ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠡᠷᠲᠡᠭᠡᠨ ᠵᠠᠰᠠᠬᠤ ᠣᠷᠣᠨ᠎ᠤ ᠬᠡᠮᠵᠢᠨ ᠰᠢᠯᠭ᠋ᠠᠬᠤ ᠰᠤᠳᠤᠯᠭ᠋ᠠᠨ᠎ᠤ ᠬᠦᠷᠢᠶᠡᠯᠡᠩ᠎ᠤᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2023-12-06

      《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠰᠢᠯᠵᠢᠭᠦᠯᠬᠦ ᠲᠤᠬᠠᠢ ᠬᠡᠷᠡᠭᠵᠢᠭᠦᠯᠬᠦ ᠠᠷᠭ᠎ᠠ〉》 (ᠥᠪᠥᠷ ᠮᠣᠩᠭᠣᠯ᠎ᠤᠨ ᠵᠠᠰᠠᠭ᠎ᠤᠨ ᠣᠷᠳᠣᠨ ᠲᠠᠷᠬᠠᠭ᠋ᠠᠪᠠ [2017] 77 ᠳ᠋ᠤᠭ᠋ᠠᠷ ᠲᠣᠭ᠋ᠠᠲᠤ) 《ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯ ᠦᠢ᠍ᠯᠡᠰ᠎ᠤᠨ ᠨᠢᠭᠡᠴᠢ ᠵᠢᠨ 〈ᠰᠠᠭ᠋ᠠᠳ ᠦᠭᠡᠢ ᠨᠡᠪᠲᠡᠷᠡᠬᠦ ᠵᠠᠮ〉 ᠵᠶ᠋ᠠᠷ ᠣᠷᠣᠭᠤᠯᠤᠨ ᠠᠪᠴᠢᠷᠠᠬᠤ ᠳᠡᠭᠡᠳᠦ ᠲᠠᠰ᠎ᠤᠨ ᠴᠢᠳᠠᠪᠤᠷᠢᠲᠠᠨ᠎ᠢ ᠬᠢᠨᠠᠨ ᠵᠥᠪᠰᠢᠶᠡᠷᠡᠬᠦ ᠳᠦᠷᠢᠮ᠎ᠠᠴᠠ ᠳᠠᠩᠰᠠᠯᠠᠬᠤ ᠳᠦᠷᠢᠮ ᠪᠣᠯᠭ᠋ᠠᠨ ᠥᠭᠡᠷᠡᠴᠢᠯᠡᠬᠦ ᠬᠣᠯᠪᠣᠭᠳᠠᠯ ᠪᠦᠬᠦᠢ ᠵᠦᠢ᠍ᠯᠡᠰ᠎ᠤᠨ ᠲᠤᠬᠠᠢ ᠮᠡᠳᠡᠭᠳᠡᠯ》 (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠲᠠᠷᠬᠠᠭ᠋ᠠᠪᠠ [2022] 78 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠪᠣᠯᠬᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠮᠵᠢᠨ ᠰᠢᠯᠭ᠋ᠠᠬᠤ ᠰᠤᠳᠤᠯᠭ᠋ᠠᠨ᠎ᠤ ᠬᠦᠷᠢᠶᠡᠯᠡᠩ᠂ ᠴᠢᠳᠠᠪᠤᠷᠢᠲᠠᠨ ᠡᠯᠰᠡᠬᠦ ᠠᠯᠪᠠᠨ ᠵᠠᠷᠯᠠᠯ ᠨᠡᠢ᠌ᠲᠡᠯᠡᠬᠦ᠂ ᠨᠡᠷ᠎ᠡ ᠮᠡᠳᠡᠭᠦᠯᠬᠦ ᠵᠢ ᠵᠣᠬᠢᠶᠠᠨ ᠪᠠᠢ᠌ᠭᠤᠯᠬᠤ ᠬᠢᠨᠠᠨ ᠪᠠᠢ᠌ᠴᠠᠭ᠋ᠠᠬᠤ᠂ ᠲᠤᠰᠬᠠᠢ ᠮᠡᠷᠭᠡᠵᠢᠯᠲᠡᠨ᠎ᠠᠴᠠ ᠦᠨᠡᠯᠡᠵᠦ ᠬᠢᠨᠠᠨ ᠲᠣᠭᠲᠠᠭ᠋ᠠᠬᠤ᠂ ᠰᠢᠨᠵᠢᠯᠡᠨ ᠪᠠᠢ᠌ᠴᠠᠭ᠋ᠠᠬᠤ᠂ ᠪᠡᠶ᠎ᠡ ᠵᠢᠨ ᠪᠠᠢ᠌ᠴᠠᠭ᠋ᠠᠯᠲᠠ ᠬᠢᠬᠦ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ ᠨᠡᠢ᠌ᠲᠡ 1 ᠬᠥᠮᠥᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠴᠢᠳᠠᠪᠤᠷᠢᠲᠠᠨ᠎ᠤ ᠬᠡᠪᠴᠢᠶᠡᠨ᠎ᠳᠤ ᠣᠷᠣᠪᠠ᠂ ᠣᠲᠣ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠠᠵᠢᠯᠲᠠᠨ ᠵᠢᠴᠢ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠨᠢᠭᠡᠴᠢ ᠵᠢ ᠵᠠᠷᠯᠠᠨ ᠨᠡᠢ᠌ᠲᠡᠯᠡᠶ᠎ᠡ᠃

      ᠨᠢᠭᠡ᠂ ᠵᠠᠷᠯᠠᠨ ᠨᠡᠢ᠌ᠲᠡᠯᠡᠬᠦ ᠡᠲᠡᠭᠡᠳ

      ᠸᠠᠩ ᠴᠢᠶᠣᠣ ᠮᠢᠨ᠂ ᠡᠮᠡᠭᠲᠡᠢ᠂ 1989 ᠣᠨ᠎ᠤ 9 ᠰᠠᠷ᠎ᠠ᠎ᠳᠤ ᠲᠥᠷᠥᠵᠡᠢ᠂ ᠲᠧᠭᠨᠢᠭ᠎ᠤᠨ ᠤᠬᠠᠭ᠋ᠠᠨ᠎ᠤ ᠳ᠋ᠣᠺᠲ᠋ᠣᠷ᠂ ᠥᠪᠡᠷᠲᠡᠭᠡᠨ ᠵᠠᠰᠠᠬᠤ ᠣᠷᠣᠨ᠎ᠤ ᠬᠡᠮᠵᠢᠨ ᠰᠢᠯᠭ᠋ᠠᠬᠤ ᠰᠤᠳᠤᠯᠭ᠋ᠠᠨ᠎ᠤ ᠬᠦᠷᠢᠶᠡᠯᠡᠩ᠎ᠤᠨ ᠡᠨᠧᠷᠭᠢ ᠵᠢᠨ ᠬᠡᠮᠵᠢᠯᠲᠡ ᠵᠢᠨ ᠲᠥᠷᠥᠯ᠎ᠤᠨ ᠳᠡᠭᠡᠳᠦ ᠲᠠᠰ᠎ᠤᠨ ᠴᠢᠳᠠᠪᠤᠷᠢᠲᠠᠨ᠎ᠤ ᠲᠤᠰᠬᠠᠢ ᠮᠡᠷᠭᠡᠵᠢᠯ᠎ᠤᠨ ᠮᠡᠷᠭᠡᠵᠢᠯ᠎ᠤᠨ ᠠᠵᠢᠯ᠎ᠤᠨ ᠪᠠᠶ᠋ᠢᠷᠢ᠎ᠳᠤ ᠤᠷᠢᠬᠤ᠎ᠪᠠᠷ ᠪᠤᠢ᠃

      ᠬᠣᠶᠠᠷ᠂  ᠵᠠᠷᠯᠠᠨ ᠨᠡᠢ᠌ᠲᠡᠯᠡᠬᠦ ᠴᠠᠭ

      2023 ᠣᠨ᠎ᠤ 11 ᠰᠠᠷ᠎ᠠ ᠵᠢᠨ 8᠎ᠤ ᠡᠳᠦᠷ᠎ᠠᠴᠠ 2023 ᠣᠨ᠎ᠤ 11 ᠰᠠᠷ᠎ᠠ ᠵᠢᠨ 14 ᠎ᠤ ᠡᠳᠦᠷ ᠪᠣᠯᠲᠠᠯ᠎ᠠ᠃

      ᠭᠤᠷᠪᠠ᠂ ᠬᠦᠯᠢᠶᠡᠨ ᠠᠪᠴᠤ ᠰᠢᠢ᠍ᠳᠪᠦᠷᠢᠯᠡᠬᠦ ᠬᠡᠯᠪᠡᠷᠢ

      ᠨᠢᠭᠡᠴᠢ ᠪᠣᠯᠣᠨ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠠᠷ ᠳᠡᠭᠡᠷ᠎ᠡ ᠳᠤᠷᠠᠳᠤᠭᠰᠠᠨ ᠵᠠᠷᠯᠠᠨ ᠨᠡᠢ᠌ᠲᠡᠯᠡᠬᠦ ᠡᠲᠡᠭᠡᠳ᠎ᠤᠨ ᠬᠣᠯᠪᠣᠭᠳᠠᠯ ᠪᠦᠬᠦᠢ ᠪᠠᠶ᠋ᠢᠳᠠᠯ ᠪᠣᠯᠣᠨ ᠠᠰᠠᠭᠤᠳᠠᠯ᠎ᠢ ᠲᠤᠰᠬᠠᠵᠤ ᠪᠣᠯᠣᠨ᠎ᠠ᠂ ᠪᠠᠢ᠌ᠳᠠᠯ᠎ᠢ ᠲᠤᠰᠬᠠᠭᠰᠠᠨ ᠨᠢᠭᠡᠴᠢ᠎ᠨᠢ ᠮᠠᠲ᠋ᠧᠷᠢᠶᠠᠯ ᠳᠡᠭᠡᠷ᠎ᠡ᠎ᠪᠠᠨ ᠨᠢᠭᠡᠴᠢ ᠵᠢᠨ ᠵᠶ᠋ᠡᠨ ᠠᠯᠪᠠᠨ ᠲᠠᠮᠠᠭ᠎ᠠ ᠵᠢ ᠳᠠᠷᠤᠵᠤ᠂ ᠬᠤᠪᠢ ᠬᠥᠮᠥᠨ ᠪᠣᠯ ᠦᠨᠡᠨ ᠨᠡᠷ᠎ᠡ᠎ᠪᠠᠨ ᠪᠢᠴᠢᠬᠦ ᠵᠢᠨ ᠬᠠᠮᠲᠤ ᠬᠠᠷᠢᠯᠴᠠᠬᠤ ᠠᠷᠭ᠎ᠠ ᠬᠡᠯᠪᠡᠷᠢ᠎ᠪᠠᠨ ᠬᠠᠩᠭ᠋ᠠᠬᠤ ᠬᠡᠷᠡᠭᠲᠡᠶ᠃

      ᠬᠦᠯᠢᠶᠡᠨ ᠠᠪᠴᠤ ᠰᠢᠢ᠍ᠳᠪᠦᠷᠢᠯᠡᠬᠦ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9᠄ 00 — 

12᠄ 00᠂ ᠦᠳᠡ ᠵᠢᠨ ᠬᠣᠢ᠌ᠨ᠎ᠠ 14᠄ 30 — 17᠄ 30

      ᠬᠦᠯᠢᠶᠡᠨ ᠠᠪᠴᠤ ᠰᠢᠢ᠍ᠳᠪᠦᠷᠢᠯᠡᠬᠦ ᠤᠲᠠᠰᠤ᠄ 0471 — 6946229

            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ 

            ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ

                2023᠎ᠤᠨ 11 ᠰᠠᠷ᠎ᠠ ᠵᠢᠨ 8᠎ᠤ ᠡᠳᠦᠷ


ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠢ ᠵᠢᠨ ᠶᠡᠬᠡ ᠰᠤᠷᠭ᠋ᠠᠭᠤᠯᠢ ᠵᠢᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠤᠰᠬᠠᠢ ᠮᠡᠷᠭᠡᠵᠢᠯᠲᠡᠨ᠎ᠤ ᠦᠢ᠍ᠯᠡᠴᠢᠯᠡᠭᠡᠨ᠎ᠤ ᠰᠠᠭᠤᠷᠢᠨ᠎ᠢ ᠢᠯᠡ ᠨᠡᠢ᠌ᠲᠡᠯᠡᠬᠦ ᠲᠤᠬᠠᠢ ᠠᠯᠪᠠᠨ ᠵᠠᠷᠯᠠᠯ
2023 ᠣᠨ᠎ᠤ ᠪᠥᠬᠥ ᠣᠷᠣᠨ᠎ᠤ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢᠨ ᠪᠠᠭᠰᠢ ᠵᠢᠨ ᠰᠢᠷᠢᠰ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠺᠣᠮᠢᠰ᠎ᠤᠨ ᠬᠢᠨᠠᠨ ᠲᠣᠭᠲᠠᠭ᠋ᠠᠯᠲᠠ᠎ᠪᠠᠷ ᠪᠠᠲᠤᠯᠠᠭᠳᠠᠭᠰᠠᠳ᠎ᠤᠨ ᠨᠡᠷᠡᠰ᠎ᠤᠨ ᠲᠤᠬᠠᠢ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠰᠤᠳᠤᠯᠭ᠋ᠠᠨ᠎ᠤ ᠬᠦᠷᠢᠶᠡᠯᠡᠩ᠎ᠤᠨ 2023 ᠣᠨ᠎ᠳᠤ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
 
            