ᠥᠷᠭᠡᠨ ᠣᠯᠠᠨ ᠮᠠᠯᠴᠢᠨ ᠲᠠᠷᠢᠶᠠᠴᠢᠨ ᠬᠦᠴᠦ ᠶᠠᠪᠤᠭᠴᠢᠳ ᠨᠠᠶ᠋ᠢᠵᠠ ᠨᠠᠷ ᠡ᠄
ᠥᠩᠭᠡᠷᠡᠭᠰᠡᠨ ᠨᠢᠭᠡ ᠵᠢᠯ᠎ᠳᠤ᠂ ᠲᠠ ᠬᠡᠷ ᠨᠤᠲᠤᠭ᠎ᠠᠴᠠ᠎ᠪᠠᠨ ᠰᠠᠯᠵᠤ᠂ ᠲᠥᠷᠥᠯ ᠰᠠᠳᠤᠨᠠᠴᠠᠪᠠᠨ ᠰᠠᠯᠵᠤ᠂ ᠬᠦᠰᠡᠯ ᠵᠡᠭᠦᠳᠦ᠎ᠪᠠᠨ ᠡᠪᠦᠷᠯᠡᠨ᠂ ᠴᠢᠷᠮᠠᠶ᠋ᠢᠨ ᠲᠡᠮᠡᠴᠡᠵᠦ᠂ ᠬᠡᠷ ᠨᠤᠲᠤᠭ᠎ᠤᠨ ᠵᠶ᠋ᠠᠨ ᠬᠥᠭᠵᠢᠯᠲᠡ᠎ᠳᠤ ᠴᠢᠷᠮᠠᠶ᠋ᠢᠨ ᠬᠤᠪᠢ ᠨᠡᠮᠡᠷᠢ ᠦᠵᠡᠭᠦᠯᠵᠦ᠂ ᠬᠣᠲᠠ ᠵᠢᠨ ᠪᠥᠲᠥᠭᠡᠨ ᠪᠠᠶ᠋ᠢᠭᠤᠯᠤᠯᠲᠠ᠎ᠳᠤ ᠬᠤᠪᠢ ᠨᠡᠮᠡᠷᠢ ᠦᠵᠡᠭᠦᠯᠵᠦ᠂ ᠬᠡᠷ ᠪᠦᠯᠢ ᠵᠢᠨ ᠵᠶ᠋ᠠᠨ ᠵᠣᠯ ᠵᠢᠷᠭ᠋ᠠᠯ᠎ᠤᠨ ᠲᠥᠯᠥᠭᠡ ᠠᠵᠢᠯᠴᠢ ᠬᠥᠳᠡᠯᠮᠦᠷᠢᠴᠢ᠎ᠪᠠᠷ ᠣᠷᠣᠯᠭ᠎ᠠ᠎ᠪᠠᠨ ᠨᠡᠮᠡᠭᠳᠡᠭᠦᠯᠵᠦ᠂ ᠲᠠᠯ᠎ᠠ ᠨᠤᠲᠤᠭ᠎ᠤᠨ ᠬᠥᠪᠡᠭᠦᠳ ᠥᠬᠢᠳ᠎ᠤᠨ ᠠᠵᠢᠯᠴᠢ ᠬᠥᠳᠡᠯᠮᠦᠷᠢᠴᠢ ᠪᠠ ᠣᠶᠤᠨ ᠤᠬᠠᠭ᠋ᠠᠨ᠎ᠢ ᠭᠦᠶᠴᠡᠳ ᠢᠯᠡᠷᠡᠭᠦᠯᠵᠦ᠂ ᠥᠪᠥᠷ ᠮᠣᠩᠭᠣᠯ᠎ᠤᠨ ᠠᠷᠠᠳ ᠲᠦᠮᠡᠨ᠎ᠤ ᠰᠠᠶ᠋ᠢᠨ ᠰᠠᠶ᠋ᠢᠬᠠᠨ ᠳᠦᠷᠢ ᠲᠥᠷᠬᠦ ᠵᠢ ᠪᠣᠶ ᠪᠣᠯᠭ᠋ᠠᠪᠠ᠃ ᠡᠨᠳᠡ ᠪᠢ ᠴᠢᠩ ᠰᠡᠳᠬᠢᠯ᠎ᠠᠴᠠ᠎ᠪᠠᠨ ᠲᠠᠨ᠎ᠳᠤ ᠵᠦᠳᠡᠷᠡᠯ᠎ᠡ ᠭᠡᠵᠦ ᠬᠡᠯᠡᠶ᠎ᠡ᠃
ᠣᠳᠣᠬᠠᠨ᠎ᠳᠤ ᠤᠯᠤᠰ᠎ᠤᠨ ᠳᠣᠲᠣᠭ᠋ᠠᠳᠤ ᠪᠠ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ ᠮᠥᠨ ᠬᠦ᠌ ᠨᠠᠷᠢᠨ ᠪᠤᠳᠤᠯᠢᠶᠠᠨᠲᠠᠶ ᠬᠦᠨᠳᠦ ᠨᠣᠴᠢᠲᠠᠶ ᠪᠠᠶ᠋ᠢᠳᠠᠯ᠎ᠳᠤ ᠲᠤᠯᠭ᠋ᠠᠷᠠᠵᠤ ᠪᠠᠶ᠋ᠢᠨ᠎ᠠ᠂ ᠲᠠ ᠵᠢᠴᠢ ᠲᠡᠳᠡᠨ᠎ᠤ ᠬᠡᠷ᠎ᠤᠨ ᠬᠥᠮᠦᠰ᠎ᠤᠨ ᠠᠮᠢ ᠨᠠᠰᠤ ᠡᠷᠡᠭᠦᠯ ᠮᠡᠨᠳᠦ ᠵᠢ ᠪᠠᠲᠤᠯᠠᠬᠤ ᠵᠢᠨ ᠲᠥᠯᠥᠭᠡ᠂ ᠤᠯᠤᠰ ᠣᠷᠣᠨ᠎ᠤ ᠡᠶ᠎ᠡ ᠵᠣᠬᠢᠴᠠᠩᠭᠤᠶ ᠲᠣᠭᠲᠠᠭᠤᠨ᠎ᠢ ᠪᠠᠲᠤᠯᠠᠬᠤ ᠵᠢᠨ ᠲᠥᠯᠥᠭᠡ᠂ ᠥᠷᠭᠡᠨ ᠣᠯᠠᠨ ᠬᠥᠯᠥᠰᠥᠨ ᠮᠠᠯᠴᠢᠨ ᠲᠠᠷᠢᠶᠠᠴᠢᠨ ᠨᠠᠶ᠋ᠢᠵᠠ ᠨᠠᠷ ᠪᠢᠳᠠᠨ᠎ᠲᠠᠢ ᠭᠠᠷ ᠬᠣᠯᠪᠣᠨ ᠯᠠᠪᠳᠠᠭᠤᠨ ᠪᠠᠲᠤᠲᠠᠶ ᠠᠵᠢᠯᠯᠠᠵᠤ ᠨᠢᠭᠲᠠ ᠬᠠᠮᠵᠢᠯᠴᠠᠬᠤ ᠵᠢ ᠬᠦᠰᠡᠵᠦ ᠪᠠᠶ᠋ᠢᠨ᠎ᠠ᠃
ᠲᠠ ᠴᠢᠳᠠᠬᠤ ᠵᠢᠨ ᠬᠢᠷᠢ᠎ᠪᠠᠷ ᠲᠤᠬᠠᠶ ᠵᠢᠨ ᠭᠠᠵᠠᠷ᠎ᠲᠠᠭᠠᠨ ᠰᠢᠨᠡᠯᠡᠭᠡᠷᠡᠶ᠃ ᠣᠬᠣᠷᠬᠠᠨ ᠰᠠᠯᠤᠯ᠎ᠨᠢ ᠨᠠᠩ ᠤᠷᠲᠤ ᠤᠳᠠᠭ᠋ᠠᠨ ᠬᠠᠷᠢᠯᠴᠠᠨ ᠰᠠᠬᠢᠬᠤ ᠵᠢᠨ ᠲᠥᠯᠥᠭᠡ᠃ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠂ ᠬᠡᠷᠪᠡ ᠨᠥᠬᠥᠴᠡᠯ ᠪᠣᠯᠤᠮᠵᠢ᠎ᠲᠠᠢ ᠪᠣᠯ᠂ ᠲᠠ ᠪᠠᠷᠢᠯᠭ᠎ᠠ ᠵᠢᠨ ᠭᠠᠵᠠᠷ᠎ᠲᠠᠭᠠᠨ ᠦᠯᠡᠳᠡᠵᠦ ᠰᠢᠨᠡᠯᠡᠵᠦ᠂ ᠴᠢᠬᠤᠯᠠ ᠪᠤᠰᠤ ᠰᠢᠯᠵᠢᠯᠲᠡ ᠵᠢ ᠪᠠᠭ᠋ᠠᠰᠬᠠᠬᠤ ᠵᠢ ᠬᠦᠰᠡᠵᠦ ᠪᠠᠶ᠋ᠢᠨ᠎ᠠ᠂ ᠲᠠ ᠲᠤᠬᠠᠶ ᠵᠢᠨ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠣᠬᠢᠷᠠᠭᠤᠯᠤᠯᠲᠠ᠎ᠳᠤ ᠢᠳᠡᠪᠬᠢᠲᠡᠶ ᠬᠠᠮᠵᠢᠯᠴᠠᠵᠤ᠂ ᠲᠠ ᠪᠣᠯᠤᠨ ᠬᠡᠷ᠎ᠤᠨ ᠬᠥᠮᠦᠰ᠎ᠤᠨ ᠠᠮᠤᠷ ᠲᠦᠪᠰᠢᠨ᠎ᠤ ᠲᠥᠯᠥᠭᠡ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠬᠢᠬᠦ ᠵᠢ ᠬᠦᠰᠡᠵᠦ ᠪᠠᠶ᠋ᠢᠨ᠎ᠠ᠃
ᠲᠠ ᠡᠷᠬᠡᠪᠰᠢ ᠠᠮᠤᠷ ᠲᠦᠪᠰᠢᠨ ᠵᠶ᠋ᠠᠷ ᠭᠠᠳᠠᠭᠰᠢ ᠭᠠᠷᠬᠤ ᠵᠢ ᠪᠠᠲᠤᠯᠠᠭ᠋ᠠᠷᠠᠶ᠃ ᠬᠡᠷᠪᠡ ᠲᠠ ᠦᠨᠡᠬᠡᠷ ᠨᠤᠲᠤᠭ᠎ᠲᠠᠭᠠᠨ ᠪᠤᠴᠠᠵᠤ ᠰᠢᠨᠡᠯᠡᠬᠦ ᠴᠢᠬᠤᠯᠠᠲᠠᠶ ᠪᠣᠯ᠂ ᠨᠤᠲᠤᠭ᠎ᠲᠠᠭᠠᠨ ᠪᠤᠴᠠᠬᠤ ᠲᠣᠬᠢᠷᠠᠭᠤᠯᠤᠯᠲᠠ᠎ᠪᠠᠨ ᠤᠷᠢᠳᠴᠢᠯᠠᠨ ᠰᠠᠶ᠋ᠢᠲᠤᠷ ᠬᠢᠵᠦ᠂ ᠬᠠᠮᠢᠶ᠎ᠠ ᠪᠥᠬᠥᠶ ᠭᠠᠵᠠᠷ ᠣᠷᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ ᠵᠢ ᠨᠢᠭᠲᠠ ᠠᠩᠬᠠᠷᠤᠭ᠋ᠠᠷᠠᠶ᠃ ᠬᠡᠷ᠎ᠲᠡᠭᠡᠨ ᠬᠠᠷᠢᠭᠰᠠᠨ᠎ᠤ ᠳᠠᠷᠠᠭ᠎ᠠ ᠬᠢᠵᠢᠭ᠎ᠢ ᠰᠡᠷᠭᠡᠶ᠋ᠢᠯᠡᠬᠦ ᠱᠠᠭ᠋ᠠᠷᠳᠠᠯᠭ᠎ᠠ ᠶᠣᠰᠣᠭ᠋ᠠᠷ ᠪᠠᠶ᠋ᠢᠭ᠎ᠠ ᠭᠠᠴᠠᠭ᠎ᠠ ᠲᠣᠰᠬᠣᠨ (ᠨᠡᠶ᠋ᠢᠭᠡᠮ ᠲᠣᠭᠣᠷᠢᠭ)᠎ᠳᠤ ᠰᠠᠨᠠᠭ᠋ᠠᠴᠢᠯᠠᠭ᠎ᠠ᠎ᠠᠴᠠ᠎ᠪᠠᠨ ᠮᠡᠳᠡᠭᠦᠯᠦᠨ ᠳᠠᠩᠰᠠᠯᠠᠭᠤᠯᠵᠤ᠂ ᠮᠡᠳᠡᠭᠡ ᠵᠠᠩᠭᠢ ᠵᠢ ᠵᠢᠭᠰᠠᠭ᠋ᠠᠨ ᠪᠠᠶ᠋ᠢᠴᠠᠭ᠋ᠠᠬᠤ᠂ ᠬᠡᠷ᠎ᠲᠡᠭᠡᠨ ᠲᠤᠰᠠᠭ᠋ᠠᠷᠯᠠᠬᠤ᠂ ᠡᠷᠡᠭᠦᠯ ᠮᠡᠨᠳᠦ ᠵᠢ ᠮᠡᠳᠡᠭᠦᠯᠬᠦ ᠵᠡᠷᠭᠡ ᠠᠵᠢᠯ᠎ᠢ ᠢᠳᠡᠪᠬᠢᠲᠡᠶ ᠬᠠᠮᠵᠢᠯᠴᠠᠨ ᠰᠠᠶ᠋ᠢᠲᠤᠷ ᠬᠢᠵᠦ᠂ ᠢᠯᠠᠩᠭᠤᠶ᠎ᠠ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ᠎ᠳᠤ ᠬᠢᠵᠢᠭ᠎ᠤᠨ ᠪᠠᠶ᠋ᠢᠳᠠᠯ᠎ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠲᠤᠭ᠋ᠠᠶ᠃ ᠵᠠᠮ ᠵᠠᠭᠤᠷ᠎ᠠ ᠰᠢᠨᠵᠢᠯᠡᠬᠦ ᠤᠬᠠᠭ᠋ᠠᠨᠴᠢ᠎ᠪᠠᠷ ᠠᠮᠠᠪᠴᠢ ᠵᠡᠭᠦᠵᠦ᠂ ᠭᠠᠷ ᠵᠶ᠋ᠠᠨ ᠦᠷᠭᠦᠯᠵᠢ ᠤᠬᠢᠶᠠᠬᠤ᠂ ᠬᠠᠨᠢᠶᠠᠬᠤ᠂ ᠨᠠᠶ᠋ᠢᠲᠠᠭ᠋ᠠᠬᠤ ᠦᠶ᠎ᠡ᠎ᠳᠤ ᠬᠠᠯᠬᠠᠯᠠᠬᠤ ᠵᠢ ᠠᠩᠬᠠᠷᠴᠤ᠂ ᠡᠪᠡᠳᠴᠢᠨ᠎ᠤ ᠢᠯᠡᠷᠡᠯ᠎ᠲᠠᠢ ᠪᠣᠯ ᠴᠠᠭ ᠲᠤᠬᠠᠶ᠎ᠳᠤᠨᠢ ᠡᠮᠨᠡᠭᠦᠯᠬᠦ ᠬᠡᠷᠡᠭᠲᠡᠶ᠃
ᠲᠠ ᠡᠷᠬᠡᠪᠰᠢ ᠬᠤᠪᠢ ᠬᠥᠮᠦᠨ᠎ᠤ ᠰᠡᠷᠭᠡᠶ᠋ᠢᠯᠡᠯᠲᠡ᠎ᠪᠠᠨ ᠰᠠᠢ᠌ᠲᠤᠷ ᠬᠢᠭᠡᠷᠡᠶ᠃ ᠲᠠ ᠬᠠᠮᠢᠭ᠎ᠠ ᠪᠠᠶᠠᠷ᠎ᠤᠨ ᠡᠳᠦᠷ ᠥᠩᠭᠡᠷᠡᠬᠦ ᠵᠢ ᠰᠣᠩᠭᠣᠭᠰᠠᠨ ᠴᠤ᠌ ᠴᠥᠮ ᠲᠤᠬᠠᠢ ᠵᠢᠨ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠬᠤ ᠬᠡᠷᠡᠭᠲᠡᠢ᠃ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠢᠯᠠᠩᠭᠤᠶ᠎ᠠ ᠨᠢᠭᠲᠠ ᠪᠢᠲᠡᠭᠦᠮᠵᠢᠯᠡᠭᠰᠡᠨ ᠭᠠᠵᠠᠷ ᠲᠠᠯᠠᠪᠤᠷ᠎ᠲᠤ ᠴᠢᠳᠠᠬᠤ ᠵᠢᠨ ᠳᠣᠲᠣᠷ᠎ᠠ ᠣᠴᠢᠬᠤ ᠦᠭᠡᠶ᠂ ᠪᠤᠳᠠᠭ᠋ᠠᠯᠠᠬᠤ ᠦᠭᠡᠶ᠂ ᠴᠤᠭᠯᠠᠷᠠᠬᠤ ᠦᠭᠡᠶ ᠪᠠᠶ᠋ᠢᠵᠤ᠂ ᠦᠨᠡᠨᠬᠦ ᠭᠠᠳᠠᠭᠰᠢ ᠭᠠᠷᠬᠤ ᠴᠢᠬᠤᠯᠠᠲᠠᠢ ᠪᠣᠯ 1 ᠮᠸᠲᠷ᠎ᠠᠴᠠ ᠳᠡᠭᠡᠭᠰᠢ ᠨᠡᠶ᠋ᠢᠭᠡᠮ᠎ᠤᠨ ᠬᠠᠷᠢᠯᠴᠠᠭ᠋ᠠᠨ᠎ᠤ ᠵᠠᠶ᠎ᠲᠠᠢ ᠪᠠᠶ᠋ᠢᠬᠤ ᠵᠢ ᠪᠠᠲᠤᠯᠠᠬᠤ ᠬᠡᠷᠡᠭᠲᠡᠶ᠃ ᠭᠡᠷ ᠳᠣᠲᠣᠷ᠎ᠠ ᠦᠷᠭᠦᠯᠵᠢ ᠰᠠᠯᠬᠢ ᠨᠡᠪᠲᠡᠷᠡᠭᠦᠯᠵᠦ᠂ ᠠᠭ᠋ᠠᠷ ᠨᠡᠪᠲᠡᠷᠡᠬᠦ ᠵᠢ ᠪᠠᠲᠤᠯᠠᠬᠤ ᠬᠡᠷᠡᠭᠲᠡᠶ᠃ ᠲᠠᠨ᠎ᠤ ᠬᠡᠷ᠎ᠤᠨ ᠬᠥᠮᠦᠰ᠂ ᠲᠥᠷᠥᠯ ᠰᠠᠳᠤᠨ ᠵᠶ᠋ᠠᠨ ᠬᠠᠮᠠᠭ᠋ᠠᠯᠠᠬᠤ ᠵᠢᠨ ᠲᠥᠯᠥᠭᠡ᠂ ᠸᠠᠺᠼᠢᠨ᠎ᠤ ᠲᠠᠷᠢᠯᠭ᠎ᠠ ᠵᠢ ᠠᠯᠢ ᠲᠦᠷᠭᠡᠨ ᠵᠶ᠋ᠠᠷ
ᠪᠡᠶᠡᠯᠡᠭᠦᠯᠵᠦ᠂ ᠲᠠᠷᠢᠯᠭ᠎ᠠ ᠵᠢᠨ ᠪᠥᠬᠥ ᠶᠠᠪᠤᠴᠠ᠎ᠳᠤ 6 ᠰᠠᠷ᠎ᠠ᠎ᠠᠴᠠ ᠳᠡᠭᠡᠭᠰᠢ ᠪᠣᠯᠤᠭᠰᠠᠨ ᠪᠠᠶ᠋ᠢᠪᠠᠯ ᠲᠠᠷᠢᠯᠭ᠎ᠠ ᠵᠢ ᠴᠢᠩᠭ᠋ᠠᠳᠬᠠᠵᠤ᠂ ᠲᠠᠷᠢᠯᠭ᠎ᠠ ᠵᠢᠨ ᠬᠠᠯᠬᠠᠪᠴᠢ ᠵᠢ ᠪᠠᠶ᠋ᠢᠭᠤᠯᠬᠤ ᠬᠡᠷᠡᠭᠲᠡᠶ᠃
ᠲᠠ ᠠᠵᠢᠯ ᠵᠶ᠋ᠠᠨ ᠰᠡᠷᠭᠦᠭᠡᠬᠦ ᠲᠣᠬᠢᠷᠠᠭᠤᠯᠭ᠎ᠠ ᠵᠢ ᠡᠷᠬᠡᠪᠰᠢ ᠤᠷᠢᠳᠴᠢᠯᠠᠨ ᠰᠠᠶ᠋ᠢᠨ ᠬᠢᠭᠡᠷᠡᠶ᠃ ᠲᠠ ᠲᠤᠬᠠᠶ ᠵᠢᠨ ᠭᠠᠵᠠᠷ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠬᠥᠳᠡᠯᠮᠦᠷᠢ ᠵᠢᠨ ᠪᠠᠲᠤᠯᠠᠭ᠎ᠠ ᠵᠢᠨ ᠲᠤᠰᠠᠯᠠᠭᠴᠢ᠎ᠲᠠᠢ ᠢᠳᠡᠪᠬᠢᠲᠡᠶ ᠬᠠᠷᠢᠯᠴᠠᠬᠤ ᠵᠢᠨ ᠬᠠᠮᠲᠤ ᠬᠠᠮᠵᠢᠯᠴᠠᠭ᠋ᠠᠷᠠᠶ᠂ ᠪᠢᠳᠡ ᠲᠠᠨ᠎ᠤ ᠠᠵᠢᠯ ᠣᠯᠭᠣᠯᠲᠠ ᠵᠢᠨ ᠵᠦᠶ ᠵᠣᠬᠢᠰᠲᠠᠶ ᠬᠡᠷᠡᠭᠴᠡᠭᠡ ᠵᠢ ᠦᠨᠳᠦᠰᠦᠯᠡᠨ᠂ ᠲᠠᠨ᠎ᠳᠤ ᠨᠠᠷᠢᠨ ᠣᠨᠣᠪᠴᠢᠲᠠᠶ ᠦᠢ᠍ᠯᠡᠴᠢᠯᠡᠭᠡ ᠬᠠᠩᠭ᠋ᠠᠨ᠎ᠠ᠃ ᠬᠡᠷᠪᠡ ᠲᠠᠨ᠎ᠳᠤ ᠠᠵᠢᠯ᠎ᠤᠨ ᠪᠠᠶ᠋ᠢᠷᠢ᠎ᠳᠠᠭᠠᠨ ᠪᠤᠴᠠᠬᠤ ᠲᠥᠯᠥᠪᠯᠡᠭᠡ ᠪᠠᠶ᠋ᠢᠪᠠᠯ᠂ ᠠᠵᠢᠯᠯᠠᠬᠤ ᠨᠢᠭᠡᠴᠢ᠎ᠲᠠᠢ ᠤᠷᠢᠳᠴᠢᠯᠠᠨ ᠬᠠᠷᠢᠯᠴᠠᠵᠤ᠂ ᠠᠵᠢᠯ᠎ᠤᠨ ᠪᠠᠶ᠋ᠢᠷᠢ᠎ᠳᠠᠭᠠᠨ ᠪᠤᠴᠠᠬᠤ ᠴᠠᠭ᠎ᠢ ᠲᠣᠭᠲᠠᠭ᠋ᠠᠵᠤ᠂ ᠤᠷᠬᠢᠯ᠎ᠤᠨ ᠬᠤᠭᠤᠴᠠᠭ᠎ᠠ ᠵᠢ ᠵᠥᠷᠢᠭᠦᠯᠦᠨ ᠭᠠᠳᠠᠭᠰᠢ ᠭᠠᠷᠴᠤ᠂ ᠠᠮᠤᠷ ᠲᠦᠪᠰᠢᠨ ᠡᠮᠬᠢ ᠵᠢᠷᠤᠮ᠎ᠲᠠᠢ᠎ᠪᠠᠷ ᠠᠵᠢᠯ᠎ᠤᠨ ᠪᠠᠶ᠋ᠢᠷᠢ᠎ᠳᠠᠭᠠᠨ ᠬᠦᠷᠴᠦ ᠪᠣᠯᠤᠨ᠎ᠠ᠃ ᠴᠢᠬᠤᠯᠠᠲᠠᠢ ᠦᠶ᠎ᠡ᠎ᠳᠤ ᠪᠢᠳᠡ ᠮᠠᠯᠴᠢᠨ ᠲᠠᠷᠢᠶᠠᠴᠢᠨ ᠬᠦᠴᠦ ᠶᠠᠪᠤᠭᠴᠢᠳ᠎ᠤᠨ ᠠᠵᠢᠯ᠎ᠤᠨ ᠪᠠᠶ᠋ᠢᠷᠢ᠎ᠳᠠᠭᠠᠨ ᠪᠤᠴᠠᠵᠤ ᠠᠵᠢᠯ ᠵᠶ᠋ᠠᠨ ᠰᠡᠷᠭᠦᠭᠡᠬᠦ 《ᠴᠡᠭ᠎ᠠᠴᠠ ᠴᠡᠭ᠎ᠲᠤ ᠬᠥᠷᠬᠥ》 ᠠᠷᠭ᠎ᠠ ᠮᠠᠶᠢᠭ ᠵᠶ᠋ᠠᠷ ᠳᠡᠮᠵᠢᠨ ᠲᠠᠨ᠎ᠢ ᠬᠠᠪᠰᠤᠷᠤᠨ ᠠᠮᠤᠷ ᠲᠦᠪᠰᠢᠨ ᠵᠶ᠋ᠠᠷ
ᠠᠶᠠᠯᠠᠭᠤᠯᠤᠨ᠎ᠠ᠃
ᠲᠠᠨ᠎ᠤ ᠠᠮᠤᠷ ᠲᠦᠪᠰᠢᠨ ᠡᠷᠡᠭᠦᠯ ᠮᠡᠨᠳᠦ ᠪᠣᠯ ᠭᠡᠷ᠎ᠤᠨ ᠬᠥᠮᠦᠰ᠎ᠤᠨ ᠬᠠᠮᠤᠭ᠎ᠤᠨ ᠶᠡᠬᠡ ᠬᠦᠰᠡᠯ ᠡᠷᠡᠮᠡᠯᠵᠡᠯ ᠪᠣᠯᠤᠨ᠎ᠠ᠃ ᠪᠢᠯᠢᠭ᠎ᠤᠨ ᠤᠯᠠᠷᠢᠯ᠎ᠤᠨ ᠰᠢᠨ᠎ᠡ ᠵᠢᠯ ᠬᠦᠷᠴᠦ ᠢᠷᠡᠬᠦ ᠲᠠᠰᠢᠷᠠᠮ ᠵᠶ᠋ᠠᠷ᠂ ᠡᠨᠡ ᠬᠦ᠌ ᠵᠠᠬᠢᠳᠠᠯ ᠵᠶ᠋ᠠᠷ ᠲᠠ ᠵᠢᠴᠢ ᠲᠡᠭᠦᠨ᠎ᠤ ᠭᠡᠷ᠎ᠤᠨ ᠬᠥᠮᠦᠰ᠎ᠲᠤ ᠪᠠᠶᠠᠷ᠎ᠤᠨ ᠡᠳᠦᠷ᠎ᠤᠨ ᠮᠡᠨᠳᠦᠴᠢᠯᠡᠯ ᠪᠣᠯᠤᠨ ᠰᠠᠢ᠍ᠢ᠍ᠨ ᠰᠠᠶ᠋ᠢᠬᠠᠨ ᠵᠥᠩᠨᠡᠯ ᠳᠡᠪᠰᠢᠭᠦᠯᠵᠦ ᠪᠠᠶ᠋ᠢᠨ᠎ᠠ! ᠰᠢᠨ᠎ᠡ ᠨᠢᠭᠡᠨ ᠵᠢᠯ᠎ᠳᠤ ᠣᠯᠠᠨ᠎ᠤ ᠪᠡᠶ᠎ᠡ ᠮᠠᠬᠠᠪᠣᠳ ᠡᠷᠡᠭᠦᠯ
ᠴᠢᠭᠢᠷᠠᠭ᠂ ᠠᠵᠢᠯ ᠤᠷᠤᠭᠰᠢᠲᠠᠶ᠂ ᠭᠡᠷ ᠬᠣᠲᠠᠯᠠᠭ᠋ᠠᠷ ᠵᠶ᠋ᠠᠨ ᠪᠠᠶᠠᠷ ᠬᠥᠷ᠎ᠲᠠᠢ᠂ ᠵᠣᠯ ᠵᠢᠷᠭ᠋ᠠᠯ᠎ᠲᠠᠢ ᠠᠮᠤᠷ ᠠᠮᠤᠭᠤᠯᠠᠩ ᠪᠠᠶ᠋ᠢᠬᠤ ᠵᠢ ᠴᠢᠩ ᠰᠡᠳᠬᠢᠯ᠎ᠠᠴᠠ᠎ᠪᠠᠨ ᠵᠥᠩᠨᠡᠶ᠎ᠡ!