《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠰᠢᠯᠵᠢᠭᠦᠯᠬᠦ ᠲᠤᠬᠠᠢ ᠬᠡᠷᠡᠭᠵᠢᠭᠦᠯᠬᠦ ᠠᠷᠭ᠎ᠠ》 (ᠥᠪᠥᠷ ᠮᠣᠩᠭᠣᠯ᠎ᠤᠨ ᠵᠠᠰᠠᠭ᠎ᠤᠨ ᠣᠷᠳᠣᠨ ᠲᠠᠷᠬᠠᠭ᠋ᠠᠪᠠ [2017] 77 ᠳ᠋ᠤᠭ᠋ᠠᠷ ᠲᠣᠭ᠋ᠠᠲᠤ)᠂ 《ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯ ᠦᠢ᠍ᠯᠡᠰ᠎ᠤᠨ ᠨᠢᠭᠡᠴᠢ ᠵᠢᠨ 〈ᠰᠠᠭ᠋ᠠᠳ ᠦᠭᠡᠢ ᠨᠡᠪᠲᠡᠷᠡᠬᠦ ᠵᠠᠮ〉 ᠵᠶ᠋ᠠᠷ ᠣᠷᠣᠭᠤᠯᠤᠨ ᠠᠪᠴᠢᠷᠠᠬᠤ ᠳᠡᠭᠡᠳᠦ ᠲᠠᠰ᠎ᠤᠨ ᠴᠢᠳᠠᠪᠤᠷᠢᠲᠠᠨ᠎ᠢ ᠬᠢᠨᠠᠨ ᠵᠥᠪᠰᠢᠶᠡᠷᠡᠬᠦ ᠳᠦᠷᠢᠮ᠎ᠠᠴᠠ ᠳᠠᠩᠰᠠᠯᠠᠬᠤ ᠳᠦᠷᠢᠮ ᠪᠣᠯᠭ᠋ᠠᠨ ᠥᠭᠡᠷᠡᠴᠢᠯᠡᠬᠦ ᠬᠣᠯᠪᠣᠭᠳᠠᠯ ᠪᠦᠬᠦᠢ ᠵᠦᠢ᠍ᠯᠡᠰ᠎ᠤᠨ ᠲᠤᠬᠠᠢ ᠮᠡᠳᠡᠭᠳᠡᠯ》 (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠲᠠᠷᠬᠠᠭ᠋ᠠᠪᠠ [2022] 78 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠯᠪᠠᠨ ᠵᠠᠷᠯᠠᠯ ᠨᠡᠢ᠌ᠲᠡᠯᠡᠬᠦ᠂ ᠨᠡᠷ᠎ᠡ ᠮᠡᠳᠡᠭᠦᠯᠬᠦ ᠵᠢ ᠵᠣᠬᠢᠶᠠᠨ ᠪᠠᠢ᠌ᠭᠤᠯᠬᠤ ᠬᠢᠨᠠᠨ ᠪᠠᠢ᠌ᠴᠠᠭ᠋ᠠᠬᠤ᠂ ᠲᠤᠰᠬᠠᠢ ᠮᠡᠷᠭᠡᠵᠢᠯᠲᠡᠨ᠎ᠠᠴᠠ ᠦᠨᠡᠯᠡᠵᠦ ᠬᠢᠨᠠᠨ ᠲᠣᠭᠲᠠᠭ᠋ᠠᠬᠤ᠂ ᠰᠢᠨᠵᠢᠯᠡᠨ ᠪᠠᠢ᠌ᠴᠠᠭ᠋ᠠᠬᠤ᠂ ᠪᠡᠶ᠎ᠡ ᠵᠢᠨ ᠪᠠᠢ᠌ᠴᠠᠭ᠋ᠠᠯᠲᠠ ᠬᠢᠬᠦ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ ᠨᠡᠢ᠌ᠲᠡ 10 ᠬᠥᠮᠥᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠴᠢᠳᠠᠪᠤᠷᠢᠲᠠᠨ᠎ᠤ ᠬᠡᠪᠴᠢᠶᠡᠨ᠎ᠳᠤ ᠣᠷᠣᠪᠠ᠂ ᠣᠲᠣ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠡᠰ᠎ᠤᠨ ᠴᠢᠳᠠᠪᠤᠷᠢᠲᠠᠨ ᠵᠢᠴᠢ ᠣᠷᠣᠭᠤᠯᠤᠨ ᠠᠪᠴᠢᠷᠠᠬᠤ ᠨᠢᠭᠡᠴᠢ ᠵᠢ ᠵᠠᠷᠯᠠᠨ ᠨᠡᠢ᠌ᠲᠡᠯᠡᠶ᠎ᠡ᠃
ᠨᠢᠭᠡ᠂ ᠵᠠᠷᠯᠠᠨ ᠨᠡᠢ᠌ᠲᠡᠯᠡᠬᠦ ᠡᠲᠡᠭᠡᠳ
ᠵᠠᠷᠯᠠᠨ ᠨᠡᠢ᠌ᠲᠡᠯᠡᠬᠦ ᠨᠡᠷᠡᠰ᠎ᠢ ᠳᠠᠭ᠋ᠠᠯᠳᠤᠭᠤᠯᠤᠯ 《ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ 〈ᠰᠠᠭ᠋ᠠᠳ ᠦᠭᠡᠢ ᠨᠡᠪᠲᠡᠷᠡᠬᠦ ᠵᠠᠮ〉 ᠵᠶ᠋ᠠᠷ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠨᠡᠷᠡᠰ》᠎ᠲᠤ ᠨᠠᠷᠢᠪᠴᠢᠯᠠᠨ ᠦᠵᠡᠭᠡᠷᠡᠢ᠃
ᠬᠣᠶᠠᠷ᠂ ᠵᠠᠷᠯᠠᠨ ᠨᠡᠢ᠌ᠲᠡᠯᠡᠬᠦ ᠴᠠᠭ
2023 ᠣᠨ᠎ᠤ 12 ᠰᠠᠷ᠎ᠠ ᠵᠢᠨ 27᠎ᠤ ᠡᠳᠦᠷ᠎ᠠᠴᠠ 2024 ᠣᠨ᠎ᠤ 1 ᠰᠠᠷ᠎ᠠ ᠵᠢᠨ 3᠎ᠤ ᠡᠳᠦᠷ ᠪᠤᠯᠲᠠᠯ᠎ᠠ
ᠭᠤᠷᠪᠠ᠂ ᠬᠦᠯᠢᠶᠡᠨ ᠠᠪᠴᠤ ᠰᠢᠢ᠍ᠳᠪᠦᠷᠢᠯᠡᠬᠦ ᠬᠡᠯᠪᠡᠷᠢ
ᠨᠢᠭᠡᠴᠢ ᠪᠣᠯᠣᠨ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠠᠷ ᠳᠡᠭᠡᠷ᠎ᠡ ᠳᠤᠷᠠᠳᠤᠭᠰᠠᠨ ᠵᠠᠷᠯᠠᠨ ᠨᠡᠢ᠌ᠲᠡᠯᠡᠬᠦ ᠡᠲᠡᠭᠡᠳ᠎ᠤᠨ ᠬᠣᠯᠪᠣᠭᠳᠠᠯ ᠪᠦᠬᠦᠢ ᠪᠠᠶ᠋ᠢᠳᠠᠯ ᠪᠣᠯᠣᠨ ᠠᠰᠠᠭᠤᠳᠠᠯ᠎ᠢ ᠲᠤᠰᠬᠠᠵᠤ ᠪᠣᠯᠣᠨ᠎ᠠ᠂ ᠪᠠᠢ᠌ᠳᠠᠯ᠎ᠢ ᠲᠤᠰᠬᠠᠭᠰᠠᠨ ᠨᠢᠭᠡᠴᠢ᠎ᠨᠢ ᠮᠠᠲ᠋ᠧᠷᠢᠶᠠᠯ ᠳᠡᠭᠡᠷ᠎ᠡ᠎ᠪᠠᠨ ᠨᠢᠭᠡᠴᠢ ᠵᠢᠨ ᠵᠶ᠋ᠡᠨ ᠠᠯᠪᠠᠨ ᠲᠠᠮᠠᠭ᠎ᠠ ᠵᠢ ᠳᠠᠷᠤᠵᠤ᠂ ᠬᠤᠪᠢ ᠬᠥᠮᠥᠨ ᠪᠣᠯ ᠦᠨᠡᠨ ᠨᠡᠷ᠎ᠡ᠎ᠪᠠᠨ ᠪᠢᠴᠢᠬᠦ ᠵᠢᠨ ᠬᠠᠮᠲᠤ ᠬᠠᠷᠢᠯᠴᠠᠬᠤ ᠠᠷᠭ᠎ᠠ ᠬᠡᠯᠪᠡᠷᠢ᠎ᠪᠠᠨ ᠬᠠᠩᠭ᠋ᠠᠬᠤ ᠬᠡᠷᠡᠭᠲᠡᠶ᠃
ᠬᠦᠯᠢᠶᠡᠨ ᠠᠪᠴᠤ ᠰᠢᠢ᠍ᠳᠪᠦᠷᠢᠯᠡᠬᠦ ᠴᠠᠭ᠄ ᠦᠳᠡ ᠵᠢᠨ ᠡᠮᠦᠨ᠎ᠡ 9᠄ 00 — 12᠄ 00᠂ ᠦᠳᠡ ᠵᠢᠨ ᠬᠣᠢ᠌ᠨ᠎ᠠ 14᠄ 30 — 17᠄ 00
ᠬᠦᠯᠢᠶᠡᠨ ᠠᠪᠴᠤ ᠰᠢᠢ᠍ᠳᠪᠦᠷᠢᠯᠡᠬᠦ ᠤᠲᠠᠰᠤ᠄ 0471 — 6946229
ᠳᠠᠭ᠋ᠠᠯᠳᠤᠭᠤᠯᠤᠯ᠄ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ 《ᠰᠠᠭ᠋ᠠᠳ ᠦᠭᠡᠢ ᠨᠡᠪᠲᠡᠷᠡᠬᠦ ᠵᠠᠮ》 ᠵᠶ᠋ᠡᠷ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠨᠡᠷᠡᠰ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ
ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
2023 ᠣᠨ᠎ᠤ 12 ᠰᠠᠷ᠎ᠠ ᠵᠢᠨ 27᠎ᠤ ᠡᠳᠦᠷ