ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2023-09-06

      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠰᠢᠯᠵᠢᠭᠦᠯᠬᠦ ᠲᠤᠬᠠᠢ ᠬᠡᠷᠡᠭᠵᠢᠭᠦᠯᠬᠦ ᠠᠷᠭ᠎ᠠ》 (ᠥᠪᠥᠷ ᠮᠣᠩᠭᠣᠯ᠎ᠤᠨ ᠵᠠᠰᠠᠭ᠎ᠤᠨ ᠣᠷᠳᠣᠨ ᠲᠠᠷᠬᠠᠭ᠋ᠠᠪᠠ [2017] 77 ᠳ᠋ᠤᠭ᠋ᠠᠷ ᠲᠣᠭ᠋ᠠᠲᠤ)᠂ 《ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯ ᠦᠢ᠍ᠯᠡᠰ᠎ᠤᠨ ᠨᠢᠭᠡᠴᠢ ᠵᠢᠨ 〈ᠰᠠᠭ᠋ᠠᠳ ᠦᠭᠡᠢ ᠨᠡᠪᠲᠡᠷᠡᠬᠦ ᠵᠠᠮ〉 ᠵᠶ᠋ᠠᠷ ᠣᠷᠣᠭᠤᠯᠤᠨ ᠠᠪᠴᠢᠷᠠᠬᠤ ᠳᠡᠭᠡᠳᠦ ᠲᠠᠰ᠎ᠤᠨ ᠴᠢᠳᠠᠪᠤᠷᠢᠲᠠᠨ᠎ᠢ ᠬᠢᠨᠠᠨ ᠵᠥᠪᠰᠢᠶᠡᠷᠡᠬᠦ ᠳᠦᠷᠢᠮ᠎ᠠᠴᠠ ᠳᠠᠩᠰᠠᠯᠠᠬᠤ ᠳᠦᠷᠢᠮ ᠪᠣᠯᠭ᠋ᠠᠨ ᠥᠭᠡᠷᠡᠴᠢᠯᠡᠬᠦ ᠬᠣᠯᠪᠣᠭᠳᠠᠯ ᠪᠦᠬᠦᠢ ᠵᠦᠢ᠍ᠯᠡᠰ᠎ᠤᠨ ᠲᠤᠬᠠᠢ ᠮᠡᠳᠡᠭᠳᠡᠯ》 (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠲᠠᠷᠬᠠᠭ᠋ᠠᠪᠠ [2022] 78 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠯᠪᠠᠨ ᠵᠠᠷᠯᠠᠯ ᠨᠡᠢ᠌ᠲᠡᠯᠡᠬᠦ᠂ ᠨᠡᠷ᠎ᠡ ᠮᠡᠳᠡᠭᠦᠯᠬᠦ ᠵᠢ ᠵᠣᠬᠢᠶᠠᠨ ᠪᠠᠢ᠌ᠭᠤᠯᠵᠤ ᠬᠢᠨᠠᠨ ᠪᠠᠢ᠌ᠴᠠᠭ᠋ᠠᠬᠤ᠂ ᠲᠤᠰᠬᠠᠢ ᠮᠡᠷᠭᠡᠵᠢᠯᠲᠡᠨ ᠦᠨᠡᠯᠡᠵᠦ ᠬᠢᠨᠠᠨ ᠲᠣᠭᠲᠠᠭ᠋ᠠᠬᠤ᠂ ᠰᠢᠨᠵᠢᠯᠡᠨ ᠪᠠᠢ᠌ᠴᠠᠭ᠋ᠠᠬᠤ᠂ ᠪᠡᠶ᠎ᠡ ᠵᠢᠨ ᠪᠠᠢ᠌ᠴᠠᠭ᠋ᠠᠯᠲᠠ ᠬᠢᠬᠦ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ ᠴᠧᠨ ᠸᠧᠢ ᠳ᠋ᠦᠩ ᠳ᠋ᠣᠺᠲ᠋ᠣᠷ ᠵᠡᠷᠭᠡ 1 ᠬᠥᠮᠥᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠴᠢᠳᠠᠪᠤᠷᠢᠲᠠᠨ᠎ᠤ ᠬᠦᠷᠢᠶ᠎ᠡ ᠬᠡᠪᠴᠢᠶᠡᠨ᠎ᠳᠤ ᠣᠷᠣᠪᠠ᠂ ᠣᠲᠣ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠠᠵᠢᠯᠲᠠᠨ ᠵᠢᠴᠢ ᠤᠷᠢᠵᠤ ᠣᠷᠣᠭᠤᠯᠬᠤ᠎ᠪᠠᠷ ᠪᠠᠢ᠌ᠭ᠎ᠠ ᠨᠢᠭᠡᠴᠢ ᠵᠢ ᠵᠠᠷᠯᠠᠨ ᠨᠡᠢ᠌ᠲᠡᠯᠡᠶ᠎ᠡ᠃

      ᠨᠢᠭᠡ᠂ ᠵᠠᠷᠯᠠᠨ ᠨᠡᠢ᠌ᠲᠡᠯᠡᠬᠦ ᠡᠲᠡᠭᠡᠳ

      ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠬᠥᠮᠥᠰ᠎ᠤᠨ ᠨᠡᠷᠡᠰ᠎ᠢ ᠳᠠᠭ᠋ᠠᠯᠳᠤᠭᠤᠯᠤᠯ᠎ᠳᠤ ᠦᠵᠡᠭᠡᠷᠡᠢ᠃

      ᠬᠣᠶᠠᠷ᠂ ᠵᠠᠷᠯᠠᠨ ᠨᠡᠢ᠌ᠲᠡᠯᠡᠬᠦ ᠴᠠᠭ

      2023 ᠣᠨ᠎ᠤ 8 ᠰᠠᠷ᠎ᠠ ᠵᠢᠨ 29᠎ᠤ ᠡᠳᠦᠷ᠎ᠠᠴᠠ 2023 ᠣᠨ᠎ᠤ 9 ᠰᠠᠷ᠎ᠠ ᠵᠢᠨ 5᠎ᠤ ᠡᠳᠦᠷ ᠪᠤᠯᠲᠠᠯ᠎ᠠ

      ᠭᠤᠷᠪᠠ᠂ ᠬᠦᠯᠢᠶᠡᠨ ᠠᠪᠴᠤ ᠰᠢᠢ᠍ᠳᠪᠦᠷᠢᠯᠡᠬᠦ ᠬᠡᠯᠪᠡᠷᠢ

      ᠬᠠᠮᠢᠶ᠎ᠠ ᠪᠦᠬᠦᠢ ᠨᠢᠭᠡᠴᠢ ᠪᠣᠯᠣᠨ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠠᠷ ᠳᠡᠭᠡᠷ᠎ᠡ ᠳᠤᠷᠠᠳᠤᠭᠰᠠᠨ ᠵᠠᠷᠯᠠᠨ ᠨᠡᠢ᠌ᠲᠡᠯᠡᠬᠦ ᠡᠲᠡᠭᠡᠳ᠎ᠤᠨ ᠬᠣᠯᠪᠣᠭᠳᠠᠯ ᠪᠦᠬᠦᠢ ᠪᠠᠶ᠋ᠢᠳᠠᠯ ᠪᠣᠯᠣᠨ ᠠᠰᠠᠭᠤᠳᠠᠯ᠎ᠢ ᠲᠤᠰᠬᠠᠵᠤ ᠪᠣᠯᠣᠨ᠎ᠠ᠂ ᠪᠠᠢ᠌ᠳᠠᠯ᠎ᠢ ᠲᠤᠰᠬᠠᠭᠰᠠᠨ ᠨᠢᠭᠡᠴᠢ᠎ᠨᠢ ᠮᠠᠲ᠋ᠧᠷᠢᠶᠠᠯ ᠳᠡᠭᠡᠷ᠎ᠡ᠎ᠪᠠᠨ ᠨᠢᠭᠡᠴᠢ ᠵᠢᠨ ᠵᠶ᠋ᠡᠨ ᠠᠯᠪᠠᠨ ᠲᠠᠮᠠᠭ᠎ᠠ ᠵᠢ ᠳᠠᠷᠤᠵᠤ᠂ ᠬᠤᠪᠢ ᠬᠥᠮᠥᠨ ᠪᠣᠯ ᠦᠨᠡᠨ ᠨᠡᠷ᠎ᠡ᠎ᠪᠠᠨ ᠪᠢᠴᠢᠬᠦ ᠵᠢᠨ ᠬᠠᠮᠲᠤ ᠬᠠᠷᠢᠯᠴᠠᠬᠤ ᠠᠷᠭ᠎ᠠ ᠬᠡᠯᠪᠡᠷᠢ᠎ᠪᠠᠨ ᠬᠠᠩᠭ᠋ᠠᠬᠤ ᠬᠡᠷᠡᠭᠲᠡᠶ᠃

      ᠬᠦᠯᠢᠶᠡᠨ ᠠᠪᠴᠤ ᠰᠢᠢ᠍ᠳᠪᠦᠷᠢᠯᠡᠬᠦ ᠴᠠᠭ᠄ ᠦᠳᠡ ᠵᠢᠨ ᠡᠮᠦᠨ᠎ᠡ 9᠄ 00 — 12᠄ 00᠂ ᠦᠳᠡ ᠵᠢᠨ ᠬᠣᠢ᠌ᠨ᠎ᠠ 14᠄ 30 — 17᠄ 00

      ᠬᠦᠯᠢᠶᠡᠨ ᠠᠪᠴᠤ ᠰᠢᠢ᠍ᠳᠪᠦᠷᠢᠯᠡᠬᠦ ᠤᠲᠠᠰᠤ᠄ 0471 ᠊᠊᠊᠊᠊᠊ 6946229

      ᠳᠠᠭ᠋ᠠᠯᠳᠤᠭᠤᠯᠤᠯ᠄ ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠵᠢᠨ 《ᠰᠠᠭ᠋ᠠᠳ ᠦᠭᠡᠢ ᠨᠡᠪᠲᠡᠷᠡᠬᠦ ᠵᠠᠮ》 ᠵᠶ᠋ᠠᠷ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠨᠡᠷᠡᠰ

            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ 

            ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ

                2023 ᠣᠨ᠎ᠤ 8 ᠰᠠᠷ᠎ᠠ ᠵᠢᠨ 29᠎ᠤ ᠡᠳᠦᠷ


ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠪᠦᠬᠦ ᠤᠯᠤᠰ᠎ᠤᠨ ᠡᠶ᠎ᠡ ᠵᠣᠬᠢᠴᠠᠩᠭᠤᠢ ᠬᠥᠳᠡᠯᠮᠦᠷᠢ ᠵᠢᠨ ᠬᠠᠷᠢᠴᠠᠭ᠎ᠠ ᠵᠢ ᠡᠭᠦᠳᠦᠨ ᠪᠠᠢ᠌ᠭᠤᠯᠬᠤ ᠠᠵᠢᠯ᠎ᠤᠨ ᠲᠡᠷᠢᠭᠦᠨ᠎ᠤ ᠬᠠᠮᠲᠤ᠂ ᠲᠡᠷᠢᠭᠦᠨ᠎ᠤ ᠬᠤᠪᠢ ᠬᠥᠮᠥᠨ ᠵᠶ᠋ᠠᠷ ᠵᠢᠱ᠌ᠢᠭᠳᠡᠭᠰᠡᠳ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
2023 ᠣᠨ᠎ᠤ ᠬᠣᠶᠠᠳᠤᠭ᠋ᠠᠷ ᠪᠦᠯᠦᠭ᠎ᠤᠨ ᠥᠪᠡᠷᠲᠡᠭᠡᠨ ᠵᠠᠰᠠᠬᠤ ᠣᠷᠣᠨ᠎ᠤ ᠰᠠᠭ᠋ᠠᠳ ᠦᠭᠡᠢ ᠨᠡᠪᠲᠡᠷᠡᠬᠦ ᠵᠠᠮ ᠵᠶ᠋ᠡᠷ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ (ᠮᠠᠭ᠋ᠠᠳᠯᠠᠨ ᠲᠣᠭᠲᠠᠭ᠋ᠠᠬᠤ)᠎ᠳᠤ ᠪᠠᠲᠤᠯᠠᠭᠳᠠᠭᠰᠠᠨ ᠬᠥᠮᠥᠰ᠎ᠤᠨ ᠨᠡᠷᠡᠰ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠲᠢᠩᠬᠢᠮ᠎ᠤᠨ ᠱᠠᠲᠤᠨ᠎ᠤ ᠤᠳᠤᠷᠢᠳᠤᠯᠭ᠎ᠠ ᠳᠣᠷᠣᠭᠰᠢ ᠪᠠᠭᠤᠵᠤ ᠰᠤᠷᠪᠤᠯᠵᠢᠯᠠᠨ ᠰᠤᠷᠪᠤᠯᠵᠢᠯᠠᠯ᠎ᠢ ᠬᠦᠯᠢᠶᠡᠬᠦ ᠲᠤᠬᠠᠢ ᠠᠯᠪᠠᠨ ᠵᠠᠷᠯᠠᠯ
2023 ᠣᠨ᠎ᠤ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠵᠢ ᠠᠬᠢᠭᠤᠯᠬᠤ ᠳᠠᠳᠤᠯᠭ᠎ᠠ ᠬᠢᠬᠦ ᠤᠯᠤᠰ᠎ᠤᠨ ᠲᠠᠰ᠎ᠤᠨ ᠵᠢᠱ᠌ᠢᠶ᠎ᠡ ᠦᠵᠡᠭᠦᠯᠬᠦ ᠨᠢᠭᠡᠴᠢ ᠵᠢ ᠲᠠᠨᠢᠯᠴᠠᠭᠤᠯᠤᠨ ᠮᠡᠳᠡᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠯᠪᠠᠨ ᠵᠠᠷᠯᠠᠯ
 
            