ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠠᠷᠪᠠᠨ ᠬᠣᠶᠠᠳᠤᠭ᠋ᠠᠷ ᠪᠦᠯᠦᠭ᠎ᠤᠨ 《ᠲᠠᠯ᠎ᠠ ᠨᠤᠲᠤᠭ᠎ᠤᠨ ᠴᠢᠳᠠᠪᠤᠷᠢᠲᠠᠨ》᠎ᠤ ᠣᠨᠴᠠ ᠲᠣᠭᠲᠠᠭᠰᠠᠨ ᠬᠦᠷᠢᠶᠡᠨ᠎ᠳᠠᠬᠢ ᠲᠤᠰᠬᠠᠶ ᠲᠥᠷᠥᠯ᠎ᠤᠨ ᠬᠤᠪᠢ ᠬᠥᠮᠦᠨ᠎ᠤ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠠᠩᠬᠠᠨ᠎ᠤ ᠦᠨᠡᠯᠡᠯᠲᠡ ᠵᠢᠨ ᠦᠷ᠎ᠡ ᠳ᠋ᠦᠩ᠎ᠢ ᠵᠠᠷᠯᠠᠨ ᠨᠡᠶ᠋ᠢᠲᠡᠯᠡᠬᠦ ᠲᠤᠬᠠᠶ
ᠨᠡᠶ᠋ᠢᠲᠡᠯᠡᠭᠰᠡᠨ ᠴᠠᠭ᠄ 2022-09-02

       ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠤᠨ 《ᠠᠷᠪᠠᠨ ᠬᠣᠶᠠᠳᠤᠭ᠋ᠠᠷ ᠪᠦᠯᠦᠭ᠎ᠤᠨ 〈ᠲᠠᠯ᠎ᠠ ᠨᠤᠲᠤᠭ᠎ᠤᠨ ᠴᠢᠳᠠᠪᠤᠷᠢᠲᠠᠨ〉᠎ᠢ ᠰᠢᠯᠭ᠋ᠠᠷᠠᠭᠤᠯᠬᠤ᠎ᠪᠠᠷ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ》 (ᠥᠪᠥᠷ ᠵᠤᠬᠢᠶᠠᠨ ᠨᠡᠪᠳᠡᠷᠬᠡᠢ ᠥᠰᠥᠭ [2022] 33 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠲᠤᠰᠬᠠᠶ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠵᠤ᠂ ᠡᠯ᠎ᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠠᠨᠢᠯᠴᠠᠭᠤᠯᠤᠭᠰᠠᠨ ᠠᠷᠪᠠᠨ ᠬᠣᠶᠠᠳᠤᠭ᠋ᠠᠷ ᠪᠦᠯᠦᠭ᠎ᠤᠨ 《ᠲᠠᠯ᠎ᠠ ᠨᠤᠲᠤᠭ᠎ᠤᠨ ᠴᠢᠳᠠᠪᠤᠷᠢᠲᠠᠨ》᠎ᠤ ᠣᠨᠴᠠ ᠲᠣᠭᠲᠠᠭᠰᠠᠨ ᠬᠦᠷᠢᠶᠡᠨ᠎ᠳᠠᠬᠢ ᠲᠤᠰᠬᠠᠶ ᠬᠤᠪᠢ ᠬᠥᠮᠦᠨ᠎ᠤ ᠳᠡᠭᠡᠳᠦ ᠮᠡᠷᠭᠡᠵᠢᠯ᠎ᠤᠨ ᠴᠢᠳᠠᠪᠤᠷᠢᠲᠠᠨ ᠵᠶ᠋ᠠᠷ ᠮᠡᠳᠡᠭᠦᠯᠬᠦ ᠮᠠᠲ᠋ᠧᠷᠢᠶᠠᠯ᠎ᠳᠤ ᠠᠩᠬᠠᠨ᠎ᠤ ᠦᠨᠡᠯᠡᠯᠲᠡ ᠬᠢᠵᠦ᠂ ᠮᠧᠩ ᠴᠢᠶᠠᠩ ᠵᠡᠷᠭᠡ 14 ᠬᠥᠮᠦᠨ᠎ᠢ ᠠᠷᠪᠠᠨ ᠬᠣᠶᠠᠳᠤᠭ᠋ᠠᠷ ᠪᠦᠯᠦᠭ᠎ᠤᠨ 《ᠲᠠᠯ᠎ᠠ ᠨᠤᠲᠤᠭ᠎ᠤᠨ ᠴᠢᠳᠠᠪᠤᠷᠢᠲᠠᠨ》᠎ᠤ ᠣᠨᠴᠠ ᠲᠣᠭᠲᠠᠭᠰᠠᠨ ᠬᠦᠷᠢᠶᠡᠨ᠎ᠳᠠᠬᠢ ᠲᠤᠰᠬᠠᠶ ᠬᠤᠪᠢ ᠬᠥᠮᠦᠨ᠎ᠤ ᠳᠡᠭᠡᠳᠦ ᠮᠡᠷᠭᠡᠵᠢᠯ᠎ᠤᠨ ᠴᠢᠳᠠᠪᠤᠷᠢᠲᠠᠨ ᠵᠶ᠋ᠠᠷ ᠵᠢᠱ᠌ᠢᠭᠳᠡᠭᠰᠡᠳ ᠵᠶ᠋ᠠᠷ ᠲᠣᠭᠲᠠᠭ᠋ᠠᠪᠠ (ᠳᠠᠭ᠋ᠠᠯᠳᠤᠭᠤᠯᠤᠯ᠎ᠳᠤ ᠦᠵᠡ)᠃
       ᠣᠲᠣ ᠠᠩᠬᠠᠨ᠎ᠤ ᠰᠢᠯᠭ᠋ᠠᠷᠠᠭᠤᠯᠤᠯᠲᠠ ᠵᠢᠨ ᠦᠷ᠎ᠡ ᠳ᠋ᠦᠩ᠎ᠢ ᠵᠠᠷᠯᠠᠨ ᠨᠡᠶ᠋ᠢᠲᠡᠯᠡᠶ᠎ᠡ᠂ ᠵᠠᠷᠯᠠᠨ ᠨᠡᠶ᠋ᠢᠲᠡᠯᠡᠬᠦ ᠬᠤᠭᠤᠴᠠᠭ᠎ᠠ᠎ᠨᠢ 2022 ᠣᠨ᠎ᠤ 9 ᠰᠠᠷ᠎ᠠ ᠵᠢᠨ 1᠎ᠤ ᠡᠳᠦᠷ᠎ᠠᠴᠠ 2022 ᠣᠨ᠎ᠤ 9 ᠰᠠᠷ᠎ᠠ ᠵᠢᠨ 7᠎ᠤ ᠡᠳᠦᠷ ᠪᠣᠯᠤᠨ᠎ᠠ᠃ ᠨᠡᠶ᠋ᠢᠲᠡ᠎ᠳᠤ ᠵᠠᠷᠯᠠᠬᠤ ᠬᠤᠭᠤᠴᠠᠭ᠋ᠠᠨ᠎ᠳᠤ᠂ ᠨᠡᠶ᠋ᠢᠲᠡ᠎ᠳᠤ ᠵᠠᠷᠯᠠᠬᠤ ᠡᠲᠡᠭᠡᠳ ᠪᠤᠶᠤ ᠠᠩᠬ᠎ᠠ ᠦᠨᠡᠯᠡᠭᠰᠡᠨ ᠦᠷ᠎ᠡ ᠳ᠋ᠦᠩ᠎ᠳᠤ ᠤᠨᠳᠤᠤ ᠰᠠᠨᠠᠯ᠎ᠲᠠᠢ ᠪᠣᠯ᠂ ᠤᠲᠠᠰᠤ ᠪᠤᠶᠤ ᠢᠮᠧᠯ ᠵᠡᠷᠭᠡ ᠠᠷᠭ᠎ᠠ ᠮᠠᠶᠢᠭ ᠵᠶ᠋ᠠᠷ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠳᠤ ᠲᠤᠰᠬᠠᠬᠤ ᠬᠡᠷᠡᠭᠲᠡᠶ᠃ ᠠᠰᠠᠭᠤᠳᠠᠯ᠎ᠢ ᠲᠤᠰᠬᠠᠬᠤ᠎ᠳᠠᠭᠠᠨ ᠦᠨᠡᠨ᠎ᠠᠴᠠ ᠵᠥᠪ᠎ᠢ ᠡᠷᠢᠵᠦ᠂ ᠪᠤᠰᠤᠳᠴᠢ᠂ ᠲᠥᠪ ᠭᠣᠣᠯᠴᠢ᠂ ᠪᠣᠳᠠᠲᠠᠢ ᠪᠠᠢ᠌ᠵᠤ᠂ ᠤᠲᠠᠰᠤ᠂ ᠢᠷᠡᠭᠦᠯᠦᠭᠰᠡᠨ ᠵᠠᠬᠢᠳᠠᠯ᠎ᠨᠢ ᠡᠷᠬᠡᠪᠰᠢ ᠦᠨᠡᠨ ᠨᠡᠷ᠎ᠡ ᠪᠠ ᠬᠠᠷᠢᠯᠴᠠᠬᠤ ᠠᠷᠭ᠎ᠠ᠎ᠪᠠᠨ ᠬᠠᠩᠭ᠋ᠠᠬᠤ ᠪᠤᠶᠤ ᠭᠠᠷ᠎ᠤᠨ ᠦᠰᠦᠭ ᠵᠢᠷᠤᠬᠤ ᠬᠡᠷᠡᠭᠲᠡᠢ᠂ ᠡᠰᠡ ᠲᠡᠭᠡᠪᠡᠯ ᠬᠦᠯᠢᠶᠡᠨ ᠠᠪᠴᠤ ᠰᠢᠢ᠍ᠳᠪᠦᠷᠢᠯᠡᠬᠦ

ᠦᠭᠡᠢ᠃ ᠭᠥᠯᠢᠶᠡᠨ ᠠᠪᠴᠤ ᠰᠢᠢ᠍ᠳᠪᠦᠷᠢᠯᠡᠬᠦ ᠰᠠᠯᠠᠭ᠎ᠠ ᠮᠥᠴᠢᠷ᠎ᠨᠢ ᠪᠠᠶ᠋ᠢᠳᠠᠯ᠎ᠢ ᠲᠤᠰᠬᠠᠭᠰᠠᠨ ᠠᠭᠤᠯᠭ᠎ᠠ ᠪᠠ ᠬᠥᠮᠦᠰ᠎ᠢ ᠲᠤᠰᠬᠠᠭᠰᠠᠨ ᠬᠠᠮᠢᠶ᠎ᠠ ᠪᠥᠬᠥᠶ ᠮᠡᠳᠡᠭᠡ ᠵᠠᠩᠭᠢ ᠵᠢᠨ ᠨᠢᠭᠤᠴᠠ ᠵᠢ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠬᠠᠮᠠᠭ᠋ᠠᠯᠠᠨ᠎ᠠ᠃   
       ᠳ᠋ᠢᠶᠠᠩᠬᠤᠸᠠ᠄ (0471) 69446226944905   
       ᠢᠮᠧᠯ᠄ nmgrstzjc @ 163 . com
       ᠳᠠᠭ᠋ᠠᠯᠳᠤᠭᠤᠯᠤᠯ᠄ 《ᠲᠠᠯ᠎ᠠ ᠨᠤᠲᠤᠭ᠎ᠤᠨ ᠴᠢᠳᠠᠪᠤᠷᠢᠲᠠᠨ》᠎ᠤ ᠣᠨᠴᠠ ᠲᠣᠭᠲᠠᠭᠰᠠᠨ ᠬᠦᠷᠢᠶᠡᠨ᠎ᠳᠠᠬᠢ ᠲᠤᠰᠬᠠᠶ ᠲᠥᠷᠥᠯ᠎ᠤᠨ ᠬᠤᠪᠢ ᠬᠥᠮᠦᠨ᠎ᠤ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠵᠢᠱ᠌ᠢᠭᠳᠡᠭᠴᠢ ᠵᠢᠨ ᠨᠡᠷᠡᠰ
    
             ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ

             ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ   
                    2022 ᠣᠨ᠎ᠤ 9 ᠳ᠋ᠤᠭᠡᠷ ᠰᠠᠷ᠎ᠠ ᠵᠢᠨ 1᠎ᠤ ᠡᠳᠦᠷ


ᠳᠠᠭ᠋ᠠᠯᠳᠤᠭᠤᠯᠤᠯ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠬᠥᠬᠢᠭᠦᠯᠦᠨ ᠰᠠᠶ᠋ᠢᠰᠢᠶᠠᠬᠤ ᠵᠢᠱ᠌ᠢᠭᠳᠡᠭᠴᠢ ᠪᠠ ᠵᠢᠱ᠌ᠢᠭᠳᠡᠭᠴᠢ ᠨᠢᠭᠡᠴᠢ ᠵᠢᠨ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠤᠨ ᠲᠤᠬᠠᠶ ᠵᠠᠷᠯᠠᠯ
ᠥᠪᠥᠷ ᠮᠣᠩᠭᠣᠯ᠎ᠤᠨ ᠨᠢᠭᠡᠳᠦᠭᠡᠷ ᠮᠠᠰᠢᠨ ᠮᠧᠬᠠᠨᠢᠭ᠎ᠤᠨ ᠪᠦᠯᠦᠭᠯᠡᠯ᠎ᠤᠨ ᠶᠡᠷᠦᠩᠬᠡᠶ᠋ᠢᠯᠡᠭᠰᠡᠨ ᠠᠵᠤ ᠠᠬᠤᠶ᠋ᠢᠯᠠᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ 2022 ᠣᠨ᠎ᠤ ᠲᠠᠪᠤᠳᠤᠭ᠋ᠠᠷ ᠪᠦᠯᠦᠭ᠎ᠤᠨ ᠣᠨᠴᠠᠭ᠋ᠠᠶ ᠠᠵᠢᠯ ᠲᠥᠷᠥᠯ᠎ᠤᠨ ᠠᠵᠢᠯ᠎ᠠᠴᠠ᠎ᠪᠠᠨ ᠠᠮᠠᠷᠠᠭᠰᠠᠳ᠎ᠤᠨ ᠲᠤᠬᠠᠶ ᠵᠠᠷᠯᠠᠯ
ᠵᠠᠯᠠᠶ᠋ᠢᠨᠠᠭᠤᠷ᠎ᠤᠨ ᠨᠡᠭᠦᠷᠡᠰᠦᠨ᠎ᠤ ᠦᠢ᠍ᠯᠡᠰ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ 2022 ᠣᠨ᠎ᠤ ᠶᠢᠰᠦᠳᠦᠭᠡᠷ ᠪᠦᠯᠦᠭ ᠣᠨᠴᠠᠭ᠋ᠠᠶ ᠠᠵᠢᠯ ᠲᠥᠷᠥᠯ ᠵᠶ᠋ᠠᠷ ᠭᠤᠶᠤᠴᠢᠯᠠᠭᠰᠠᠨ ᠠᠵᠢᠯ᠎ᠠᠴᠠ᠎ᠪᠠᠨ ᠠᠮᠠᠷᠠᠭᠰᠠᠳ᠎ᠤᠨ ᠲᠤᠬᠠᠶ ᠵᠠᠷᠯᠠᠯ
ᠳᠤᠮᠳᠠᠳᠤ ᠤᠯᠤᠰ᠎ᠤᠨ ᠱᠸᠨ ᠬᠤᠸᠠ ᠡᠨᠧᠷᠭᠢ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠱᠸᠨ ᠳ᠋ᠦᠩ ᠨᠡᠭᠦᠷᠡᠰᠦᠨ᠎ᠤ ᠬᠤᠪᠢᠶᠠᠷᠢ ᠺᠣᠮᠫᠠᠨᠢ ᠵᠢᠨ 2022 ᠣᠨ᠎ᠤ ᠲᠠᠪᠤᠳᠤᠭ᠋ᠠᠷ ᠪᠦᠯᠦᠭ᠎ᠤᠨ ᠣᠨᠴᠠᠭ᠋ᠠᠶ ᠠᠵᠢᠯ ᠲᠥᠷᠥᠯ᠎ᠤᠨ ᠠᠵᠢᠯ᠎ᠠᠴᠠ᠎ᠪᠠᠨ ᠠᠮᠠᠷᠠᠭᠰᠠᠳ᠎ᠤᠨ ᠲᠤᠬᠠᠶ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠭᠤᠤᠯᠳᠠᠯᠭ᠎ᠠ᠎ᠲᠠᠢ ᠠᠵᠤ ᠦᠢ᠍ᠯᠡᠰ ᠭᠤᠤᠯᠳᠠᠯᠭ᠎ᠠ᠎ᠲᠠᠢ ᠣᠷᠣᠨ ᠪᠦᠰᠡ᠎ᠳᠤ ᠪᠠᠴᠢᠮ ᠱᠠᠭ᠋ᠠᠷᠳᠠᠭᠳᠠᠵᠤ ᠪᠠᠶ᠋ᠢᠭ᠎ᠠ ᠳᠡᠭᠡᠳᠦ ᠲᠠᠰ᠎ᠤᠨ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠭᠠᠷᠴᠠᠭ》᠎ᠢ ᠨᠡᠶ᠋ᠢᠲᠡᠯᠡᠪᠡ
 
            