《ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ 2023 ᠣᠨ᠎ᠤ ᠪᠥᠬᠥ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠤᠨ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠬᠤ ᠲᠤᠬᠠᠢ》 (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠯᠪᠠᠨ ᠭᠡᠷ ᠲᠠᠷᠬᠠᠭ᠋ᠠᠪᠠ [2023] 79 ᠳ᠋ᠤᠭ᠋ᠠᠷ ᠲᠣᠭ᠋ᠠᠲᠤ) ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢᠨ ᠪᠠᠭᠰᠢ ᠵᠢᠨ ᠰᠢᠷᠢᠰ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠺᠣᠮᠢᠰ᠎ᠢ ᠵᠣᠬᠢᠶᠠᠨ ᠪᠠᠢ᠌ᠭᠤᠯᠵᠤ 2023 ᠣᠨ᠎ᠤ ᠪᠥᠬᠥ ᠣᠷᠣᠨ᠎ᠤ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢᠨ ᠪᠠᠭᠰᠢ ᠵᠢᠨ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠭᠤᠶᠤᠴᠢᠯᠠᠭᠰᠠᠨ ᠮᠠᠲ᠋ᠧᠷᠢᠶᠠᠯ᠎ᠳᠤ ᠬᠢᠨᠠᠨ ᠲᠣᠭᠲᠠᠭ᠋ᠠᠯᠲᠠ ᠬᠢᠪᠡ᠂ ᠡᠳᠦᠭᠡ ᠬᠢᠨᠠᠨ ᠲᠣᠭᠲᠠᠭ᠋ᠠᠬᠤ ᠺᠣᠮᠢᠰ᠎ᠤᠨ ᠬᠢᠨᠠᠨ ᠲᠣᠭᠲᠠᠭ᠋ᠠᠯᠲᠠ᠎ᠳᠤ ᠬᠢᠷᠢ ᠲᠡᠩᠴᠡᠭᠰᠡᠨ ᠬᠥᠮᠥᠰ᠎ᠤᠨ ᠨᠡᠷᠡᠰ᠎ᠢ ᠵᠠᠷᠯᠠᠨ ᠨᠡᠢ᠌ᠲᠡᠯᠡᠪᠡ᠂ ᠵᠠᠷᠯᠠᠨ ᠨᠡᠢ᠌ᠲᠡᠯᠡᠬᠦ ᠬᠤᠭᠤᠴᠠᠭ᠎ᠠ᠎ᠨᠢ 5 ᠠᠵᠢᠯᠯᠠᠬᠤ ᠡᠳᠦᠷ᠂ ᠳᠠᠷᠤᠢ 2023 ᠣᠨ᠎ᠤ 12 ᠰᠠᠷ᠎ᠠ ᠵᠢᠨ 1᠎ᠤ ᠡᠳᠦᠷ᠎ᠠᠴᠠ 12 ᠰᠠᠷ᠎ᠠ ᠵᠢᠨ 7᠎ᠤ ᠡᠳᠦᠷ ᠪᠤᠯᠲᠠᠯ᠎ᠠ ᠵᠠᠷᠯᠠᠨ ᠨᠡᠢ᠌ᠲᠡᠯᠡᠨ᠎ᠡ᠃
ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ᠂ ᠬᠡᠷᠪᠡ ᠣᠨᠳᠣᠣ ᠰᠠᠨᠠᠯ᠎ᠲᠠᠢ ᠪᠣᠯ ᠴᠠᠭ ᠲᠤᠬᠠᠢᠳᠤᠨᠢ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠳᠤ ᠲᠤᠰᠬᠠᠬᠤ ᠬᠡᠷᠡᠭᠲᠡᠶ᠃ ᠨᠢᠭᠡᠴᠢ ᠵᠢᠨ ᠨᠡᠷ᠎ᠡ᠎ᠪᠠᠷ ᠪᠠᠶ᠋ᠢᠳᠠᠯ᠎ᠢ ᠲᠤᠰᠬᠠᠭᠰᠠᠨ ᠪᠠᠢ᠌ᠪᠠᠯ ᠮᠠᠲ᠋ᠧᠷᠢᠶᠠᠯ ᠳᠡᠭᠡᠷ᠎ᠡ᠎ᠪᠠᠨ ᠨᠢᠭᠡᠴᠢ ᠵᠢᠨ ᠵᠶ᠋ᠡᠨ ᠠᠯᠪᠠᠨ ᠲᠠᠮᠠᠭ᠎ᠠ ᠵᠢ ᠳᠠᠷᠤᠵᠤ᠂ ᠬᠤᠪᠢ ᠬᠥᠮᠥᠨ᠎ᠤ ᠨᠡᠷ᠎ᠡ᠎ᠪᠠᠷ ᠪᠠᠶ᠋ᠢᠳᠠᠯ᠎ᠢ ᠲᠤᠰᠬᠠᠭᠰᠠᠨ ᠪᠠᠢ᠌ᠪᠠᠯ ᠮᠠᠲ᠋ᠧᠷᠢᠶᠠᠯ ᠳᠡᠭᠡᠷ᠎ᠡ᠎ᠪᠠᠨ ᠦᠨᠡᠨ ᠨᠡᠷ᠎ᠡ᠎ᠪᠠᠨ ᠪᠢᠴᠢᠬᠦ ᠵᠢᠨ ᠬᠠᠮᠲᠤ ᠬᠦᠴᠦᠨ ᠪᠦᠬᠦᠢ ᠬᠠᠷᠢᠯᠴᠠᠬᠤ ᠬᠡᠯᠪᠡᠷᠢ ᠵᠢ ᠬᠠᠩᠭ᠋ᠠᠵᠤ᠂ ᠪᠠᠢ᠌ᠴᠠᠭ᠋ᠠᠬᠤ᠂ ᠬᠢᠨᠠᠨ ᠬᠠᠷᠭᠤᠭᠤᠯᠬᠤ᠎ᠳᠤ ᠲᠥᠬᠥᠮ ᠪᠠᠢ᠌ᠯᠭ᠋ᠠᠬᠤ ᠬᠡᠷᠡᠭᠲᠡᠶ᠃
ᠬᠠᠷᠢᠯᠴᠠᠬᠤ ᠬᠠᠶᠢᠭ᠄ ᠬᠥᠬᠡᠬᠣᠲᠠ ᠵᠢᠨ ᠰᠢᠨᠬᠤᠸᠠ ᠵᠡᠭᠡᠯᠢ ᠵᠢᠨ 63 ᠳ᠋ᠤᠭ᠋ᠠᠷ ᠨᠣᠮᠧᠷ᠎ᠤᠨ 6 ᠳ᠋ᠤᠭ᠋ᠠᠷ ᠠᠰᠠᠷ᠎ᠤᠨ 317 ᠦᠷᠦᠭᠡ
ᠰᠢᠤᠳᠠᠨ ᠨᠣᠮᠧᠷ᠄ 010055
ᠬᠠᠷᠢᠯᠴᠠᠬᠤ ᠤᠲᠠᠰᠤ᠄ (0471) 6944622 (ᠹᠠᠺᠰ)
ᠳᠠᠭ᠋ᠠᠯᠳᠤᠭᠤᠯᠤᠯ᠄ 2023 ᠣᠨ᠎ᠤ ᠪᠥᠬᠥ ᠣᠷᠣᠨ᠎ᠤ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢᠨ ᠪᠠᠭᠰᠢ ᠵᠢᠨ ᠰᠢᠷᠢᠰ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠺᠣᠮᠢᠰ᠎ᠤᠨ ᠬᠢᠨᠠᠨ ᠲᠣᠭᠲᠠᠭ᠋ᠠᠯᠲᠠ᠎ᠪᠠᠷ ᠪᠠᠲᠤᠯᠠᠭᠳᠠᠭᠰᠠᠳ᠎ᠤᠨ ᠵᠠᠷᠯᠠᠨ ᠨᠡᠢ᠌ᠲᠡᠯᠡᠬᠦ ᠨᠡᠷᠡᠰ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ
ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
2023 ᠣᠨ᠎ᠤ 12 ᠰᠠᠷ᠎ᠠ ᠵᠢᠨ 1᠎ᠤ ᠡᠳᠦᠷ