ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠮᠡᠳᠡᠭᠡ ᠵᠠᠩᠭᠢ ᠵᠢᠨ ᠰᠢᠰᠲ᠋ᠧᠮ᠎ᠢ ᠲᠠᠰ ᠳᠡᠪᠰᠢᠭᠦᠯᠬᠦ ᠠᠵᠢᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ 2023 ᠣᠨ᠎ᠤ 9 ᠰᠠᠷ᠎ᠠ ᠵᠢᠨ 1᠎ᠤ ᠡᠳᠦᠷ᠎ᠤᠨ 20 ᠴᠠᠭ᠎ᠲᠤ ᠲᠤᠬᠠᠢ᠌ᠯᠠᠭᠰᠠᠨ ᠠᠵᠢᠯ ᠭᠦᠢ᠍ᠴᠡᠳᠬᠡᠬᠦ ᠵᠢ ᠲᠦᠷ ᠵᠣᠭᠰᠣᠭ᠋ᠠᠵᠤ ᠰᠢᠰᠲ᠋ᠧᠮ᠎ᠢ ᠲᠠᠰ ᠳᠡᠪᠰᠢᠭᠦᠯᠬᠦ ᠵᠢᠴᠢ ᠬᠠᠮᠠᠭ᠋ᠠᠯᠠᠬᠤ ᠠᠵᠢᠯ᠎ᠢ ᠥᠷᠨᠢᠭᠦᠯᠬᠦ᠎ᠪᠠᠷ ᠲᠣᠭᠲᠠᠪᠠ᠃ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠵᠠᠷᠯᠠᠶ᠎ᠠ᠄
ᠨᠢᠭᠡ᠂ ᠲᠤᠬᠠᠢ᠌ᠯᠠᠭᠰᠠᠨ ᠠᠵᠢᠯ ᠭᠦᠢ᠍ᠴᠡᠳᠬᠡᠬᠦ ᠵᠢ ᠲᠦᠷ ᠵᠣᠭᠰᠤᠭ᠋ᠠᠬᠤ ᠴᠠᠭ
2023 ᠣᠨ᠎ᠤ 9 ᠰᠠᠷ᠎ᠠ ᠵᠢᠨ 1᠎ᠤ ᠡᠳᠦᠷ᠎ᠤᠨ 20:00 — 9 ᠰᠠᠷ᠎ᠠ ᠵᠢᠨ 2᠎ᠤᠨ ᠡᠳᠦᠷ᠎ᠤᠨ 08᠄ 00 ᠪᠤᠯᠲᠠᠯ᠎ᠠ᠃
ᠬᠣᠶᠠᠷ᠂ ᠨᠥᠯᠥᠭᠡᠯᠡᠬᠦ ᠲᠤᠬᠠᠢ᠌ᠯᠠᠭᠰᠠᠨ ᠠᠵᠢᠯ᠎ᠤᠨ ᠬᠦᠷᠢᠶ᠎ᠡ ᠬᠡᠪᠴᠢᠶ᠎ᠡ
ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠂ ᠠᠵᠢᠯ ᠠᠯᠳᠠᠭᠰᠠᠳ᠎ᠤᠨ ᠳᠠᠭ᠋ᠠᠳᠬᠠᠯ ᠵᠡᠷᠭᠡ 3 ᠳᠠᠭ᠋ᠠᠳᠬᠠᠯ᠎ᠤᠨ ᠲᠥᠷᠥᠯ᠎ᠤᠨ ᠪᠥᠬᠥ ᠲᠤᠬᠠᠢ᠌ᠯᠠᠭᠰᠠᠨ ᠠᠵᠢᠯ ᠪᠠ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠳᠤ ᠤᠷᠤᠯᠴᠠᠬᠤ ᠳᠠᠭ᠋ᠠᠳᠬᠠᠯ᠎ᠤᠨ ᠰᠦᠢ᠍ᠳᠬᠡᠯ ᠵᠢ ᠬᠤᠷᠢᠶᠠᠬᠤ ᠪᠠ ᠲᠤᠰᠢᠶᠠᠬᠤ ᠲᠤᠬᠠᠢ᠌ᠯᠠᠭᠰᠠᠨ ᠠᠵᠢᠯ᠎ᠤᠨ ᠦᠢ᠍ᠯᠡᠴᠢᠯᠡᠭᠡ ᠵᠢ ᠲᠦᠷ ᠵᠣᠭᠰᠣᠭ᠋ᠠᠨ᠎ᠠ᠃
ᠪᠥᠬᠥ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠦᠯᠵᠢᠶᠡᠨ ᠳᠡᠭᠡᠷᠡᠬᠢ ᠦᠢ᠍ᠯᠡᠴᠢᠯᠡᠭᠡᠨ᠎ᠤ ᠲᠢᠩᠬᠢᠮ᠂ ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ APP᠂ 《ᠥᠪᠥᠷ ᠮᠣᠩᠭᠣᠯ᠎ᠤᠨ ᠨᠡᠢ᠌ᠭᠡᠮ᠎ᠤᠨ ᠳᠠᠭ᠋ᠠᠳᠬᠠᠯ᠎ᠤᠨ ᠠᠵᠢᠯ ᠦᠢ᠍ᠯᠡᠰ᠎ᠤᠨ ᠦᠢ᠍ᠯᠡᠴᠢᠯᠡᠭᠡᠨ᠎ᠤ ᠲᠥᠪ》᠎ᠤᠨ ᠸᠢᠴᠠᠲ ᠲᠠᠪᠴᠠᠩ ᠳᠣᠲᠣᠷᠠᠬᠢ᠂ ᠨᠥᠯᠥᠭᠡᠯᠡᠬᠦ ᠬᠦᠷᠢᠶ᠎ᠡ ᠬᠡᠪᠴᠢᠶᠡᠨ᠎ᠳᠤ ᠬᠣᠯᠪᠣᠭᠳᠠᠭᠰᠠᠨ ᠲᠤᠬᠠᠢ᠌ᠯᠠᠭᠰᠠᠨ ᠠᠵᠢᠯ᠎ᠢ ᠭᠦᠢ᠍ᠴᠡᠳᠬᠡᠬᠦ ᠵᠢ ᠲᠦᠷ ᠴᠠᠭ ᠵᠣᠭᠰᠣᠭ᠋ᠠᠨ᠎ᠠ ᠃
ᠳᠣᠲᠣᠨᠣ ᠰᠠᠨᠠᠭᠤᠯᠤᠮᠵᠢ᠄ ᠪᠠᠢ᠌ᠭᠤᠯᠭ᠎ᠠ ᠠᠵᠢᠯ ᠦᠢ᠍ᠯᠡᠰ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠣᠯᠪᠣᠭᠳᠠᠯ ᠪᠦᠬᠦᠢ ᠲᠤᠬᠠᠢ᠌ᠯᠠᠭᠰᠠᠨ ᠠᠵᠢᠯ ᠨᠥᠯᠥᠭᠡᠯᠡᠭᠳᠡᠬᠦ ᠦᠭᠡᠢ᠃ ᠲᠠᠨ᠎ᠤ ᠠᠵᠢᠯ ᠠᠮᠢᠳᠤᠷᠠᠯ᠎ᠳᠤ ᠳᠥᠭᠥᠮ ᠦᠭᠡᠢ ᠪᠣᠯᠤᠭᠰᠠᠨ᠎ᠢ ᠠᠭᠤᠴᠢᠯᠠᠬᠤ ᠪᠣᠯᠪᠠᠤ᠂ ᠲᠠᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠢ ᠳᠡᠮᠵᠢᠵᠦ ᠣᠢ᠌ᠯᠠᠭ᠋ᠠᠭᠰᠠᠨ᠎ᠳᠤ ᠴᠢᠨᠢ ᠲᠠᠯᠠᠷᠬᠠᠵᠤ ᠪᠠᠢ᠌ᠨ᠎ᠠ!
ᠡᠭᠦᠨ᠎ᠤ ᠲᠤᠯᠠ ᠣᠨᠴᠠᠭ᠋ᠠᠢ᠌ᠯᠠᠨ ᠵᠠᠷᠯᠠᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ
ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
2023 ᠣᠨ᠎ᠤ 8 ᠰᠠᠷ᠎ᠠ ᠵᠢᠨ 30᠎ᠤ ᠡᠳᠦᠷ