ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠤᠯᠤᠰ ᠲᠥᠷᠥ ᠵᠢᠨ ᠵᠥᠪᠯᠡᠯᠭᠡᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠠᠩᠬᠠᠳᠤᠭ᠋ᠠᠷ ᠬᠤᠷᠠᠯ᠎ᠤᠨ 0148 ᠳ᠋ᠤᠭ᠋ᠠᠷ ᠲᠣᠭ᠋ᠠᠲᠤ ᠰᠠᠨᠠᠯ ᠳᠤᠷᠠᠳᠤᠯᠭ᠎ᠠ᠎ᠳᠤ ᠥᠭᠭᠦᠭᠰᠡᠨ ᠬᠠᠷᠢᠭᠤᠯᠲᠠ
ᠨᠡᠶ᠋ᠢᠲᠡᠯᠡᠭᠰᠡᠨ ᠴᠠᠭ᠄ 2023-08-10

ᠦ᠋ ᠮᠢᠩ ᠰᠢᠤᠸᠠᠢ ᠭᠡᠰᠢᠭᠦᠨ ᠲᠠᠨ᠎ᠠ᠄

      ᠲᠠᠨ᠎ᠤ ᠳᠤᠷᠠᠳᠤᠭᠰᠠᠨ 0148 ᠳ᠋ᠤᠭ᠋ᠠᠷ ᠲᠣᠭ᠋ᠠᠲᠤ 《ᠦᠨᠳᠦᠰᠦᠨ ᠱᠠᠲᠤᠨ᠎ᠤ ᠡᠮᠴᠢᠯᠡᠭᠡᠨ᠎ᠤ ᠪᠠᠢ᠌ᠭᠤᠯᠤᠮᠵᠢ ᠵᠢᠨ ᠠᠪᠤᠷᠠᠨ ᠵᠠᠰᠠᠬᠤ ᠰᠢᠰᠲ᠋ᠧᠮ ᠪᠠ ᠴᠢᠳᠠᠪᠤᠷᠢ ᠵᠢᠨ ᠪᠠᠢ᠌ᠭᠤᠯᠤᠯᠲᠠ ᠵᠢ  ᠲᠦᠷᠭᠡᠳᠬᠡᠨ ᠴᠢᠩᠭ᠋ᠠᠳᠬᠠᠬᠤ ᠲᠤᠬᠠᠢ ᠰᠠᠨᠠᠯ ᠵᠥᠪᠯᠡᠯᠭᠡ》 ᠵᠢ  ᠬᠣᠷᠢᠶᠠᠨ ᠣᠯᠵᠤ  ᠪᠠᠶ᠋ᠢᠳᠠᠯ᠎ᠢ ᠣᠢ᠌ᠯᠠᠭ᠋ᠠᠪᠠ᠂ ᠣᠲᠣ ᠰᠠᠨᠠᠯ  ᠳᠤᠷᠠᠳᠤᠯᠭ᠎ᠠ ᠵᠢᠨ ᠳᠣᠲᠣᠷᠠᠬᠢ 《ᠦᠨᠳᠦᠰᠦᠨ ᠱᠠᠲᠤᠨ᠎ᠤ ᠡᠮᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ》 ᠲᠤᠬᠠᠢ ᠬᠣᠯᠪᠣᠭᠳᠠᠯ ᠪᠦᠬᠦᠢ ᠰᠠᠨᠠᠭᠤᠯᠭ᠎ᠠ᠎ᠳᠤ ᠳᠣᠣᠷᠠᠬᠢ ᠮᠡᠲᠦ ᠬᠠᠷᠢᠭᠤᠯᠲᠠ ᠥᠭᠭᠦᠶ᠎ᠡ᠄

      ᠣᠢ᠌ᠷ᠎ᠠ ᠵᠢᠨ ᠵᠢᠯ᠎ᠤᠳ᠎ᠲᠤ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠦᠨᠳᠦᠰᠦᠨ ᠱᠠᠲᠤᠨ᠎ᠤ ᠡᠮᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠥᠷᠥ ᠵᠢᠨ ᠪᠣᠳᠣᠯᠭ᠎ᠠ ᠵᠢᠨ ᠲᠠᠯ᠎ᠠ᠎ᠪᠠᠷ ᠳᠡᠮᠵᠢᠬᠦ᠂  ᠴᠢᠳᠠᠪᠤᠷᠢᠲᠠᠨ ᠎ᠢ ᠣᠷᠣᠭᠤᠯᠤᠨ ᠠᠪᠴᠢᠷᠠᠬᠤ ᠲᠣᠭᠲᠠᠴᠠ᠂ ᠴᠢᠳᠠᠪᠤᠷᠢᠲᠠᠨ᠎ᠤ ᠦᠢ᠍ᠯᠡᠴᠢᠯᠡᠭᠡ ᠵᠡᠷᠭᠡ ᠲᠠᠯ᠎ᠠ᠎ᠪᠠᠷ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠶᠡᠬᠡᠪᠡᠷ ᠵᠣᠷᠢᠭᠵᠢᠭᠤᠯᠤᠨ ᠳᠡᠮᠵᠢᠵᠦ᠂ ᠠᠵᠢᠯᠲᠠᠨ᠎ᠤ ᠬᠥᠭᠵᠢᠯᠲᠡ ᠵᠢᠨ ᠣᠷᠴᠢᠨ ᠨᠥᠬᠥᠴᠡᠯ᠎ᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠠᠵᠢᠯ᠎ᠤᠨ ᠪᠠᠶ᠋ᠢᠷᠢ ᠵᠢᠨ ᠲᠠᠲᠠᠬᠤ ᠬᠦᠴᠦᠨ ᠪᠠ ᠦᠷᠢᠰᠦᠯᠳᠦᠬᠦ ᠬᠦᠴᠦᠨ᠎ᠢ ᠳᠡᠭᠡᠭᠰᠢᠯᠡᠭᠦᠯᠦᠭᠰᠡᠨ ᠪᠠᠢ᠌ᠨ᠎ᠠ᠃

      ᠨᠢᠭᠡ᠎ᠳᠤ᠂ ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠪᠡ᠃ ᠣᠢ᠌ᠷ᠎ᠠ ᠵᠢᠨ ᠵᠢᠯ᠎ᠤᠳ᠎ᠲᠤ᠂ ᠤᠷᠢᠳ ᠬᠣᠵᠢᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠰᠢᠯᠵᠢᠭᠦᠯᠬᠦ ᠲᠤᠬᠠᠢ ᠬᠡᠷᠡᠭᠵᠢᠭᠦᠯᠬᠦ ᠠᠷᠭ᠎ᠠ》  (ᠥᠪᠥᠷ ᠮᠣᠩᠭᠣᠯ᠎ᠤᠨ ᠵᠠᠰᠠᠭ᠎ᠤᠨ ᠣᠷᠳᠣᠨ ᠲᠠᠷᠬᠠᠭ᠋ᠠᠪᠠ  [2017] 77 ᠳ᠋ᠤᠭ᠋ᠠᠷ ᠲᠣᠭ᠋ᠠᠲᠤ)  《ᠵᠠᠬ᠎ᠠ ᠳᠡᠯᠭᠡᠭᠦᠷ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠴᠢᠳᠠᠪᠤᠷᠢᠲᠠᠨ᠎ᠤ ᠰᠠᠭ᠋ᠠᠳ ᠦᠭᠡᠢ ᠡᠮᠬᠢ ᠵᠢᠷᠤᠮ᠎ᠲᠠᠢ ᠰᠢᠯᠵᠢᠬᠦ ᠵᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》  (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ  ᠲᠠᠷᠬᠠᠭ᠋ᠠᠪᠠ [2019] 63 ᠳ᠋ᠤᠭ᠋ᠠᠷ ᠲᠣᠭ᠋ᠠᠲᠤ )  《ᠰᠢᠨ᠎ᠡ ᠴᠠᠭ ᠦᠶ᠎ᠡ ᠵᠢᠨ ᠴᠢᠳᠠᠪᠤᠷᠢᠲᠠᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠲᠠᠷᠬᠠᠭ᠋ᠠᠪᠠ [2022] 9  ᠳ᠋ᠦ᠍ᠭᠡᠷ ᠲᠣᠭ᠋ᠠᠲᠤ) ᠵᠡᠷᠭᠡ ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢ ᠨᠡᠢ᠌ᠲᠡᠯᠡᠵᠦ᠂ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠬᠥᠮᠥᠵᠢᠭᠦᠯᠬᠦ ᠵᠡᠷᠭᠡ ᠲᠠᠯ᠎ᠠ᠎ᠪᠠᠷ ᠤᠯᠠᠨ ᠵᠦᠢ᠍ᠯ᠎ᠤᠨ ᠰᠢᠨ᠎ᠡ ᠵᠢ ᠡᠭᠦᠳᠬᠦ ᠴᠢᠨᠠᠷᠲᠠᠢ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠳᠤᠷᠠᠳᠤᠨ ᠭᠠᠷᠭ᠋ᠠᠵᠤ᠂ ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢᠨ ᠦᠢ᠍ᠯᠡᠳᠦᠯ ᠴᠢᠳᠠᠪᠤᠷᠢ ᠵᠢ ᠲᠥᠪᠯᠡᠷᠡᠭᠦᠯᠦᠨ ᠪᠠᠳᠠᠷᠠᠭᠤᠯᠪᠠ᠃ ᠢᠯᠠᠩᠭᠤᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠠᠵᠢᠯᠲᠠᠨ ᠤᠷᠢᠵᠤ ᠡᠯᠰᠡᠬᠦ ᠠᠷᠭ᠎ᠠ》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠲᠠᠷᠬᠠᠭ᠋ᠠᠪᠠ [2022] 2 ᠳ᠋ᠤᠭ᠋ᠠᠷ ᠲᠣᠭ᠋ᠠᠲᠤ)᠎ᠳᠤ ᠦᠨᠳᠦᠰᠦᠨ ᠱᠠᠲᠤᠨ᠎ᠳᠤ ᠨᠠᠩ ᠤᠯᠠᠨ ᠬᠥᠮᠥᠨ ᠬᠡᠷᠡᠭᠯᠡᠬᠦ ᠡᠵᠡᠨ ᠮᠡᠳᠡᠬᠦ ᠡᠷᠬᠡ ᠵᠢ ᠣᠯᠭᠣᠵᠤ᠂ ᠦᠨᠳᠦᠰᠦᠨ ᠱᠠᠲᠤᠨ᠎ᠤ ᠠᠵᠢᠯ ᠦᠢ᠍ᠯᠡᠰ᠎ᠤᠨ ᠨᠢᠭᠡᠴᠢ ᠪᠣᠳᠠᠲᠠᠢ ᠪᠠᠶ᠋ᠢᠳᠠᠯ ᠵᠶ᠋ᠠᠨ ᠦᠨᠳᠦᠰᠦᠯᠡᠨ᠂ ᠰᠢᠯᠭ᠋ᠠᠯᠲᠠ ᠬᠢᠬᠦ ᠬᠠᠷᠢᠴᠠᠯ᠎ᠢ ᠵᠣᠬᠢᠰᠲᠠᠢ ᠪᠠᠭᠤᠷᠠᠭᠤᠯᠬᠤ ᠪᠤᠶᠤ ᠰᠢᠯᠭ᠋ᠠᠯᠲᠠ ᠬᠢᠬᠦ ᠬᠠᠷᠢᠴᠠᠯ ᠲᠣᠭᠲᠠᠭ᠋ᠠᠬᠤ ᠦᠭᠡᠢ ᠪᠠᠢ᠌ᠵᠤ᠂  ᠰᠢᠯᠭ᠋ᠠᠯᠲᠠ ᠵᠢᠨ ᠬᠢᠷᠢ ᠪᠦᠲᠦᠮᠵᠢ ᠵᠢᠨ ᠬᠢᠷᠢ ᠲᠡᠩᠴᠡᠬᠦ ᠱᠤᠭᠤᠮ᠎ᠢ ᠵᠦᠢ ᠵᠣᠬᠢᠰᠲᠠᠢ ᠵᠠᠭ᠋ᠠᠭᠯᠠᠨ ᠲᠣᠭᠲᠠᠭ᠋ᠠᠵᠤ ᠪᠣᠯᠣᠨ᠎ᠠ ᠭᠡᠵᠦ ᠲᠣᠳᠣᠷᠬᠠᠢ ᠲᠣᠭᠲᠠᠭ᠋ᠠᠵᠠᠢ᠃

      ᠬᠣᠶᠠᠷ᠎ᠲᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠡᠷᠴᠢᠮ᠎ᠢ ᠴᠢᠩᠭ᠋ᠠᠷᠠᠭᠤᠯᠪᠠ᠃ ᠳᠡᠭᠡᠳᠦ ᠳᠡᠰ᠎ᠤᠨ ᠴᠢᠳᠠᠪᠤᠷᠢᠲᠠᠨ᠎ᠢ ᠬᠡᠷᠡᠭᠰᠡᠬᠦ ᠬᠡᠷᠡᠭᠴᠡᠭᠡ ᠵᠢᠨ ᠭᠠᠷᠴᠠᠭ᠎ᠢ ᠨᠡᠢ᠌ᠲᠡᠯᠡᠬᠦ ᠲᠣᠭᠲᠠᠴᠠ ᠵᠢ ᠪᠠᠢ᠌ᠭᠤᠯᠵᠤ᠂ ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠵᠢᠴᠢ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠠᠨᠳᠤ ᠵᠢᠨ ᠵᠥᠪᠯᠡᠯ ᠎ᠳᠤ ᠬᠠᠷᠢᠶᠠᠯᠠᠭᠳᠠᠬᠤ  ᠡᠯ᠎ᠡ ᠡᠮᠴᠢᠯᠡᠭᠡᠨ᠎ᠤ ᠪᠠᠢ᠌ᠭᠤᠯᠤᠮᠵᠢ ᠵᠡᠷᠭᠡ ᠠᠵᠢᠯ ᠦᠢ᠍ᠯᠡᠰ᠎ᠤᠨ ᠨᠢᠭᠡᠴᠢ᠎ᠳᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠮᠡᠳᠡᠭᠡ ᠵᠠᠩᠭᠢ ᠵᠢᠨ ᠲᠠᠪᠴᠠᠩ᠎ᠢ ᠪᠠᠢ᠌ᠭᠤᠯᠵᠤ᠂ 《ᠡᠷᠳᠡᠮᠲᠡᠨ ᠴᠢᠳᠠᠪᠤᠷᠢᠲᠠᠨ᠎ᠢ ᠥᠷᠭᠡᠨ ᠵᠶ᠋ᠡᠷ ᠴᠤᠭᠯᠠᠭᠤᠯᠵᠤ    ᠣᠶᠤᠨ ᠤᠬᠠᠭ᠋ᠠᠨ ᠲᠠᠯ᠎ᠠ ᠨᠤᠲᠤᠭ᠎ᠲᠤ ᠲᠥᠪᠯᠡᠷᠡᠬᠦ》 ᠴᠢᠳᠠᠪᠤᠷᠢᠲᠠᠨ ᠎ᠢ ᠣᠷᠣᠭᠤᠯᠤᠨ ᠠᠪᠴᠢᠷᠠᠬᠤ ᠰᠢᠷᠢᠰ ᠠᠵᠢᠯᠯᠠᠭ᠎ᠠ ᠵᠢ ᠵᠡᠷᠭᠡ᠎ᠪᠠᠷ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ᠎ᠤᠨ ᠰᠠᠯᠠᠭ᠎ᠠ ᠮᠥᠴᠢᠷ᠎ᠢ ᠬᠠᠮᠵᠢᠨ ᠣᠷᠣᠨ᠎ᠤ ᠳᠣᠲᠣᠨ᠎ᠠ ᠭᠠᠳᠠᠨᠠᠬᠢ ᠭᠣᠣᠯᠳᠠᠯᠭ᠎ᠠ᠎ᠲᠠᠢ ᠨᠡᠷᠡᠲᠦ ᠶᠡᠬᠡ ᠳᠡᠭᠡᠳᠦ ᠰᠤᠷᠭ᠋ᠠᠭᠤᠯᠢ᠎ᠳᠤ ᠬᠦᠷᠴᠦ ᠥᠪᠥᠷ ᠮᠣᠩᠭᠣᠯ᠎ᠤᠨ ᠬᠥᠭᠵᠢᠯᠲᠡ ᠵᠢᠨ ᠲᠠᠨᠢᠯᠴᠠᠭᠤᠯᠭ᠎ᠠ ᠵᠢᠨ ᠬᠤᠷᠠᠯ ᠵᠢᠴᠢ ᠲᠡᠭᠦᠰᠬᠦ ᠰᠣᠷᠣᠭᠴᠢᠳ᠎ᠤᠨ ᠲᠤᠰᠬᠠᠢ ᠲᠠᠯᠠᠪᠤᠷ  ᠠᠵᠢᠯᠲᠠᠨ ᠠᠵᠢᠯᠴᠢᠨ ᠤᠷᠢᠵᠤ ᠡᠯᠰᠡᠬᠦ  ᠴᠤᠭᠯᠠᠭ᠋ᠠᠨ᠎ᠢ ᠡᠷᠭᠢᠯᠡᠵᠦ᠂ ᠤᠷᠢᠳ ᠬᠣᠵᠢᠳ ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠬᠠᠷᠢᠶᠠᠲᠤ ᠡᠮᠨᠡᠯᠭᠡ ᠵᠢᠨ ᠬᠣᠷᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ ᠵᠢᠨ ᠬᠣᠷᠢᠶ᠎ᠠ᠂ ᠥᠪᠥᠷ ᠮᠣᠩᠭᠣᠯ᠎ᠤᠨ ᠬᠢᠲᠠᠳ ᠡᠮᠨᠡᠯᠭᠡ ᠵᠢᠨ ᠬᠣᠷᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶᠤᠨ ᠮᠡᠳᠡᠷᠡᠯ᠎ᠤᠨ ᠡᠷᠡᠭᠦᠯ ᠬᠠᠮᠠᠭ᠋ᠠᠯᠠᠯ᠎ᠤᠨ ᠲᠥᠪ ᠵᠡᠷᠭᠡ ᠨᠢᠭᠡᠴᠢ ᠵᠢ ᠬᠠᠪᠰᠤᠷᠤᠨ ᠳᠡᠭᠡᠳᠦ ᠲᠠᠰ᠎ᠤᠨ ᠡᠮᠴᠢᠯᠡᠭᠡᠨ᠎ᠤ ᠬᠡᠷᠡᠭᠯᠡᠭᠡᠨ ᠵᠢᠴᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ 85  ᠴᠢᠳᠠᠪᠤᠷᠢᠲᠠᠨ᠎ᠢ ᠣᠷᠣᠭᠤᠯᠤᠨ ᠠᠪᠴᠢᠷᠠᠭᠰᠠᠨ ᠪᠠᠢ᠌ᠨ᠎ᠠ᠃  ᠣᠷᠣᠭᠤᠯᠤᠨ ᠠᠪᠴᠢᠷᠠᠭᠰᠠᠨ ᠳᠡᠭᠡᠳᠦ ᠲᠠᠰ᠎ᠤᠨ ᠰᠢᠯᠢᠳᠡᠭ ᠡᠮᠴᠢᠯᠡᠭᠡᠨ᠎ᠤ ᠴᠢᠳᠠᠪᠤᠷᠢᠲᠠᠨ᠎ᠢ ᠥᠪᠡᠷᠲᠡᠭᠡᠨ ᠵᠠᠰᠠᠬᠤ ᠣᠷᠣᠨ᠎ᠤ 《ᠲᠠᠯ᠎ᠠ ᠨᠤᠲᠤᠭ᠎ᠤᠨ ᠴᠢᠳᠠᠪᠤᠷᠢᠲᠠᠨ》᠎ᠤ ᠢᠨᠵᠧᠨᠧᠷᠢᠩ᠎ᠤᠨ ᠰᠢᠨ᠎ᠡ ᠵᠢ ᠡᠭᠦᠳᠦᠨ ᠦᠢ᠍ᠯᠡᠰ  ᠪᠣᠰᠬᠠᠬᠤ ᠵᠠᠯᠠᠭᠤ ᠴᠢᠳᠠᠪᠤᠷᠢᠲᠠᠨ᠎ᠢ ᠬᠥᠮᠥᠵᠢᠭᠦᠯᠬᠦ ᠲᠥᠯᠥᠪᠯᠡᠭᠡ ᠵᠡᠷᠭᠡ ᠥᠪᠡᠷᠲᠡᠭᠡᠨ ᠵᠠᠰᠠᠬᠤ ᠣᠷᠣᠨ᠎ᠤ ᠡᠯ᠎ᠡ ᠲᠥᠷᠥᠯ᠎ᠤᠨ ᠴᠢᠳᠠᠪᠤᠷᠢᠲᠠᠨ᠎ᠢ ᠰᠣᠩᠭᠣᠨ ᠬᠥᠮᠥᠵᠢᠭᠦᠯᠬᠦ ᠬᠦᠷᠢᠶ᠎ᠡ ᠬᠡᠪᠴᠢᠶᠡᠨ᠎ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠮᠴᠢᠯᠡᠭᠡᠨ᠎ᠤ ᠴᠢᠳᠠᠪᠤᠷᠢᠲᠠᠨ᠎ᠤ  ᠬᠥᠮᠥᠷᠭᠡ ᠵᠢ ᠢᠳᠡᠪᠬᠢᠲᠡᠢ᠎ᠪᠠᠷ ᠪᠠᠢ᠌ᠭᠤᠯᠪᠠ ᠃ ᠡᠭᠦᠨ᠎ᠤ ᠬᠠᠮᠲᠤ᠂ ᠡᠯ᠎ᠡ ᠠᠶ᠋ᠢᠮᠠᠭ ᠬᠣᠲᠠ ᠵᠢᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠰᠢᠯᠵᠢᠭᠦᠯᠬᠦ ᠲᠤᠬᠠᠢ ᠬᠡᠷᠡᠭᠵᠢᠭᠦᠯᠬᠦ ᠠᠷᠭ᠎ᠠ》᠎ᠳᠤ ᠲᠦᠰᠢᠭᠯᠡᠨ ᠭᠠᠵᠠᠷ ᠣᠷᠣᠨ᠎ᠤ ᠪᠣᠳᠠᠲᠠᠢ ᠪᠠᠶ᠋ᠢᠳᠠᠯ᠎ᠲᠠᠢ᠎ᠪᠠᠨ ᠤᠶᠠᠯᠳᠤᠭᠤᠯᠤᠨ ᠨᠠᠩ ᠠᠭᠤᠵᠢᠭᠤ ᠰᠤᠯᠠ᠂ ᠬᠠᠷᠠᠭ᠋ᠠᠯᠵᠠᠯ ᠦᠵᠡᠭᠦᠯᠬᠦ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ ᠵᠢ ᠳᠠᠮᠵᠢᠪᠠ᠃

      ᠭᠤᠷᠪᠠ᠎ᠳᠤ᠂  ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠵᠢ ᠴᠢᠩᠭ᠋ᠠᠳᠬᠠᠪᠠ᠃  ᠴᠢᠳᠠᠪᠤᠷᠢᠲᠠᠨ᠎ᠢ ᠦᠨᠡᠯᠡᠬᠦ ᠲᠥᠷᠥ ᠵᠢᠨ ᠪᠣᠳᠣᠯᠭ᠎ᠠ ᠵᠢᠨ ᠬᠠᠷᠠᠭ᠋ᠠᠯᠵᠠᠯ ᠦᠵᠡᠭᠦᠯᠵᠦ᠂ ᠠᠳᠠᠯᠢ ᠨᠥᠬᠥᠴᠡᠯ ᠳᠣᠣᠷ᠎ᠠ ᠬᠥᠳᠡᠭᠡ ᠲᠣᠰᠬᠤᠨ᠎ᠤ ᠡᠮᠦᠨ᠎ᠡ ᠹᠷᠣᠨᠲ᠎ᠲᠤ ᠣᠷᠳᠣ ᠬᠤᠭᠤᠴᠠᠭ᠎ᠠ᠎ᠪᠠᠷ ᠠᠵᠢᠯᠯᠠᠭᠰᠠᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠳᠤ  ᠤᠷᠢᠳᠠᠪᠠᠷ ᠮᠡᠷᠭᠡᠵᠢᠯ᠎ᠤᠨ ᠴᠣᠯᠠ ᠵᠢ ᠦᠨᠡᠯᠡᠨ ᠲᠣᠭᠲᠠᠭ᠋ᠠᠵᠤ ᠥᠭᠭᠦᠨ᠎ᠡ᠃ ᠡᠷᠡᠭᠦᠯ ᠬᠠᠮᠠᠭ᠋ᠠᠯᠠᠯ᠎ᠤᠨ ᠰᠢᠰᠲ᠋ᠧᠮ᠎ᠤᠨ᠎ᠬᠢᠨ ᠦᠨᠳᠦᠰᠦᠨ ᠱᠠᠲᠤᠨ᠎ᠤ ᠮᠡᠷᠭᠡᠵᠢᠯ᠎ᠤᠨ ᠴᠣᠯᠠ ᠵᠢᠨ 《ᠬᠠᠨᠳᠤᠯᠭ᠎ᠠ᠎ᠲᠠᠢ᠎ᠪᠠᠷ ᠦᠨᠡᠯᠡᠬᠦ᠂ ᠬᠠᠨᠳᠤᠯᠭ᠎ᠠ᠎ᠲᠠᠢ᠎ᠪᠠᠷ ᠬᠡᠷᠡᠭᠯᠡᠬᠦ》 ᠳᠦᠷᠢᠮ᠎ᠢ ᠬᠡᠷᠡᠭᠵᠢᠭᠦᠯᠵᠦ᠂ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ᠎ᠠᠴᠠ ᠨᠠᠭ᠋ᠠᠰᠢ ᠤᠷᠢᠳ ᠬᠣᠵᠢᠳ 1500 ᠭᠠᠷᠤᠢ ᠦᠨᠳᠦᠰᠦᠨ ᠱᠠᠲᠤᠨ᠎ᠤ ᠲᠤᠰᠬᠠᠢ ᠮᠡᠷᠭᠡᠵᠢᠯ᠎ᠤᠨ ᠠᠵᠢᠯᠲᠠᠨ ᠦᠨᠳᠦᠰᠦᠨ ᠱᠠᠲᠤᠨ᠎ᠤ ᠡᠷᠡᠭᠦᠯ ᠬᠠᠮᠠᠭ᠋ᠠᠯᠠᠯ᠎ᠤᠨ ᠰᠢᠷᠢᠰ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠭᠥᠷᠳᠡᠵᠦ᠂ ᠦᠨᠳᠦᠰᠦᠨ ᠱᠠᠲᠤᠨ᠎ᠤ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠦᠨᠳᠦᠰᠦᠨ ᠱᠠᠲᠤᠨ᠎ᠤ  ᠡᠮᠦᠨ᠎ᠡ ᠹᠷᠣᠨᠲ᠎ᠤᠨ ᠲᠤᠰᠬᠠᠢ ᠮᠡᠷᠭᠡᠵᠢᠯ᠎ᠤᠨ ᠠᠵᠢᠯᠲᠠᠨ᠎ᠤ ᠮᠡᠷᠭᠡᠵᠢᠯ᠎ᠤᠨ ᠴᠣᠯᠠ ᠳᠡᠪᠰᠢᠬᠦ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ ᠨᠠᠩ ᠤᠯᠠᠨ ᠴᠢᠳᠠᠪᠤᠷᠢᠲᠠᠨ᠎ᠤ ᠦᠨᠳᠦᠰᠦᠨ ᠱᠠᠲᠤᠨ᠎ᠳᠤ ᠦᠨᠳᠦᠰᠦᠯᠡᠬᠦ ᠵᠢ ᠵᠣᠷᠢᠭᠵᠢᠭᠤᠯᠪᠠ᠃ ᠦᠨᠳᠦᠰᠦᠨ ᠱᠠᠲᠤᠨ᠎ᠤ ᠡᠳ᠋᠎ᠤᠨ ᠵᠠᠰᠠᠭ᠎ᠤᠨ  ᠬᠦᠯᠢᠶᠡᠨ ᠠᠪᠬᠤ ᠴᠢᠳᠠᠪᠤᠷᠢ ᠵᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠦᠨᠳᠦᠰᠦᠨ ᠱᠠᠲᠤᠨ᠎ᠤ ᠠᠵᠢᠯ ᠦᠢ᠍ᠯᠡᠰ᠎ᠤᠨ ᠨᠢᠭᠡᠴᠢ ᠵᠢᠨ ᠲᠤᠰᠬᠠᠢ ᠮᠡᠷᠭᠡᠵᠢᠯ᠎ᠤᠨ  ᠳᠡᠭᠡᠳᠦ ᠵᠡᠷᠭᠡ ᠵᠢᠨ᠂    ᠳᠠᠮᠳᠠ ᠵᠡᠷᠭᠡ ᠵᠢᠨ᠂  ᠠᠩᠬ᠎ᠠ ᠵᠡᠷᠭᠡ ᠵᠢᠨ ᠮᠡᠷᠭᠡᠵᠢᠯ᠎ᠤᠨ ᠴᠣᠯᠠ ᠵᠢᠨ ᠠᠵᠢᠯ᠎ᠤᠨ ᠪᠠᠶ᠋ᠢᠷᠢ ᠵᠢᠨ ᠪᠦᠲᠦᠴᠡ ᠵᠢᠨ ᠬᠠᠷᠢᠴᠠᠯ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠦᠨᠳᠦᠰᠦᠨ ᠱᠠᠲᠤᠨ᠎ᠤ ᠡᠷᠡᠭᠦᠯ ᠬᠠᠮᠠᠭ᠋ᠠᠯᠠᠯ ᠵᠡᠷᠭᠡ ᠮᠡᠳᠡᠯᠭᠡ ᠮᠡᠷᠭᠡᠵᠢᠯ ᠨᠢᠭᠲᠠᠷᠠᠭᠰᠠᠨ᠂ ᠳᠡᠭᠡᠳᠦ ᠲᠠᠰ᠎ᠤᠨ ᠴᠢᠳᠠᠪᠤᠷᠢᠲᠠᠨ ᠬᠠᠷᠢᠴᠠᠩᠭᠤᠢ᠎ᠪᠠᠷ ᠲᠥᠪᠯᠡᠷᠡᠭᠰᠡᠨ ᠠᠵᠢᠯ ᠦᠢ᠍ᠯᠡᠰ᠎ᠤᠨ ᠨᠢᠭᠡᠴᠢ ᠵᠢᠨ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠠᠵᠢᠯ᠎ᠤᠨ ᠪᠠᠶ᠋ᠢᠷᠢ ᠵᠢᠨ ᠪᠦᠲᠦᠴᠡ ᠵᠢᠨ ᠬᠠᠷᠢᠴᠠᠯ᠎ᠢ ᠤᠤᠯ᠎ᠤᠨ 6% ᠪᠠᠢ᠌ᠭᠰᠠᠨ᠎ᠢ 20% ᠪᠣᠯᠭ᠋ᠠᠨ ᠳᠡᠭᠡᠭᠰᠢᠯᠡᠭᠦᠯᠵᠦ᠂ ᠦᠨᠳᠦᠰᠦᠨ ᠱᠠᠲᠤᠨ᠎ᠤ ᠳᠡᠭᠡᠳᠦ ᠲᠠᠰ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢ ᠪᠦᠲᠦᠮᠵᠢᠲᠡᠢ ᠲᠣᠭᠲᠠᠪᠤᠷᠢᠵᠢᠭᠤᠯᠪᠠ᠃ ᠲᠤᠰᠬᠠᠢ ᠮᠡᠷᠭᠡᠵᠢᠯ᠎ᠤᠨ ᠠᠵᠢᠯᠲᠠᠨ᠎ᠤ ᠰᠤᠳᠤᠯᠤᠨ ᠰᠤᠷᠤᠯᠴᠠᠬᠤ ᠲᠥᠷᠥᠯ ᠵᠦᠢ᠍ᠯ ᠪᠠ ᠲᠤᠰᠬᠠᠢ ᠮᠡᠷᠭᠡᠵᠢᠯᠲᠡᠳ᠎ᠤᠨ ᠦᠨᠳᠦᠰᠦᠨ ᠱᠠᠲᠤᠨ᠎ᠳᠤ ᠦᠢ᠍ᠯᠡᠴᠢᠯᠡᠬᠦ ᠲᠥᠷᠥᠯ ᠵᠦᠢ᠍ᠯ᠎ᠳᠤ ᠲᠦᠰᠢᠭᠯᠡᠨ᠂ ᠦᠨᠳᠦᠰᠦᠨ ᠱᠠᠲᠤᠨ᠎ᠤ  ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠰᠤᠳᠤᠯᠤᠨ ᠰᠤᠷᠤᠯᠴᠠᠬᠤ ᠪᠠ ᠰᠣᠯᠢᠯᠴᠠᠬᠤ ᠲᠠᠪᠴᠠᠩ᠎ᠢ ᠪᠠᠢ᠌ᠭᠤᠯᠵᠤ᠂ ᠲᠤᠰᠬᠠᠢ ᠮᠡᠷᠭᠡᠵᠢᠯ᠎ᠤᠨ ᠬᠡᠪ ᠪᠣᠯᠪᠠᠰᠤᠷᠠᠯ᠎ᠢ ᠬᠠᠨᠳᠤᠯᠭ᠋ᠠᠲᠤ ᠴᠢᠨᠠᠷᠲᠠᠢ᠎ᠪᠠᠷ ᠳᠡᠭᠡᠭᠰᠢᠯᠡᠭᠦᠯᠪᠡ ᠃

      ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠡᠷᠬᠡ ᠮᠡᠳᠡᠯ᠎ᠤᠨ ᠬᠡᠪᠴᠢᠶ᠎ᠡ ᠵᠢ ᠦᠨᠳᠦᠰᠦᠯᠡᠵᠦ᠂  ᠡᠯ᠎ᠡ ᠬᠣᠰᠢᠭᠤ ᠰᠢᠶᠠᠨ᠎ᠤ ᠡᠮᠴᠢᠯᠡᠭᠡᠨ᠎ᠤ ᠪᠠᠢ᠌ᠭᠤᠯᠤᠮᠵᠢ ᠵᠢᠨ ᠠᠵᠢᠯᠲᠠᠨ᠎ᠢ ᠭᠣᠣᠯᠳᠠᠭᠤ ᠡᠯ᠎ᠡ ᠭᠠᠵᠠᠷ᠎ᠤᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠡᠭᠦᠷᠭᠡ ᠲᠤᠰᠢᠶᠠᠯ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠨ᠂ ᠴᠢᠳᠠᠪᠤᠷᠢᠲᠠᠨ᠎ᠤ ᠬᠥᠭᠵᠢᠯᠲᠡ ᠵᠢᠨ ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠦᠨᠳᠦᠰᠦᠨ ᠱᠠᠲᠤᠨ᠎ᠳᠤ ᠭᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠲᠠ ᠵᠢ ᠥᠷᠭᠡᠨ ᠵᠶ᠋ᠡᠷ ᠥᠷᠨᠢᠭᠦᠯᠵᠦ᠂ ᠴᠢᠳᠠᠪᠤᠷᠢᠲᠠᠨ ᠪᠠ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠠᠵᠢᠯ᠎ᠤᠨ ᠡᠯ᠎ᠡ ᠲᠠᠯ᠎ᠠ᠎ᠳᠤ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠡᠩᠨᠡᠭᠡ ᠵᠢᠨ ᠬᠥᠭᠵᠢᠯᠲᠡ ᠵᠢᠨ ᠬᠦᠰᠡᠯ ᠱᠠᠭ᠋ᠠᠷᠳᠠᠯᠭ᠎ᠠ ᠵᠢ ᠭᠦᠢ᠍ᠴᠡᠳ  ᠬᠠᠩᠭ᠋ᠠᠵᠤ᠂ ᠴᠢᠳᠠᠪᠤᠷᠢᠲᠠᠨ᠎ᠤ ᠬᠥᠭᠵᠢᠯᠲᠡ ᠪᠠ ᠡᠩᠨᠡᠭᠡ ᠵᠢᠨ ᠪᠠᠢ᠌ᠭᠤᠯᠤᠯᠲᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠬᠢᠷᠢ ᠲᠦᠪᠰᠢᠨ᠎ᠢ ᠦᠨᠡᠨᠬᠦ ᠳᠡᠭᠡᠭᠰᠢᠯᠡᠭᠦᠯᠪᠡ᠃

      ᠲᠠᠨ ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠢ ᠬᠠᠯᠠᠮᠵᠢᠯᠠᠨ ᠳᠡᠮᠵᠢᠭᠰᠡᠨ᠎ᠳᠤ ᠲᠠᠯᠠᠷᠬᠠᠵᠤ ᠪᠠᠢ᠌ᠨ᠎ᠠ᠃

 

 

                      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ 

                       ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ

                                  2023᠎ᠤᠨ 7 ᠰᠠᠷ᠎ᠠ ᠵᠢᠨ 28᠎ᠤ ᠡᠳᠦᠷ


ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠵᠢᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠨᠢᠯᠬᠠᠰ᠎ᠤᠨ ᠡᠷᠡᠭᠦᠯᠵᠢᠯ᠎ᠤᠨ ᠬᠦᠷᠢᠶᠡᠯᠡᠩ᠎ᠤᠨ ᠣᠷᠣᠭᠤᠯᠤᠨ ᠠᠪᠴᠢᠷᠠᠬᠤ᠎ᠪᠠᠷ ᠪᠠᠢᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠢᠯᠡ ᠨᠡᠢᠲᠡᠯᠡᠬᠦ᠌ ᠲᠤᠬᠠᠶ ᠠᠯᠪᠠᠨ ᠵᠠᠷᠯᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠴᠢ ᠪᠠᠴᠢᠮ ᠬᠡᠷᠡᠭᠴᠡᠭᠡ᠎ᠲᠠᠢ ᠪᠠᠴᠢᠮ ᠳᠤᠲᠠᠭᠳᠠᠵᠤ ᠪᠠᠢ᠌ᠭ᠎ᠠ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠭᠠᠷᠴᠠᠭ》᠎ᠢ ᠨᠡᠢ᠌ᠲᠡᠯᠡᠬᠦ ᠲᠤᠬᠠᠢ ᠠᠯᠪᠠᠨ ᠵᠠᠷ
2023 ᠣᠨ᠎ᠤ 《1+N》 ᠨᠥᠬᠥᠵᠦ ᠡᠯᠰᠡᠬᠦ ᠠᠵᠢᠯᠲᠠᠨ (ᠪᠦᠲᠦᠴᠡ ᠵᠢᠨ ᠴᠢᠨᠠᠷᠲᠠᠢ ᠨᠢᠭᠤᠷᠲᠠᠨ ᠰᠢᠯᠭ᠋ᠠᠯᠲᠠ)᠎ᠤ ᠶᠡᠷᠦᠩᠬᠡᠢ ᠬᠢᠷᠢ ᠪᠦᠲᠦᠮᠵᠢ ᠵᠢ ᠨᠡᠢ᠌ᠲᠡᠯᠡᠬᠦ ᠲᠤᠬᠠᠢ ᠠᠯᠪᠠᠨ ᠵᠠᠷ
 
            