎ᠠ ᠵᠢᠨ 7᠎ᠤ ᠡᠳᠦᠷ

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠲᠠᠪᠤᠳᠤᠭ᠋ᠠᠷ ᠬᠤᠭᠤᠴᠠᠭ᠋ᠠᠨ᠎ᠤ 《ᠳᠤᠮᠳᠠᠳᠤ ᠤᠯᠤᠰ᠎ᠤᠨ ᠪᠦᠳᠦᠭᠡᠯᠴᠢ ᠭᠠᠷ》 ᠎ᠤᠨ ᠦᠢ᠍ᠯᠡᠰ ᠪᠦᠳᠦᠭᠡᠬᠦ ᠰᠢᠨ᠎ᠡ ᠵᠢ ᠡᠭᠦᠳᠬᠦ ᠤᠷᠤᠯᠳᠤᠭ᠋ᠠᠨ᠎ᠳᠤ ᠣᠷᠣᠯᠴᠠᠬᠤ ᠥᠪᠥᠷ ᠮᠣᠩᠭᠣᠯ᠎ᠤᠨ ᠬᠥᠳᠡᠯᠮᠦᠷᠢ ᠦᠢ᠍ᠯᠡᠴᠢᠯᠡᠭᠡᠨ᠎ᠤ ᠨᠠᠷᠠᠲᠤ ᠲᠥᠷᠥᠯ ᠲᠡᠮᠳᠡᠭᠲᠦ ᠵᠢᠨ ᠲᠥᠷᠥᠯ ᠵᠦᠢ᠍ᠯ᠎ᠤᠨ ᠲᠤᠬᠠᠶ ᠵᠠᠷᠯᠠᠯ
2022 ᠣᠨ᠎ᠤ ᠤᠯᠤᠰ᠎ᠤᠨ ᠲᠠᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠪᠣᠯᠪᠠᠰᠤᠷᠠᠭᠤᠯᠬᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠪᠠ ᠮᠡᠷᠭᠡᠵᠢᠯ ᠴᠢᠳᠠᠪᠤᠷᠢᠲᠤ ᠶᠡᠬᠡ ᠮᠠᠰᠲᠸᠷ᠎ᠤᠨ ᠠᠵᠢᠯᠯᠠᠬᠤ ᠲᠠᠰᠤᠭ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠤᠨ ᠲᠤᠬᠠᠢ ᠢᠯᠡ ᠨᠡᠢ᠌ᠳᠡᠯᠡᠯ
2021 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ᠎ᠤᠨ ᠨᠡᠷᠡᠰ᠎ᠢ ᠵᠠᠷᠯᠠᠨ ᠨᠡᠶ᠋ᠢᠲᠡᠯᠡᠬᠦ ᠲᠤᠬᠠᠶ
ᠪᠥᠬᠥ ᠣᠷᠣᠨ᠎ᠳᠤ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠠᠵᠢᠯᠲᠠᠨ 2500 ᠡᠯᠰᠡᠬᠦ᠎ᠪᠠᠷ ᠲᠥᠯᠥᠪᠯᠡᠵᠦ ᠪᠣᠶ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠵᠣᠬᠢᠶᠠᠨ ᠪᠠᠶ᠋ᠢᠭᠤᠯᠬᠤ ᠺᠣᠮᠢᠰ᠎ᠤᠨ ᠲᠠᠮᠠᠭ᠎ᠠ ᠵᠢ ᠡᠬᠢᠯᠡᠵᠦ ᠬᠡᠷᠡᠭᠯᠡᠬᠦ ᠲᠤᠬᠠᠶ ᠮᠡᠳᠡᠭᠳᠡᠯ
 
            