ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2023-11-15

      《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠰᠢᠯᠵᠢᠭᠦᠯᠬᠦ ᠲᠤᠬᠠᠢ ᠬᠡᠷᠡᠭᠵᠢᠭᠦᠯᠬᠦ ᠠᠷᠭ᠎ᠠ〉 ᠵᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》 (ᠥᠪᠥᠷ ᠮᠣᠩᠭᠣᠯ᠎ᠤᠨ ᠵᠠᠰᠠᠭ᠎ᠤᠨ ᠣᠷᠳᠣᠨ ᠲᠠᠷᠬᠠᠭ᠋ᠠᠪᠠ [2017] 77 ᠳ᠋ᠤᠭ᠋ᠠᠷ ᠲᠣᠭ᠋ᠠᠲᠤ) 《ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯ ᠦᠢ᠍ᠯᠡᠰ᠎ᠤᠨ ᠨᠢᠭᠡᠴᠢ ᠵᠢᠨ 〈ᠰᠠᠭ᠋ᠠᠳ ᠦᠭᠡᠢ ᠨᠡᠪᠲᠡᠷᠡᠬᠦ ᠵᠠᠮ〉 ᠵᠶ᠋ᠠᠷ ᠣᠷᠣᠭᠤᠯᠤᠨ ᠠᠪᠴᠢᠷᠠᠬᠤ ᠳᠡᠭᠡᠳᠦ ᠲᠠᠰ᠎ᠤᠨ ᠴᠢᠳᠠᠪᠤᠷᠢᠲᠠᠨ᠎ᠢ ᠬᠢᠨᠠᠨ ᠵᠥᠪᠰᠢᠶᠡᠷᠡᠬᠦ ᠳᠦᠷᠢᠮ᠎ᠠᠴᠠ ᠳᠠᠩᠰᠠᠯᠠᠬᠤ ᠳᠦᠷᠢᠮ ᠪᠣᠯᠭ᠋ᠠᠨ ᠥᠭᠡᠷᠡᠴᠢᠯᠡᠬᠦ ᠬᠣᠯᠪᠣᠭᠳᠠᠯ ᠪᠦᠬᠦᠢ ᠵᠦᠢ᠍ᠯᠡᠰ᠎ᠤᠨ ᠲᠤᠬᠠᠢ ᠮᠡᠳᠡᠭᠳᠡᠯ》 (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠲᠠᠷᠬᠠᠭ᠋ᠠᠪᠠ [2022] 78 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠥᠷ ᠮᠣᠩᠭᠣᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠴᠢᠳᠠᠪᠤᠷᠢᠲᠠᠨ ᠡᠯᠰᠡᠬᠦ ᠠᠯᠪᠠᠨ ᠵᠠᠷᠯᠠᠯ ᠨᠡᠢ᠌ᠲᠡᠯᠡᠬᠦ᠂ ᠨᠡᠷ᠎ᠡ ᠮᠡᠳᠡᠭᠦᠯᠬᠦ ᠠᠩᠬᠠᠨ᠎ᠤ ᠬᠢᠨᠠᠯᠲᠠ ᠵᠢ ᠵᠣᠬᠢᠶᠠᠨ ᠪᠠᠢ᠌ᠭᠤᠯᠬᠤ᠂ ᠬᠢᠷᠢ ᠬᠡᠮ᠎ᠢ ᠲᠠᠬᠢᠨ ᠬᠢᠨᠠᠨ ᠪᠠᠢ᠌ᠴᠠᠭ᠋ᠠᠬᠤ᠂  ᠨᠢᠭᠤᠷᠳᠠᠨ ᠰᠢᠯᠭ᠋ᠠᠵᠤ ᠦᠨᠡᠯᠡᠬᠦ᠂ ᠰᠢᠨᠵᠢᠯᠡᠨ ᠪᠠᠢ᠌ᠴᠠᠭ᠋ᠠᠬᠤ᠂ ᠪᠡᠶ᠎ᠡ ᠵᠢᠨ ᠪᠠᠢ᠌ᠴᠠᠭ᠋ᠠᠯᠲᠠ ᠬᠢᠬᠦ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ ᠨᠡᠢ᠌ᠲᠡ 3 ᠬᠥᠮᠥᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠴᠢᠳᠠᠪᠤᠷᠢᠲᠠᠨ᠎ᠤ ᠬᠡᠪᠴᠢᠶᠡᠨ᠎ᠳᠤ ᠣᠷᠣᠪᠠ᠂ ᠣᠲᠣ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠵᠢᠩᠬᠢᠨᠢ ᠳᠡᠭᠡᠳᠦ ᠲᠡᠰ᠎ᠤᠨ ᠲᠤᠰᠬᠠᠢ ᠮᠡᠷᠭᠡᠵᠢᠯ᠎ᠤᠨ ᠮᠡᠷᠭᠡᠵᠢᠯ᠎ᠤᠨ ᠴᠢᠳᠠᠪᠤᠷᠢᠲᠠᠨ᠎ᠢ ᠢᠯᠡ ᠨᠡᠢ᠌ᠲᠡᠯᠡᠶ᠎ᠡ᠃

      ᠨᠢᠭᠡ᠂  ᠵᠠᠷᠯᠠᠨ ᠨᠡᠢ᠌ᠲᠡᠯᠡᠬᠦ ᠡᠲᠡᠭᠡᠳ

      ᠴᠧᠨ ᠴᠤᠤ᠂ ᠡᠷᠡᠭᠲᠡᠢ᠂ 1980 ᠣᠨ᠎ᠤ 9 ᠰᠠᠷ᠎ᠠ ᠵᠢᠨ 2᠎ᠤᠨ ᠡᠳᠦᠷ ᠮᠡᠨᠳᠦᠯᠡᠪᠡ᠂ ᠶᠡᠬᠡ ᠰᠤᠷᠭ᠋ᠠᠭᠤᠯᠢ ᠵᠢᠨ ᠵᠢᠩᠬᠢᠨᠢ ᠠᠩᠭᠢ ᠵᠢᠨ ᠰᠤᠷᠤᠯᠭ᠎ᠠ ᠵᠢᠨ ᠨᠠᠮᠲᠠᠷ᠎ᠲᠠᠢ᠂ ᠢᠨᠵᠧᠨᠧᠷᠢᠩ᠎ᠤᠨ ᠮᠠᠰᠲ᠋ᠧᠷ᠂  ᠵᠢᠩᠬᠢᠨᠢ ᠳᠡᠭᠡᠳᠦ ᠵᠡᠷᠭᠡ ᠵᠢᠨ ᠢᠨᠵᠧᠨᠧᠷ᠂ ᠥᠪᠥᠷ ᠮᠣᠩᠭᠣᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠲᠤᠰᠬᠠᠢ ᠪᠠᠭᠰᠢ ᠵᠢᠨ ᠠᠵᠢᠯ᠎ᠤᠨ ᠪᠠᠶ᠋ᠢᠷᠢ᠎ᠳᠤ ᠤᠷᠢᠬᠤ᠎ᠪᠠᠷ ᠪᠤᠢ᠃

      ᠵᠢᠩ ᡁᠢ ᠾᠦᠢ᠂ ᠡᠷᠡᠭᠲᠡᠢ᠂ 1984 ᠣᠨ᠎ᠤ 7 ᠰᠠᠷ᠎ᠠ ᠵᠢᠨ 25 ᠎ᠤ ᠡᠳᠦᠷ ᠮᠡᠨᠳᠦᠯᠡᠪᠡ᠂ ᠶᠡᠬᠡ ᠰᠤᠷᠭ᠋ᠠᠭᠤᠯᠢ ᠵᠢᠨ ᠵᠢᠩᠬᠢᠨᠢ ᠠᠩᠭᠢ ᠵᠢᠨ ᠰᠤᠷᠤᠯᠭ᠎ᠠ ᠵᠢᠨ ᠨᠠᠮᠲᠠᠷ᠎ᠲᠠᠢ᠂ ᠲᠧᠭᠨᠢᠭ᠎ᠤᠨ ᠤᠬᠠᠭ᠋ᠠᠨ᠎ᠤ ᠣᠶᠤᠲᠠᠨ᠎ᠤ ᠡᠷᠳᠡᠮ᠎ᠤᠨ ᠴᠣᠯᠠ᠎ᠲᠠᠢ᠂  ᠵᠢᠩᠬᠢᠨᠢ ᠳᠡᠭᠡᠳᠦ ᠵᠡᠷᠭᠡ ᠵᠢᠨ ᠢᠨᠵᠧᠨᠧᠷ᠂ ᠥᠪᠥᠷ ᠮᠣᠩᠭᠣᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠲᠤᠰᠬᠠᠢ ᠪᠠᠭᠰᠢ ᠵᠢᠨ ᠠᠵᠢᠯ᠎ᠤᠨ ᠪᠠᠶ᠋ᠢᠷᠢ᠎ᠳᠤ ᠤᠷᠢᠬᠤ᠎ᠪᠠᠷ ᠪᠤᠢ᠃

      ᠵᠣᠣ ᠵᠢᠶᠠᠨ ᠬᠤᠸᠠ᠂ ᠡᠮᠡᠭᠲᠡᠢ᠂ 1975 ᠣᠨ᠎ᠤ 10 ᠰᠠᠷ᠎ᠠ ᠵᠢᠨ 20᠎ᠤ ᠡᠳᠦᠷ ᠮᠡᠨᠳᠦᠯᠡᠪᠡ᠂ ᠶᠡᠬᠡ ᠰᠤᠷᠭ᠋ᠠᠭᠤᠯᠢ ᠵᠢᠨ ᠵᠢᠩᠬᠢᠨᠢ ᠠᠩᠭᠢ ᠰᠤᠷᠤᠯᠭ᠎ᠠ ᠵᠢᠨ ᠨᠠᠮᠲᠠᠷ᠎ᠲᠠᠢ᠂ ᠲᠧᠭᠨᠢᠭ᠎ᠤᠨ ᠤᠬᠠᠭ᠋ᠠᠨ᠎ᠤ ᠣᠶᠤᠲᠠᠨ᠎ᠤ ᠡᠷᠳᠡᠮ᠎ᠤᠨ ᠴᠣᠯᠠ᠎ᠲᠠᠢ᠂  ᠵᠢᠩᠬᠢᠨᠢ ᠳᠡᠭᠡᠳᠦ ᠵᠡᠷᠭᠡ ᠵᠢᠨ ᠢᠨᠵᠧᠨᠧᠷ᠂ ᠥᠪᠥᠷ ᠮᠣᠩᠭᠣᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠲᠤᠰᠬᠠᠢ ᠪᠠᠭᠰᠢ ᠵᠢᠨ ᠠᠵᠢᠯ᠎ᠤᠨ ᠪᠠᠶ᠋ᠢᠷᠢ᠎ᠳᠤ ᠤᠷᠢᠬᠤ᠎ᠪᠠᠷ ᠪᠤᠢ᠃

      ᠬᠣᠶᠠᠷ᠂  ᠵᠠᠷᠯᠠᠨ ᠨᠡᠢ᠌ᠲᠡᠯᠡᠬᠦ ᠴᠠᠭ

      2023 ᠣᠨ᠎ᠤ 11 ᠰᠠᠷ᠎ᠠ ᠵᠢᠨ 1᠎ᠤ ᠡᠳᠦᠷ᠎ᠠᠴᠠ 2023 ᠣᠨ᠎ᠤ 11 ᠰᠠᠷ᠎ᠠ ᠵᠢᠨ 8᠎ᠤ ᠡᠳᠦᠷ ᠪᠤᠯᠲᠠᠯ᠎ᠠ

      ᠭᠤᠷᠪᠠ᠂ ᠬᠦᠯᠢᠶᠡᠨ ᠠᠪᠴᠤ ᠰᠢᠢ᠍ᠳᠪᠦᠷᠢᠯᠡᠬᠦ ᠬᠡᠯᠪᠡᠷᠢ

      ᠨᠢᠭᠡᠴᠢ ᠪᠣᠯᠣᠨ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠠᠷ ᠳᠡᠭᠡᠷ᠎ᠡ ᠳᠤᠷᠠᠳᠤᠭᠰᠠᠨ ᠵᠠᠷᠯᠠᠨ ᠨᠡᠢ᠌ᠲᠡᠯᠡᠬᠦ ᠡᠲᠡᠭᠡᠳ᠎ᠤᠨ ᠬᠣᠯᠪᠣᠭᠳᠠᠯ ᠪᠦᠬᠦᠢ ᠪᠠᠶ᠋ᠢᠳᠠᠯ ᠪᠣᠯᠣᠨ ᠠᠰᠠᠭᠤᠳᠠᠯ᠎ᠢ ᠲᠤᠰᠬᠠᠵᠤ ᠪᠣᠯᠣᠨ᠎ᠠ᠂ ᠪᠠᠢ᠌ᠳᠠᠯ᠎ᠢ ᠲᠤᠰᠬᠠᠭᠰᠠᠨ ᠨᠢᠭᠡᠴᠢ᠎ᠨᠢ ᠮᠠᠲ᠋ᠧᠷᠢᠶᠠᠯ ᠳᠡᠭᠡᠷ᠎ᠡ᠎ᠪᠠᠨ ᠨᠢᠭᠡᠴᠢ ᠵᠢᠨ ᠵᠶ᠋ᠡᠨ ᠠᠯᠪᠠᠨ ᠲᠠᠮᠠᠭ᠎ᠠ ᠵᠢ ᠳᠠᠷᠤᠵᠤ᠂ ᠬᠤᠪᠢ ᠬᠥᠮᠥᠨ ᠪᠣᠯ ᠦᠨᠡᠨ ᠨᠡᠷ᠎ᠡ᠎ᠪᠠᠨ ᠪᠢᠴᠢᠬᠦ ᠵᠢᠨ ᠬᠠᠮᠲᠤ ᠬᠠᠷᠢᠯᠴᠠᠬᠤ ᠠᠷᠭ᠎ᠠ ᠬᠡᠯᠪᠡᠷᠢ᠎ᠪᠠᠨ ᠬᠠᠩᠭ᠋ᠠᠬᠤ ᠬᠡᠷᠡᠭᠲᠡᠶ᠃

      ᠬᠦᠯᠢᠶᠡᠨ ᠠᠪᠴᠤ ᠰᠢᠢ᠍ᠳᠪᠦᠷᠢᠯᠡᠬᠦ ᠴᠠᠭ᠄ ᠦᠳᠡ ᠵᠢᠨ ᠡᠮᠦᠨᠡᠬᠢ  9᠄ 00  — 12᠄ 00᠂ ᠦᠳᠡ ᠵᠢᠨ ᠬᠣᠢ᠌ᠨᠠᠬᠢ 14᠄ 30 — 17᠄ 00

      ᠬᠦᠯᠢᠶᠡᠨ ᠠᠪᠴᠤ ᠰᠢᠢ᠍ᠳᠪᠦᠷᠢᠯᠡᠬᠦ ᠤᠲᠠᠰᠤ᠄ 0471 —  6946229

              ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ 

              ᠬᠦᠴᠦᠨ᠎ᠤᠨ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ

                  2023 ᠣᠨ᠎ᠤ 11 ᠰᠠᠷ᠎ᠠ ᠵᠢᠨ 1᠎ᠤ ᠡᠳᠦᠷ


ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠡᠮᠵᠢᠨ ᠰᠢᠯᠭ᠋ᠠᠬᠤ ᠰᠤᠳᠤᠯᠭ᠋ᠠᠨ᠎ᠤ ᠬᠦᠷᠢᠶᠡᠯᠡᠩ᠎ᠤᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠢ ᠵᠢᠨ ᠶᠡᠬᠡ ᠰᠤᠷᠭ᠋ᠠᠭᠤᠯᠢ ᠵᠢᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠤᠰᠬᠠᠢ ᠮᠡᠷᠭᠡᠵᠢᠯᠲᠡᠨ᠎ᠤ ᠦᠢ᠍ᠯᠡᠴᠢᠯᠡᠭᠡᠨ᠎ᠤ ᠰᠠᠭᠤᠷᠢᠨ᠎ᠢ ᠢᠯᠡ ᠨᠡᠢ᠌ᠲᠡᠯᠡᠬᠦ ᠲᠤᠬᠠᠢ ᠠᠯᠪᠠᠨ ᠵᠠᠷᠯᠠᠯ
2023 ᠣᠨ᠎ᠤ ᠪᠥᠬᠥ ᠣᠷᠣᠨ᠎ᠤ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢᠨ ᠪᠠᠭᠰᠢ ᠵᠢᠨ ᠰᠢᠷᠢᠰ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠺᠣᠮᠢᠰ᠎ᠤᠨ ᠬᠢᠨᠠᠨ ᠲᠣᠭᠲᠠᠭ᠋ᠠᠯᠲᠠ᠎ᠪᠠᠷ ᠪᠠᠲᠤᠯᠠᠭᠳᠠᠭᠰᠠᠳ᠎ᠤᠨ ᠨᠡᠷᠡᠰ᠎ᠤᠨ ᠲᠤᠬᠠᠢ ᠵᠠᠷᠯᠠᠯ
 
            