《2023 ᠣᠨ᠎ᠤ ᠪᠥᠬᠥ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠮᠡᠳᠡᠭᠳᠡᠯ》 (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠯᠪᠠᠨ ᠭᠡᠷ ᠲᠠᠷᠬᠠᠭ᠋ᠠᠪᠠ [2023] 79 ᠳ᠋ᠦ᠍ᠭᠡᠷ ᠲᠣᠭ᠋ᠠᠲᠤ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ ᠴᠢᠳᠠᠪᠤᠷᠢᠲᠠᠨ᠎ᠤ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠲᠥᠪ᠎ᠠᠴᠠ 2023 ᠣᠨ᠎ᠤ ᠬᠣᠶᠠᠳᠤᠭ᠋ᠠᠷ ᠪᠦᠯᠦᠭ᠎ᠤᠨ ᠰᠠᠭ᠋ᠠᠳ ᠦᠭᠡᠢ ᠨᠡᠪᠲᠡᠷᠡᠬᠦ ᠵᠠᠮ ᠵᠶ᠋ᠠᠷ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ (ᠮᠠᠭ᠋ᠠᠳᠯᠠᠨ ᠲᠣᠭᠲᠠᠭ᠋ᠠᠬᠤ) ᠠᠵᠢᠯ᠎ᠢ ᠥᠷᠨᠢᠭᠦᠯᠪᠡ᠃ ᠡᠷᠬᠡ ᠲᠡᠭᠰᠢ᠂ ᠲᠥᠪ ᠭᠣᠣᠯᠴᠢ᠂ ᠢᠯᠡ ᠪᠠᠢ᠌ᠯᠭ᠋ᠠᠬᠤ ᠵᠠᠷᠴᠢᠮ᠎ᠢ ᠢᠯᠡᠷᠡᠭᠦᠯᠬᠦ ᠵᠢᠨ ᠲᠥᠯᠥᠭᠡ᠂ ᠬᠢᠨᠠᠨ ᠲᠣᠭᠲᠠᠭ᠋ᠠᠯᠲᠠ᠎ᠪᠠᠷ ᠪᠠᠲᠤᠯᠠᠭᠳᠠᠭᠰᠠᠳᠢ ᠢᠯᠡ ᠨᠡᠢ᠌ᠲᠡᠯᠡᠶ᠎ᠡ᠂ ᠢᠯᠡ ᠨᠡᠢ᠌ᠲᠡᠯᠡᠬᠦ ᠬᠤᠭᠤᠴᠠᠭ᠎ᠠ᠎ᠨᠢ 2023 ᠣᠨ᠎ᠤ 9 ᠰᠠᠷ᠎ᠠ ᠵᠢᠨ 13᠎ᠤ ᠡᠳᠦᠷ — 9 ᠰᠠᠷ᠎ᠠ ᠵᠢᠨ 19᠎ᠤ ᠡᠳᠦᠷ ᠪᠣᠯᠣᠨ᠎ᠠ᠃
ᠢᠯᠡ ᠨᠡᠢ᠌ᠲᠡᠯᠡᠬᠦ ᠬᠤᠭᠤᠴᠠᠭ᠋ᠠᠨ᠎ᠳᠤ᠂ ᠬᠢᠨᠠᠨ ᠲᠣᠭᠲᠠᠭ᠋ᠠᠯᠲᠠ᠎ᠪᠠᠷ ᠪᠠᠲᠤᠯᠠᠭᠳᠠᠭᠰᠠᠨ ᠬᠥᠮᠥᠰ᠎ᠲᠤ ᠰᠡᠵᠢᠭᠯᠡᠯ᠎ᠲᠠᠢ ᠪᠠᠢ᠌ᠪᠠᠯ᠂ ᠨᠢᠭᠡᠴᠢ ᠪᠣᠯᠣᠨ ᠬᠤᠪᠢ ᠬᠥᠮᠥᠨ ᠴᠥᠮ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠣᠷᠪᠤᠯᠵᠢᠯᠠᠭ᠎ᠠ ᠵᠡᠷᠭᠡ ᠬᠡᠯᠪᠡᠷᠢ᠎ᠪᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ ᠴᠢᠳᠠᠪᠤᠷᠢᠲᠠᠨ᠎ᠤ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠲᠥᠪ᠎ᠲᠤ ᠠᠰᠠᠭᠤᠳᠠᠯ᠎ᠢ ᠲᠤᠰᠬᠠᠵᠤ ᠪᠣᠯᠣᠨ᠎ᠠ᠃ ᠠᠰᠠᠭᠤᠳᠠᠯ᠎ᠢ ᠲᠤᠰᠬᠠᠬᠤ᠎ᠳᠠᠭᠠᠨ ᠦᠨᠡᠨ ᠪᠣᠳᠠᠲᠠᠢ ᠦᠨᠳᠦᠰᠦ ᠪᠠᠷᠢᠮᠲᠠ᠎ᠲᠠᠢ ᠪᠠᠶ᠋ᠢᠬᠤ ᠵᠢᠨ ᠬᠠᠮᠲᠤ ᠪᠢᠴᠢᠭ᠎ᠤᠨ ᠬᠡᠯᠪᠡᠷᠢ ᠵᠢᠨ ᠮᠠᠲ᠋ᠧᠷᠢᠶᠠᠯ᠂ ᠦᠨᠡᠨ ᠪᠣᠳᠠᠲᠠᠢ ᠣᠪᠣᠭ ᠨᠡᠷ᠎ᠡ᠂ ᠬᠠᠷᠢᠯᠴᠠᠬᠤ ᠤᠲᠠᠰᠤ ᠵᠢ ᠳᠠᠭ᠋ᠠᠯᠳᠤᠭᠤᠯᠵᠤ᠂ ᠲᠠᠷᠠᠭ᠋ᠠᠴᠢ ᠵᠢᠨ ᠠᠯᠬᠤᠮ᠎ᠳᠤ ᠬᠢᠨᠠᠨ ᠬᠠᠷᠭᠤᠭᠤᠯᠬᠤ ᠪᠠ ᠪᠠᠢ᠌ᠴᠠᠭ᠋ᠠᠬᠤ ᠠᠵᠢᠯ᠎ᠢ ᠰᠠᠶ᠋ᠢᠲᠤᠷ ᠬᠢᠬᠦ᠎ᠳᠤ ᠲᠥᠬᠥᠮ ᠦᠵᠡᠭᠦᠯᠬᠦ ᠬᠡᠷᠡᠭᠲᠡᠶ᠃ ᠢᠯᠡ ᠨᠡᠢ᠌ᠲᠡᠯᠡᠭᠰᠡᠨ ᠮᠡᠳᠡᠭᠡ ᠵᠠᠩᠭᠢ᠎ᠳᠤ ᠪᠤᠷᠤᠭᠤ᠎ᠲᠠᠢ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ ᠴᠢᠳᠠᠪᠤᠷᠢᠲᠠᠨ᠎ᠤ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠲᠥᠪ᠎ᠲᠠᠢ ᠬᠠᠷᠢᠯᠴᠠᠵᠤ ᠵᠠᠯᠠᠷᠠᠭᠤᠯᠤᠭ᠋ᠠᠷᠠᠢ᠃
ᠬᠠᠷᠢᠯᠴᠠᠬᠤ ᠬᠠᠶᠢᠭ᠄ ᠬᠥᠬᠡᠬᠣᠲᠠ ᠵᠢᠨ ᠤᠯᠤᠰ᠎ᠤᠨ ᠶᠡᠬᠡ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠯᠡᠩ᠎ᠤᠨ 8 ᠳ᠋ᠤᠭ᠋ᠠᠷ ᠠᠰᠠᠷ᠎ᠤᠨ 609 ᠥᠷᠥᠭᠡ
ᠬᠠᠷᠢᠯᠴᠠᠬᠤ ᠤᠲᠠᠰᠤ᠄ 0471 — 6918865
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ
ᠴᠢᠳᠠᠪᠤᠷᠢᠲᠠᠨ᠎ᠤ ᠤᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠥᠪ
2023 ᠣᠨ᠎ᠤ 9 ᠰᠠᠷ᠎ᠠ ᠵᠢᠨ 13᠎ᠤᠨ ᠡᠳᠦᠷ