ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠰᠤᠳᠤᠯᠭ᠋ᠠᠨ᠎ᠤ ᠬᠦᠷᠢᠶᠡᠯᠡᠩ᠎ᠤᠨ 2023 ᠣᠨ᠎ᠳᠤ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2023-12-28

      《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠰᠢᠯᠵᠢᠭᠦᠯᠬᠦ ᠲᠤᠬᠠᠢ ᠬᠡᠷᠡᠭᠵᠢᠭᠦᠯᠬᠦ ᠠᠷᠭ᠎ᠠ》 (ᠥᠪᠥᠷ ᠮᠣᠩᠭᠣᠯ᠎ᠤᠨ ᠵᠠᠰᠠᠭ᠎ᠤᠨ ᠣᠷᠳᠣᠨ ᠲᠠᠷᠬᠠᠭ᠋ᠠᠪᠠ [2017] 77 ᠳ᠋ᠤᠭ᠋ᠠᠷ ᠲᠣᠭ᠋ᠠᠲᠤ) ᠪᠣᠯᠣᠨ 《ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯ ᠦᠢ᠍ᠯᠡᠰ᠎ᠤᠨ ᠨᠢᠭᠡᠴᠢ ᠵᠢᠨ 〈ᠰᠠᠭ᠋ᠠᠳ ᠦᠭᠡᠢ ᠨᠡᠪᠲᠡᠷᠡᠬᠦ ᠵᠠᠮ ᠵᠶ᠋ᠠᠷ ᠣᠷᠣᠭᠤᠯᠤᠨ ᠠᠪᠴᠢᠷᠠᠬᠤ ᠳᠡᠭᠡᠳᠦ ᠲᠠᠰ᠎ᠤᠨ ᠴᠢᠳᠠᠪᠤᠷᠢᠲᠠᠨ᠎ᠢ ᠬᠢᠨᠠᠨ ᠵᠥᠪᠰᠢᠶᠡᠷᠡᠬᠦ ᠳᠦᠷᠢᠮ᠎ᠠᠴᠠ ᠳᠠᠩᠰᠠᠯᠠᠬᠤ ᠳᠦᠷᠢᠮ ᠪᠣᠯᠭ᠋ᠠᠨ ᠥᠭᠡᠷᠡᠴᠢᠯᠡᠬᠦ ᠬᠣᠯᠪᠣᠭᠳᠠᠯ ᠪᠦᠬᠦᠢ ᠵᠦᠢ᠍ᠯᠡᠰ᠎ᠤᠨ ᠲᠤᠬᠠᠢ ᠮᠡᠳᠡᠭᠳᠡᠯ》 (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠲᠠᠷᠬᠠᠭ᠋ᠠᠪᠠ [2022] 78 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠨᠵᠢᠯᠡᠬᠦ ᠤᠬᠠᠭ᠋ᠠᠨ᠎ᠤ ᠬᠥᠭᠵᠢᠯᠲᠡ ᠵᠢᠨ ᠰᠤᠳᠤᠯᠭ᠋ᠠᠨ᠎ᠤ ᠬᠦᠷᠢᠶᠡᠯᠡᠩ ᠴᠢᠳᠠᠪᠤᠷᠢᠲᠠᠨ ᠡᠯᠰᠡᠬᠦ ᠠᠯᠪᠠᠨ ᠵᠠᠷᠯᠠᠯ ᠨᠡᠢ᠌ᠲᠡᠯᠡᠬᠦ᠂ ᠨᠡᠷ᠎ᠡ ᠮᠡᠳᠡᠭᠦᠯᠬᠦ ᠵᠢ ᠵᠣᠬᠢᠶᠠᠨ ᠪᠠᠢ᠌ᠭᠤᠯᠬᠤ ᠬᠢᠨᠠᠨ ᠬᠠᠷᠭᠤᠭᠤᠯᠬᠤ᠂  ᠲᠤᠰᠬᠠᠢ ᠮᠡᠷᠭᠡᠵᠢᠯᠲᠡᠨ᠎ᠠᠴᠠ ᠦᠨᠡᠯᠡᠵᠦ ᠬᠢᠨᠠᠨ ᠲᠣᠭᠲᠠᠭ᠋ᠠᠬᠤ᠂ ᠰᠢᠨᠵᠢᠯᠡᠨ ᠪᠠᠢ᠌ᠴᠠᠭ᠋ᠠᠬᠤ᠂ ᠪᠡᠶ᠎ᠡ ᠵᠢᠨ ᠪᠠᠢ᠌ᠴᠠᠭ᠋ᠠᠯᠲᠠ ᠬᠢᠬᠦ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ ᠨᠡᠢ᠌ᠲᠡ 2 ᠬᠥᠮᠥᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠴᠢᠳᠠᠪᠤᠷᠢᠲᠠᠨ᠎ᠤ ᠬᠡᠪᠴᠢᠶᠡᠨ᠎ᠳᠤ ᠣᠷᠣᠪᠠ᠂ ᠣᠲᠣ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠡᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠶ᠎ᠡ᠃

      ᠨᠢᠭᠡ᠂ ᠵᠠᠷᠯᠠᠨ ᠨᠡᠢ᠌ᠲᠡᠯᠡᠬᠦ ᠡᠲᠡᠭᠡᠳ

      ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠬᠥᠮᠥᠰ᠎ᠤᠨ ᠨᠡᠷᠡᠰ᠎ᠢ ᠳᠠᠭ᠋ᠠᠯᠳᠤᠭᠤᠯᠤᠯ᠎ᠳᠤ ᠦᠵᠡ᠃

      ᠬᠣᠶᠠᠷ᠂  ᠵᠠᠷᠯᠠᠨ ᠨᠡᠢ᠌ᠲᠡᠯᠡᠬᠦ ᠴᠠᠭ

      2023 ᠣᠨ᠎ᠤ 12 ᠰᠠᠷ᠎ᠠ ᠵᠢᠨ 14᠎ᠤ ᠡᠳᠦᠷ᠎ᠠᠴᠠ 2023 ᠣᠨ᠎ᠤ 12 ᠰᠠᠷ᠎ᠠ ᠵᠢᠨ 20᠎ᠤ ᠡᠳᠦᠷ ᠪᠤᠯᠲᠠᠯ᠎ᠠ

      ᠭᠤᠷᠪᠠ᠂ ᠬᠦᠯᠢᠶᠡᠨ ᠠᠪᠴᠤ ᠰᠢᠢ᠍ᠳᠪᠦᠷᠢᠯᠡᠬᠦ ᠬᠡᠯᠪᠡᠷᠢ

      ᠨᠢᠭᠡᠴᠢ ᠪᠣᠯᠣᠨ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠠᠷ ᠳᠡᠭᠡᠷ᠎ᠡ ᠳᠤᠷᠠᠳᠤᠭᠰᠠᠨ ᠵᠠᠷᠯᠠᠨ ᠨᠡᠢ᠌ᠲᠡᠯᠡᠬᠦ ᠡᠲᠡᠭᠡᠳ᠎ᠤᠨ ᠬᠣᠯᠪᠣᠭᠳᠠᠯ ᠪᠦᠬᠦᠢ ᠪᠠᠶ᠋ᠢᠳᠠᠯ ᠪᠣᠯᠣᠨ ᠠᠰᠠᠭᠤᠳᠠᠯ᠎ᠢ ᠲᠤᠰᠬᠠᠵᠤ ᠪᠣᠯᠣᠨ᠎ᠠ᠂ ᠪᠠᠢ᠌ᠳᠠᠯ᠎ᠢ ᠲᠤᠰᠬᠠᠭᠰᠠᠨ ᠨᠢᠭᠡᠴᠢ᠎ᠨᠢ ᠮᠠᠲ᠋ᠧᠷᠢᠶᠠᠯ ᠳᠡᠭᠡᠷ᠎ᠡ᠎ᠪᠠᠨ ᠨᠢᠭᠡᠴᠢ ᠵᠢᠨ ᠵᠶ᠋ᠡᠨ ᠠᠯᠪᠠᠨ ᠲᠠᠮᠠᠭ᠎ᠠ ᠵᠢ ᠳᠠᠷᠤᠵᠤ᠂ ᠬᠤᠪᠢ ᠬᠥᠮᠥᠨ ᠪᠣᠯ ᠦᠨᠡᠨ ᠨᠡᠷ᠎ᠡ᠎ᠪᠠᠨ ᠪᠢᠴᠢᠬᠦ ᠵᠢᠨ ᠬᠠᠮᠲᠤ ᠬᠠᠷᠢᠯᠴᠠᠬᠤ ᠠᠷᠭ᠎ᠠ ᠬᠡᠯᠪᠡᠷᠢ᠎ᠪᠠᠨ ᠬᠠᠩᠭ᠋ᠠᠬᠤ ᠬᠡᠷᠡᠭᠲᠡᠶ᠃

      ᠬᠦᠯᠢᠶᠡᠨ ᠠᠪᠴᠤ ᠰᠢᠢ᠍ᠳᠪᠦᠷᠢᠯᠡᠬᠦ ᠴᠠᠭ᠄  ᠦᠳᠡ ᠵᠢᠨ ᠡᠮᠦᠨ᠎ᠡ  9᠄ 00 — 12᠄ 00᠂ ᠦᠳᠡ ᠵᠢᠨ ᠬᠣᠢ᠌ᠨ᠎ᠠ 14᠄ 30 — 17᠄ 30

      ᠬᠦᠯᠢᠶᠡᠨ ᠠᠪᠴᠤ ᠰᠢᠢ᠍ᠳᠪᠦᠷᠢᠯᠡᠬᠦ ᠤᠲᠠᠰᠤ᠄ 0471 — 6946229

      ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠰᠤᠳᠤᠯᠭ᠋ᠠᠨ᠎ᠤ ᠬᠦᠷᠢᠶᠡᠯᠡᠩ᠎ᠤᠨ 《ᠰᠠᠭ᠋ᠠᠳ ᠦᠭᠡᠢ ᠨᠡᠪᠲᠡᠷᠡᠬᠦ ᠵᠠᠮ》 ᠵᠶ᠋ᠠᠷ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠨᠡᠷᠡᠰ

            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ 

            ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ

                2023 ᠣᠨ᠎ᠤ 12 ᠰᠠᠷ᠎ᠠ ᠵᠢᠨ 14᠎ᠤ ᠡᠳᠦᠷ


ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷ᠎ᠠ ᠴᠢᠳᠠᠪᠤᠷᠢ ᠵᠢᠨ ᠲᠣᠮᠣ ᠱᠠᠩᠨᠠᠯ ᠬᠦᠷᠲᠡᠭᠰᠡᠳ᠎ᠢ ᠬᠥᠬᠢᠭᠦᠯᠦᠨ ᠱᠠᠩᠨᠠᠬᠤ᠎ᠪᠠᠷ ᠪᠠᠢ᠌ᠭ᠎ᠠ ᠵᠢᠱ᠌ᠢᠭᠳᠡᠭᠰᠡᠳ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
2024 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠨᠠᠢ᠌ᠳᠠ ᠵᠢᠨ ᠬᠡᠷᠡᠭᠴᠡᠭᠡᠨ᠎ᠤ ᠬᠢᠴᠢᠶᠡᠯ ᠲᠥᠷᠥᠯ᠎ᠤᠨ ᠰᠦᠯᠵᠢᠶᠡᠨ᠎ᠤ ᠰᠤᠷᠤᠯᠴᠠᠯᠭ᠎ᠠ 2024 ᠣᠨ᠎ᠤ 1 ᠰᠠᠷ᠎ᠠ ᠵᠢᠨ 1᠎ᠤ ᠡᠳᠦᠷ ᠰᠦᠯᠵᠢᠶ᠎ᠡ ᠨᠡᠭᠡᠭᠡᠨ᠎ᠡ
ᠥᠪᠥᠷ ᠮᠣᠩᠭᠣᠯ᠎ᠤᠨ ᠨᠡᠭᠡᠭᠡᠯᠲᠡ᠎ᠤ ᠶᠡᠬᠡ ᠰᠤᠷᠭ᠋ᠠᠭᠤᠯᠢ ᠵᠢᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
ᠮᠠᠯᠴᠢᠨ ᠲᠠᠷᠢᠶᠠᠴᠢᠨ ᠨᠠᠢ᠌ᠵᠠ ᠨᠠᠷ᠎ᠲᠤ ᠢᠯᠡᠭᠡᠬᠦ ᠨᠢᠭᠡᠨ ᠬᠤᠪᠢ ᠵᠠᠬᠢᠳᠠᠯ
 
            