ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠪᠦᠬᠦ ᠤᠯᠤᠰ᠎ᠤᠨ ᠡᠶ᠎ᠡ ᠵᠣᠬᠢᠴᠠᠩᠭᠤᠢ ᠬᠥᠳᠡᠯᠮᠦᠷᠢ ᠵᠢᠨ ᠬᠠᠷᠢᠴᠠᠭ᠎ᠠ ᠵᠢ ᠡᠭᠦᠳᠦᠨ ᠪᠠᠢ᠌ᠭᠤᠯᠬᠤ ᠠᠵᠢᠯ᠎ᠤᠨ ᠲᠡᠷᠢᠭᠦᠨ᠎ᠤ ᠬᠠᠮᠲᠤ᠂ ᠲᠡᠷᠢᠭᠦᠨ᠎ᠤ ᠬᠤᠪᠢ ᠬᠥᠮᠥᠨ ᠵᠶ᠋ᠠᠷ ᠵᠢᠱ᠌ᠢᠭᠳᠡᠭᠰᠡᠳ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2023-09-13

      《ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠳᠤᠮᠳᠠᠳᠤ ᠤᠯᠤᠰ᠎ᠤᠨ ᠠᠵᠤ ᠠᠬᠤᠢ᠌ᠯᠠᠯ᠎ᠤᠨ ᠬᠣᠯᠪᠣᠭ᠎ᠠ / ᠳᠤᠮᠳᠠᠳᠤ ᠤᠯᠤᠰ᠎ᠤᠨ ᠠᠵᠤ ᠠᠬᠤᠢ᠌ᠯᠠᠯᠲᠠᠨ᠎ᠤ ᠨᠡᠢ᠌ᠭᠡᠮᠯᠢᠭ ᠳᠤᠮᠳᠠᠳᠤ ᠵᠢᠨ ᠪᠦᠬᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ ᠠᠩᠬᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠡᠶ᠎ᠡ ᠵᠣᠬᠢᠴᠠᠩᠭᠤᠢ ᠬᠥᠳᠡᠯᠮᠦᠷᠢ ᠵᠢᠨ ᠬᠠᠷᠢᠴᠠᠭ᠎ᠠ ᠵᠢ ᠡᠭᠦᠳᠦᠨ ᠪᠠᠢ᠌ᠭᠤᠯᠬᠤ ᠠᠵᠢᠯ᠎ᠤᠨ ᠲᠡᠷᠢᠭᠦᠨ᠎ᠤ ᠬᠠᠮᠲᠤ ᠪᠠ ᠲᠡᠷᠢᠭᠦᠨ᠎ᠤ ᠬᠤᠪᠢ ᠬᠥᠮᠥᠨ᠎ᠢ ᠰᠢᠯᠭ᠋ᠠᠷᠠᠭᠤᠯᠤᠨ ᠬᠥᠬᠢᠭᠦᠯᠬᠦ ᠠᠵᠢᠯᠯᠠᠭ᠎ᠠ ᠵᠢ ᠥᠷᠨᠢᠭᠦᠯᠬᠦ ᠲᠤᠬᠠᠢ ᠮᠡᠳᠡᠭᠳᠡᠯ》 (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠵᠠᠬᠢᠳᠠᠯ [2023] 62 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠵᠦ᠂ ᠵᠣᠬᠢᠶᠠᠨ ᠪᠠᠢ᠌ᠭᠤᠯᠤᠯᠲᠠ᠎ᠠᠴᠠ ᠨᠡᠷ᠎ᠡ ᠳᠤᠷᠠᠳᠴᠤ᠂ ᠠᠩᠬᠠᠨ᠎ᠤ ᠬᠢᠨᠠᠯᠲᠠ ᠵᠢ ᠥᠩᠭᠡᠷᠡᠭᠡᠵᠦ ᠲᠠᠨᠢᠯᠴᠠᠭᠤᠯᠬᠤ᠎ᠪᠠᠷ ᠳᠡᠮᠵᠢᠨ᠂ ᠣᠲᠣ ᠪᠥᠬᠥ ᠤᠯᠤᠰ᠎ᠤᠨ ᠡᠶ᠎ᠡ ᠵᠣᠬᠢᠴᠠᠩᠭᠤᠢ ᠬᠥᠳᠡᠯᠮᠦᠷᠢ ᠵᠢᠨ ᠬᠠᠷᠢᠴᠠᠭ᠎ᠠ ᠵᠢ ᠡᠭᠦᠳᠦᠨ ᠪᠠᠢ᠌ᠭᠤᠯᠬᠤ ᠠᠵᠢᠯ᠎ᠤᠨ ᠲᠡᠷᠢᠭᠦᠨ᠎ᠤ ᠬᠠᠮᠲᠤ ᠨᠠᠢ᠌ᠳᠠ᠂ ᠲᠡᠷᠢᠭᠦᠨ᠎ᠤ ᠬᠤᠪᠢ ᠬᠥᠮᠥᠨ᠎ᠢ ᠵᠠᠷᠯᠠᠨ ᠨᠡᠢ᠌ᠲᠡᠯᠡᠶ᠎ᠡ᠂ ᠵᠠᠷᠯᠠᠨ ᠨᠡᠢ᠌ᠲᠡᠯᠡᠬᠦ ᠬᠤᠭᠤᠴᠠᠭ᠎ᠠ᠎ᠨᠢ 2023 ᠣᠨ᠎ᠤ 9 ᠰᠠᠷ᠎ᠠ ᠵᠢᠨ 5᠎ᠤ ᠡᠳᠦᠷ᠎ᠠᠴᠠ 9 ᠰᠠᠷ᠎ᠠ ᠵᠢᠨ 11᠎ᠤ ᠡᠳᠦᠷ ᠪᠣᠯᠣᠨ᠎ᠠ᠃

      ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ ᠬᠡᠷᠪᠡ ᠣᠨᠳᠣᠣ ᠰᠠᠨᠠᠯ᠎ᠲᠠᠢ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠳᠤ ᠪᠢᠴᠢᠭ᠎ᠤᠨ ᠬᠡᠯᠪᠡᠷᠢ᠎ᠪᠠᠷ ᠣᠨᠳᠣᠣ ᠰᠠᠨᠠᠯ ᠵᠶ᠋ᠠᠨ ᠲᠤᠰᠬᠠᠭᠰᠠᠨ ᠮᠠᠲ᠋ᠧᠷᠢᠶᠠᠯ ᠵᠶ᠋ᠠᠨ ᠲᠤᠰᠢᠶᠠᠵᠤ ᠪᠣᠯᠣᠨ᠎ᠠ᠂ ᠪᠠᠶ᠋ᠢᠳᠠᠯ᠎ᠢ ᠲᠤᠰᠬᠠᠬᠤ᠎ᠳᠠᠭᠠᠨ ᠪᠤᠰᠤᠳᠴᠢ ᠪᠥᠭᠡᠳ ᠦᠨᠡᠨ ᠪᠣᠳᠠᠲᠠᠢ ᠪᠠᠢ᠌ᠵᠤ᠂ ᠦᠨᠡᠨ ᠨᠡᠷ᠎ᠡ᠎ᠪᠠᠨ ᠪᠢᠴᠢᠬᠦ ᠵᠢᠨ ᠬᠠᠮᠲᠤ ᠬᠠᠷᠢᠯᠴᠠᠬᠤ ᠠᠷᠭ᠎ᠠ ᠬᠡᠯᠪᠡᠷᠢ᠎ᠪᠠᠨ ᠲᠤᠰᠢᠶᠠᠬᠤ ᠬᠡᠷᠡᠭᠲᠡᠶ᠃

      ᠬᠥᠳᠡᠯᠮᠦᠷᠢ ᠵᠢᠨ ᠬᠠᠷᠢᠴᠠᠭ᠋ᠠᠨ᠎ᠤ ᠭᠠᠵᠠᠷ᠎ᠤᠨ ᠤᠲᠠᠰᠤ᠄ 0471 — 6213929

      ᠹᠠᠺᠰ᠄ (0471) 6945364

      ᠢᠮᠧᠯ᠄ nmgldtldgz@sina.com


ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
2023 ᠣᠨ᠎ᠤ ᠬᠣᠶᠠᠳᠤᠭ᠋ᠠᠷ ᠪᠦᠯᠦᠭ᠎ᠤᠨ ᠥᠪᠡᠷᠲᠡᠭᠡᠨ ᠵᠠᠰᠠᠬᠤ ᠣᠷᠣᠨ᠎ᠤ ᠰᠠᠭ᠋ᠠᠳ ᠦᠭᠡᠢ ᠨᠡᠪᠲᠡᠷᠡᠬᠦ ᠵᠠᠮ ᠵᠶ᠋ᠡᠷ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ (ᠮᠠᠭ᠋ᠠᠳᠯᠠᠨ ᠲᠣᠭᠲᠠᠭ᠋ᠠᠬᠤ)᠎ᠳᠤ ᠪᠠᠲᠤᠯᠠᠭᠳᠠᠭᠰᠠᠨ ᠬᠥᠮᠥᠰ᠎ᠤᠨ ᠨᠡᠷᠡᠰ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠲᠢᠩᠬᠢᠮ᠎ᠤᠨ ᠱᠠᠲᠤᠨ᠎ᠤ ᠤᠳᠤᠷᠢᠳᠤᠯᠭ᠎ᠠ ᠳᠣᠷᠣᠭᠰᠢ ᠪᠠᠭᠤᠵᠤ ᠰᠤᠷᠪᠤᠯᠵᠢᠯᠠᠨ ᠰᠤᠷᠪᠤᠯᠵᠢᠯᠠᠯ᠎ᠢ ᠬᠦᠯᠢᠶᠡᠬᠦ ᠲᠤᠬᠠᠢ ᠠᠯᠪᠠᠨ ᠵᠠᠷᠯᠠᠯ
2023 ᠣᠨ᠎ᠤ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠵᠢ ᠠᠬᠢᠭᠤᠯᠬᠤ ᠳᠠᠳᠤᠯᠭ᠎ᠠ ᠬᠢᠬᠦ ᠤᠯᠤᠰ᠎ᠤᠨ ᠲᠠᠰ᠎ᠤᠨ ᠵᠢᠱ᠌ᠢᠶ᠎ᠡ ᠦᠵᠡᠭᠦᠯᠬᠦ ᠨᠢᠭᠡᠴᠢ ᠵᠢ ᠲᠠᠨᠢᠯᠴᠠᠭᠤᠯᠤᠨ ᠮᠡᠳᠡᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠯᠪᠠᠨ ᠵᠠᠷᠯᠠᠯ
ᠲᠤᠬᠠᠢ᠌ᠯᠠᠭᠰᠠᠨ ᠠᠵᠢᠯ ᠭᠦᠢ᠍ᠴᠡᠳᠬᠡᠬᠦ ᠵᠢ ᠲᠦᠷ ᠵᠣᠭᠰᠤᠭ᠋ᠠᠬᠤ ᠠᠯᠪᠠᠨ ᠵᠠᠷᠯᠠᠯ
 
            