ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠬᠥᠬᠢᠭᠦᠯᠦᠨ ᠰᠠᠶ᠋ᠢᠰᠢᠶᠠᠬᠤ ᠵᠢᠱ᠌ᠢᠭᠳᠡᠭᠴᠢ ᠪᠠ ᠵᠢᠱ᠌ᠢᠭᠳᠡᠭᠴᠢ ᠨᠢᠭᠡᠴᠢ ᠵᠢᠨ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠤᠨ ᠲᠤᠬᠠᠶ ᠵᠠᠷᠯᠠᠯ
ᠨᠡᠶ᠋ᠢᠲᠡᠯᠡᠭᠰᠡᠨ ᠴᠠᠭ᠄ 2022-09-02

       《ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠬᠥᠬᠢᠭᠦᠯᠦᠨ ᠰᠠᠶ᠋ᠢᠰᠢᠶᠠᠬᠤ ᠠᠵᠢᠯᠯᠠᠭ᠎ᠠ ᠵᠢ ᠥᠷᠨᠢᠭᠦᠯᠬᠦ ᠲᠤᠬᠠᠶ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠮᠡᠳᠡᠭᠳᠡᠯ》 (ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠵᠠᠬᠢᠳᠠᠯ [2022] 61 ᠳ᠋ᠦᠭᠡᠷ ᠲᠣᠭ᠋ᠠᠲᠤ) ᠪᠠ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠵᠢᠨ ᠮᠡᠷᠭᠡᠵᠢᠯ᠎ᠤᠨ ᠴᠢᠳᠠᠪᠤᠷᠢ ᠵᠢᠨ ᠶᠡᠬᠡ ᠱᠠᠩᠨᠠᠯ᠎ᠤᠨ ᠪᠥᠬᠥ ᠤᠯᠤᠰ᠎ᠤᠨ ᠮᠡᠷᠭᠡᠵᠢᠯ᠎ᠤᠨ ᠴᠢᠳᠠᠪᠤᠷᠢᠲᠠᠨ᠎ᠤ ᠵᠢᠱ᠌ᠢᠭᠳᠡᠭᠴᠢ ᠪᠠ ᠤᠯᠤᠰ᠎ᠤᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠱᠠᠩᠨᠠᠯ᠎ᠤᠨ ᠵᠢᠱ᠌ᠢᠭᠳᠡᠭᠴᠢ ᠨᠢᠭᠡᠴᠡ ᠪᠠ ᠵᠢᠱ᠌ᠢᠭᠳᠡᠭᠴᠢ ᠬᠤᠪᠢ ᠬᠥᠮᠦᠨ᠎ᠢ ᠵᠣᠬᠢᠶᠠᠨ ᠪᠠᠶ᠋ᠢᠭᠤᠯᠵᠤ ᠭᠤᠶᠤᠴᠢᠯᠠᠨ ᠮᠡᠳᠡᠭᠦᠯᠬᠦ ᠲᠤᠬᠠᠢ ᠮᠡᠳᠡᠭᠳᠡᠯ》 (ᠥᠪᠥᠷ ᠬᠥᠮᠦᠨ ᠨᠡᠶ᠋ᠢᠭᠡᠮ ᠠᠯᠪᠠᠨ ᠲᠠᠷᠬᠠᠭ᠋ᠠᠭᠰᠠᠨ  [2022]120 ᠳ᠋ᠤᠭ᠋ᠠᠷ ᠲᠣᠭ᠋ᠠᠲᠤ)᠎ᠤᠨ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠡᠯ᠎ᠡ ᠠᠶ᠋ᠢᠮᠠᠭ ᠬᠣᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠠᠯᠠᠭ᠎ᠠ ᠮᠥᠴᠢᠷ᠎ᠤᠨ ᠲᠠᠨᠢᠯᠴᠠᠭᠤᠯᠤᠭᠰᠠᠨ ᠵᠢᠱ᠌ᠢᠭᠳᠡᠭᠴᠢ᠂ ᠵᠢᠱ᠌ᠢᠭᠳᠡᠭᠰᠡᠨ ᠨᠢᠭᠡᠴᠢ ᠵᠢᠨ ᠮᠡᠳᠡᠭᠦᠯᠦᠭᠰᠡᠨ ᠮᠠᠲ᠋ᠧᠷᠢᠶᠠᠯ᠎ᠢ ᠬᠢᠨᠠᠨ ᠲᠤᠭᠳᠠᠭ᠋ᠠᠵᠤ᠂ ᠰᠢᠩ ᠭᠠᠩ᠎ᠢ ᠳᠤᠮᠳᠠᠳᠤ ᠵᠢᠨ ᠮᠡᠷᠭᠡᠵᠢᠯ ᠴᠢᠳᠠᠪᠤᠷᠢ ᠵᠢᠨ ᠶᠡᠬᠡ ᠱᠠᠩᠨᠠᠯ᠎ᠤᠨ ᠵᠢᠱ᠌ᠢᠭᠳᠡᠭᠴᠢ᠂ ᠵᠠᠩ ᠶᠦᠩ᠂ ᠯᠸᠢ ᠪᠢᠶᠤᠤ᠎ᠢ ᠪᠦᠬᠦ ᠤᠯᠤᠰ᠎ᠤᠨ ᠮᠡᠷᠭᠡᠵᠢᠯ᠎ᠤᠨ ᠴᠢᠳᠠᠪᠤᠷᠢᠲᠠᠨ᠎ᠤ ᠵᠢᠱ᠌ᠢᠭᠳᠡᠭᠴᠢ᠂ ᠸᠠᠩ ᠬᠤ᠌ ᠵᠢ ᠪᠥᠬᠥ ᠤᠯᠤᠰ᠎ᠤᠨ ᠮᠡᠷᠭᠡᠵᠢᠯ᠎ᠤᠨ ᠴᠢᠳᠠᠪᠤᠷᠢᠲᠠᠨ᠎ᠳᠤ ᠪᠡᠯᠡᠳᠭᠡᠯ ᠵᠢᠱ᠌ᠢᠭᠳᠡᠭᠴᠢ᠎ᠪᠠᠷ; ᠥᠪᠥᠷ ᠮᠣᠩᠭᠣᠯ᠎ᠤᠨ ᠦᠨᠳᠦᠰᠦᠲᠡᠨ᠎ᠤ ᠠᠵᠤ  ᠦᠢ᠍ᠯᠡᠳᠪᠦᠷᠢ ᠵᠢᠨ ᠮᠠᠰᠲ᠋ᠧᠷ᠎ᠤᠨ ᠳᠡᠭᠡᠳᠦ ᠰᠤᠷᠭ᠋ᠠᠭᠤᠯᠢ ᠵᠢ ᠤᠯᠤᠰ᠎ᠤᠨ ᠤᠷ᠎ᠠ ᠮᠡᠷᠭᠡᠰᠢᠯᠳᠦ ᠴᠢᠳᠠᠪᠤᠷᠢᠲᠠᠨ᠎ᠢ ᠬᠥᠮᠦᠵᠢᠭᠦᠯᠬᠦ᠎ᠳᠤ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠱᠠᠩᠨᠠᠯ ᠭᠥᠷᠳᠡᠬᠦ ᠵᠢᠱ᠌ᠢᠭᠳᠡᠭᠴᠢ ᠨᠢᠭᠡᠴᠢ᠎ᠪᠠᠷ; ᠯᠠᠨ ᠫᠸᠩ ᠹᠦ᠋ ᠵᠢ ᠤᠯᠤᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ᠎ᠳᠤ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠱᠠᠩᠨᠠᠯ ᠭᠥᠷᠳᠡᠬᠦ ᠵᠢᠱ᠌ᠢᠭᠳᠡᠭᠴᠢ ᠬᠤᠪᠢ ᠬᠥᠮᠦᠨ ᠵᠶ᠋ᠡᠷ ᠲᠤᠭᠳᠠᠭ᠋ᠠᠪᠠ (ᠳᠠᠭ᠋ᠠᠯᠳᠤᠭᠤᠯᠤᠯ᠎ᠳᠤ ᠦᠵᠡ)᠃
        ᠣᠲᠣ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠵᠠᠷᠯᠠᠨ ᠨᠡᠶ᠋ᠢᠲᠡᠯᠡᠶ᠎ᠡ᠂ ᠵᠠᠷᠯᠠᠨ ᠨᠡᠶ᠋ᠢᠲᠡᠯᠡᠬᠦ ᠬᠤᠭᠤᠴᠠᠭ᠎ᠠ᠎ᠨᠢ 2022 ᠣᠨ᠎ᠤ 9 ᠰᠠᠷ᠎ᠠ ᠵᠢᠨ 1᠎ᠤ ᠡᠳᠦᠷ᠎ᠠᠴᠠ 2022 ᠣᠨ᠎ᠤ 9 ᠰᠠᠷ᠎ᠠ ᠵᠢᠨ 7᠎ᠤ ᠡᠳᠦᠷ ᠪᠣᠯᠤᠨ᠎ᠠ᠃ ᠨᠡᠶ᠋ᠢᠲᠡ᠎ᠳᠤ ᠵᠠᠷᠯᠠᠬᠤ ᠬᠤᠭᠤᠴᠠᠭ᠋ᠠᠨ᠎ᠳᠤ᠂ ᠨᠡᠶ᠋ᠢᠲᠡ᠎ᠳᠤ ᠵᠠᠷᠯᠠᠬᠤ ᠡᠲᠡᠭᠡᠳ ᠪᠤᠶᠤ ᠠᠩᠬ᠎ᠠ ᠦᠨᠡᠯᠡᠭᠰᠡᠨ ᠦᠷ᠎ᠡ ᠳ᠋ᠦᠩ᠎ᠳᠤ ᠤᠨᠳᠤᠤ ᠰᠠᠨᠠᠯ᠎ᠲᠠᠢ ᠪᠣᠯ᠂ ᠤᠲᠠᠰᠤ ᠪᠤᠶᠤ ᠢᠮᠧᠯ ᠵᠡᠷᠭᠡ ᠠᠷᠭ᠎ᠠ ᠮᠠᠶᠢᠭ ᠵᠶ᠋ᠠᠷ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠳᠤ ᠲᠤᠰᠬᠠᠬᠤ ᠬᠡᠷᠡᠭᠲᠡᠶ᠃ ᠠᠰᠠᠭᠤᠳᠠᠯ᠎ᠢ ᠲᠤᠰᠬᠠᠬᠤ᠎ᠳᠠᠭᠠᠨ ᠦᠨᠡᠨ᠎ᠠᠴᠠ ᠵᠥᠪ᠎ᠢ ᠡᠷᠢᠵᠦ᠂ ᠪᠤᠰᠤᠳᠴᠢ᠂ ᠲᠥᠪ ᠭᠣᠣᠯᠴᠢ᠂ ᠪᠣᠳᠠᠲᠠᠢ ᠪᠠᠢ᠌ᠵᠤ᠂ ᠤᠲᠠᠰᠤ᠂ ᠢᠷᠡᠭᠦᠯᠦᠭᠰᠡᠨ ᠵᠠᠬᠢᠳᠠᠯ᠎ᠳᠤ ᠡᠷᠬᠡᠪᠰᠢ ᠦᠨᠡᠨ ᠪᠤᠳᠠᠳᠠᠢ ᠨᠡᠷ᠎ᠡ ᠪᠠ ᠬᠠᠷᠢᠯᠴᠠᠬᠤ ᠠᠷᠭ᠎ᠠ᠎ᠪᠠᠨ ᠬᠠᠩᠭ᠋ᠠᠬᠤ ᠪᠤᠶᠤ ᠭᠠᠷ᠎ᠤᠨ ᠦᠰᠦᠭ ᠵᠢᠷᠤᠬᠤ ᠬᠡᠷᠡᠭᠲᠡᠢ᠂ ᠡᠰᠡ ᠲᠡᠭᠡᠪᠡᠯ ᠬᠦᠯᠢᠶᠡᠨ ᠠᠪᠴᠤ ᠰᠢᠢ᠍ᠳᠪᠦᠷᠢᠯᠡᠬᠦ

ᠦᠭᠡᠢ᠃ ᠭᠥᠯᠢᠶᠡᠨ ᠠᠪᠴᠤ ᠰᠢᠢ᠍ᠳᠪᠦᠷᠢᠯᠡᠬᠦ ᠰᠠᠯᠠᠭ᠎ᠠ ᠮᠥᠴᠢᠷ᠎ᠨᠢ ᠪᠠᠶ᠋ᠢᠳᠠᠯ᠎ᠢ ᠲᠤᠰᠬᠠᠭᠰᠠᠨ ᠠᠭᠤᠯᠭ᠎ᠠ ᠪᠠ ᠬᠥᠮᠦᠰ᠎ᠢ ᠲᠤᠰᠬᠠᠭᠰᠠᠨ ᠬᠠᠮᠢᠶ᠎ᠠ ᠪᠥᠬᠥᠶ ᠮᠡᠳᠡᠭᠡ ᠵᠠᠩᠭᠢ ᠵᠢᠨ ᠨᠢᠭᠤᠴᠠ ᠵᠢ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠬᠠᠮᠠᠭ᠋ᠠᠯᠠᠨ᠎ᠠ᠃   
        ᠳ᠋ᠢᠶᠠᠩᠬᠤᠸᠠ᠄ (0471) 69446226944905   
       ᠢᠮᠧᠯ᠄ nmgrstzjc @ 163 . com
   
        ᠳᠠᠭ᠋ᠠᠯᠳᠤᠭᠤᠯᠤᠯ᠄ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠬᠥᠬᠢᠭᠦᠯᠦᠨ ᠰᠠᠶ᠋ᠢᠰᠢᠶᠠᠬᠤ ᠵᠢᠱ᠌ᠢᠭᠳᠡᠭᠴᠢ ᠪᠠ ᠵᠢᠱ᠌ᠢᠭᠳᠡᠭᠴᠢ ᠨᠢᠭᠡᠴᠢ ᠵᠢᠨ ᠨᠡᠷᠡᠰ


          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ

         ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ   
               2022 ᠣᠨ᠎ᠤ 9 ᠳ᠋ᠤᠭᠡᠷ ᠰᠠᠷ᠎ᠠ ᠵᠢᠨ 1᠎ᠤ ᠡᠳᠦᠷ


ᠳᠠᠭ᠋ᠠᠯᠳᠤᠭᠤᠯᠤᠯ





ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠨᠢᠭᠡᠳᠦᠭᠡᠷ ᠮᠠᠰᠢᠨ ᠮᠧᠬᠠᠨᠢᠭ᠎ᠤᠨ ᠪᠦᠯᠦᠭᠯᠡᠯ᠎ᠤᠨ ᠶᠡᠷᠦᠩᠬᠡᠶ᠋ᠢᠯᠡᠭᠰᠡᠨ ᠠᠵᠤ ᠠᠬᠤᠶ᠋ᠢᠯᠠᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ 2022 ᠣᠨ᠎ᠤ ᠲᠠᠪᠤᠳᠤᠭ᠋ᠠᠷ ᠪᠦᠯᠦᠭ᠎ᠤᠨ ᠣᠨᠴᠠᠭ᠋ᠠᠶ ᠠᠵᠢᠯ ᠲᠥᠷᠥᠯ᠎ᠤᠨ ᠠᠵᠢᠯ᠎ᠠᠴᠠ᠎ᠪᠠᠨ ᠠᠮᠠᠷᠠᠭᠰᠠᠳ᠎ᠤᠨ ᠲᠤᠬᠠᠶ ᠵᠠᠷᠯᠠᠯ
ᠵᠠᠯᠠᠶ᠋ᠢᠨᠠᠭᠤᠷ᠎ᠤᠨ ᠨᠡᠭᠦᠷᠡᠰᠦᠨ᠎ᠤ ᠦᠢ᠍ᠯᠡᠰ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ 2022 ᠣᠨ᠎ᠤ ᠶᠢᠰᠦᠳᠦᠭᠡᠷ ᠪᠦᠯᠦᠭ ᠣᠨᠴᠠᠭ᠋ᠠᠶ ᠠᠵᠢᠯ ᠲᠥᠷᠥᠯ ᠵᠶ᠋ᠠᠷ ᠭᠤᠶᠤᠴᠢᠯᠠᠭᠰᠠᠨ ᠠᠵᠢᠯ᠎ᠠᠴᠠ᠎ᠪᠠᠨ ᠠᠮᠠᠷᠠᠭᠰᠠᠳ᠎ᠤᠨ ᠲᠤᠬᠠᠶ ᠵᠠᠷᠯᠠᠯ
ᠳᠤᠮᠳᠠᠳᠤ ᠤᠯᠤᠰ᠎ᠤᠨ ᠱᠸᠨ ᠬᠤᠸᠠ ᠡᠨᠧᠷᠭᠢ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠱᠸᠨ ᠳ᠋ᠦᠩ ᠨᠡᠭᠦᠷᠡᠰᠦᠨ᠎ᠤ ᠬᠤᠪᠢᠶᠠᠷᠢ ᠺᠣᠮᠫᠠᠨᠢ ᠵᠢᠨ 2022 ᠣᠨ᠎ᠤ ᠲᠠᠪᠤᠳᠤᠭ᠋ᠠᠷ ᠪᠦᠯᠦᠭ᠎ᠤᠨ ᠣᠨᠴᠠᠭ᠋ᠠᠶ ᠠᠵᠢᠯ ᠲᠥᠷᠥᠯ᠎ᠤᠨ ᠠᠵᠢᠯ᠎ᠠᠴᠠ᠎ᠪᠠᠨ ᠠᠮᠠᠷᠠᠭᠰᠠᠳ᠎ᠤᠨ ᠲᠤᠬᠠᠶ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠭᠤᠤᠯᠳᠠᠯᠭ᠎ᠠ᠎ᠲᠠᠢ ᠠᠵᠤ ᠦᠢ᠍ᠯᠡᠰ ᠭᠤᠤᠯᠳᠠᠯᠭ᠎ᠠ᠎ᠲᠠᠢ ᠣᠷᠣᠨ ᠪᠦᠰᠡ᠎ᠳᠤ ᠪᠠᠴᠢᠮ ᠱᠠᠭ᠋ᠠᠷᠳᠠᠭᠳᠠᠵᠤ ᠪᠠᠶ᠋ᠢᠭ᠎ᠠ ᠳᠡᠭᠡᠳᠦ ᠲᠠᠰ᠎ᠤᠨ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠭᠠᠷᠴᠠᠭ》᠎ᠢ ᠨᠡᠶ᠋ᠢᠲᠡᠯᠡᠪᠡ
ᠳᠤᠮᠳᠠᠳᠤ ᠤᠯᠤᠰ᠎ᠤᠨ ᠲᠡᠮᠦᠷ ᠵᠠᠮ᠎ᠤᠨ ᠵᠢᠷᠭᠤᠳᠤᠭ᠋ᠠᠷ ᠲᠣᠪᠴᠢᠶᠠᠨ᠎ᠤ ᠪᠦᠯᠦᠭᠯᠡᠯ᠎ᠤᠨ ᠬᠥᠬᠡᠬᠣᠲᠠ ᠵᠢᠨ ᠲᠡᠮᠦᠷ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠬᠢᠵᠠᠭ᠋ᠠᠷᠲᠤ ᠺᠣᠮᠫᠠᠨᠢ ᠵᠢᠨ 2022 ᠣᠨ᠎ᠳᠤ ᠣᠨᠴᠠᠭ᠋ᠠᠶ ᠠᠵᠢᠯ ᠲᠥᠷᠥᠯ᠎ᠤᠨ ᠠᠵᠢᠯ᠎ᠠᠴᠠ᠎ᠪᠠᠨ ᠠᠮᠠᠷᠠᠭᠰᠠᠳ᠎ᠤᠨ ᠲᠤᠬᠠᠶ ᠵᠠᠷᠯᠠᠯ
 
            