ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
2024 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠨᠠᠢ᠌ᠳᠠ ᠵᠢᠨ ᠬᠡᠷᠡᠭᠴᠡᠭᠡᠨ᠎ᠤ ᠬᠢᠴᠢᠶᠡᠯ ᠲᠥᠷᠥᠯ᠎ᠤᠨ ᠰᠦᠯᠵᠢᠶᠡᠨ᠎ᠤ ᠰᠤᠷᠤᠯᠴᠠᠯᠭ᠎ᠠ 2024 ᠣᠨ᠎ᠤ 1 ᠰᠠᠷ᠎ᠠ ᠵᠢᠨ 1᠎ᠤ ᠡᠳᠦᠷ ᠰᠦᠯᠵᠢᠶ᠎ᠡ ᠨᠡᠭᠡᠭᠡᠨ᠎ᠡ
ᠨᠡᠶ᠋ᠢᠲᠡᠯᠡᠭᠰᠡᠨ ᠴᠠᠭ᠄ 2024-01-15

      2023 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠨᠠᠢ᠌ᠳᠠ ᠵᠢᠨ ᠬᠡᠷᠡᠭᠴᠡᠭᠡᠨ᠎ᠤ ᠬᠢᠴᠢᠶᠡᠯ ᠲᠥᠷᠥᠯ᠎ᠤᠨ ᠰᠦᠯᠵᠢᠶᠡᠨ᠎ᠤ ᠰᠤᠷᠤᠯᠴᠠᠯᠭ᠎ᠠ᠎ᠳᠤ 24 ᠲᠦᠮᠡ ᠭᠠᠷᠤᠢ ᠬᠥᠮᠥᠨ ᠤᠳᠠᠭ᠎ᠠ ᠣᠷᠣᠯᠴᠠᠵᠤ᠂ 2024 ᠣᠨ᠎ᠤ ᠰᠦᠯᠵᠢᠶᠡᠨ᠎ᠤ ᠰᠤᠷᠤᠯᠴᠠᠯᠭ᠎ᠠ ᠵᠢ 2024 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠨ ᠰᠦᠯᠵᠢᠶ᠎ᠡ ᠨᠡᠭᠡᠭᠡᠨ᠎ᠡ᠃ ᠲᠤᠰᠬᠠᠢ ᠮᠡᠷᠭᠡᠵᠢᠯ᠎ᠤᠨ ᠠᠵᠢᠯᠲᠠᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠎ᠳᠤ ᠣᠷᠣᠯᠴᠠᠬᠤ᠎ᠳᠤ ᠬᠡᠷᠡᠭᠰᠡᠬᠦ ᠭᠤᠷᠪᠠᠨ ᠵᠢᠯ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠴᠠᠭ᠎ᠤᠨ ᠱᠠᠭ᠋ᠠᠷᠳᠠᠯᠭ᠎ᠠ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠲᠣᠰ ᠤᠳᠠᠭ᠋ᠠᠨ᠎ᠤ ᠰᠦᠯᠵᠢᠶᠡᠨ᠎ᠤ ᠰᠤᠷᠤᠯᠴᠠᠯᠭ᠎ᠠ᠎ᠳᠤ 2023 ᠣᠨ᠂ 2022 ᠣᠨ ᠪᠠ 2021 ᠣᠨ᠎ᠤ ᠬᠣᠯᠪᠣᠭᠳᠠᠯ ᠪᠦᠬᠦᠢ ᠰᠤᠷᠤᠯᠴᠠᠯᠭ᠎ᠠ ᠵᠢᠨ ᠲᠥᠯᠥᠪᠯᠡᠭᠡ ᠵᠢ ᠬᠠᠮᠲᠤ᠎ᠳᠤᠨᠢ ᠨᠥᠬᠥᠨ ᠰᠤᠷᠤᠯᠴᠠᠵᠤ ᠪᠣᠯᠣᠨ᠎ᠠ᠃

      2024 ᠣᠨ᠎ᠤ ᠰᠤᠷᠤᠯᠴᠠᠯᠭ᠎ᠠ ᠵᠢᠨ ᠲᠥᠯᠥᠪᠯᠡᠭᠡ᠎ᠳᠤ ᠨᠠᠢ᠌ᠳᠠ 30 ᠬᠢᠴᠢᠶᠡᠯ᠎ᠤᠨ ᠴᠠᠭ ᠪᠠᠢ᠌ᠵᠤ᠂ ᠴᠥᠮ ᠵᠠᠪᠠᠯ ᠰᠤᠷᠬᠤ ᠬᠢᠴᠢᠶᠡᠯ ᠪᠣᠯᠣᠨ᠎ᠠ᠃ ᠰᠤᠷᠤᠯᠴᠠᠬᠤ ᠠᠭᠤᠯᠭ᠎ᠠ᠎ᠳᠤ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ᠂ ᠰᠦᠯᠵᠢᠶᠡᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠲᠣᠭ᠋ᠠᠴᠢᠯᠠᠭᠰᠠᠨ ᠠᠵᠤ ᠠᠬᠤᠢ᠂ ᠪᠣᠬᠢᠷᠲᠤᠯ ᠦᠭᠡᠢ ᠬᠥᠭᠵᠢᠯᠲᠡ ᠵᠢᠴᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠬᠠᠮᠢᠶ᠎ᠠ ᠪᠦᠬᠦᠢ ᠬᠢᠴᠢᠶᠡᠯ᠎ᠢ ᠪᠦᠬᠦ ᠲᠠᠯ᠎ᠠ᠎ᠪᠠᠷ ᠰᠤᠷᠤᠯᠴᠠᠨ᠎ᠠ᠃

      ᠰᠤᠷᠤᠯᠴᠠᠬᠤ ᠠᠷᠭ᠎ᠠ ᠵᠠᠮ᠎ᠨᠢ ᠭᠣᠣᠯᠳᠠᠭᠤ ᠬᠣᠶᠠᠷ ᠵᠦᠢ᠍ᠯ ᠪᠤᠢ᠄ ᠨᠢᠭᠡ᠎ᠳᠤ᠂ ᠥᠪᠥᠷ ᠮᠣᠩᠭᠣᠯ᠎ᠤᠨ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠦᠯᠵᠢᠶᠡᠨ᠎ᠳᠠᠬᠢ ᠰᠤᠷᠤᠯᠴᠠᠯᠭ᠎ᠠ ᠵᠢᠨ ᠰᠦᠯᠵᠢᠶ᠎ᠡ (nmg.chinahrt.com)᠂ ᠬᠠᠮ ᠰᠤᠷᠤᠯᠴᠠᠯᠭ᠎ᠠ ᠵᠢᠨ APP  ᠳᠡᠭᠡᠷ᠎ᠡ ᠴᠥᠮ ᠰᠤᠷᠤᠯᠴᠠᠵᠤ ᠪᠣᠯᠣᠨ᠎ᠠ᠂ ᠬᠣᠶᠠᠷ᠎ᠲᠤ᠂ ᠥᠪᠥᠷ ᠮᠣᠩᠭᠣᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠰᠦᠯᠵᠢᠶ᠎ᠡ (zj.nmgrcpx.com)᠂ 《ᠡᠭᠦᠯᠡᠨ ᠮᠡᠳᠡᠯᠭᠡ ᠵᠢᠨ ᠰᠤᠷᠭ᠋ᠠᠨ ᠬᠥᠮᠦᠵᠢᠯ》 ᠸᠢᠴᠠᠲ᠎ᠤᠨ ᠵᠢᠵᠢᠭ ᠫᠷᠣᠭ᠌ᠷᠠᠮ᠎ᠢ ᠨᠡᠭᠡᠭᠡᠵᠦ ᠰᠤᠷᠤᠯᠴᠠᠵᠤ ᠪᠣᠯᠣᠨ᠎ᠠ᠃ ᠰᠤᠷᠤᠭᠴᠢᠳ ᠨᠠᠢ᠌ᠳᠠ ᠵᠢᠨ ᠬᠡᠷᠡᠭᠴᠡᠭᠡᠨ᠎ᠤ ᠬᠢᠴᠢᠶᠡᠯ ᠲᠥᠷᠥᠯ᠎ᠤᠨ ᠰᠤᠷᠤᠯᠴᠠᠯᠭ᠎ᠠ᠎ᠪᠠᠨ ᠪᠡᠶᠡᠯᠡᠭᠦᠯᠵᠦ᠂ ᠰᠢᠯᠭ᠋ᠠᠯᠲᠠ᠎ᠳᠤ ᠬᠢᠷᠢ ᠲᠡᠩᠴᠡᠭᠰᠡᠨ ᠪᠥᠭᠡᠳ ᠲᠤᠰᠬᠠᠢ ᠮᠡᠷᠭᠡᠵᠢᠯ᠎ᠤᠨ ᠬᠢᠴᠢᠶᠡᠯ ᠲᠥᠷᠥᠯ᠎ᠤᠨ ᠰᠤᠷᠤᠯᠴᠠᠯᠭ᠎ᠠ᠎ᠪᠠᠨ ᠳᠠᠭᠤᠰᠬᠠᠭᠰᠠᠨ᠎ᠤ ᠳᠠᠷᠠᠭ᠎ᠠ᠂ ᠥᠪᠡᠷᠲᠡᠭᠡᠨ ᠥᠪᠥᠷ ᠮᠣᠩᠭᠣᠯ᠎ᠤᠨ ᠴᠢᠳᠠᠪᠤᠷᠢᠲᠠᠨ᠎ᠤ ᠮᠡᠳᠡᠭᠡ ᠵᠠᠩᠭᠢ ᠵᠢᠨ ᠬᠥᠮᠥᠷᠭᠡ (www.nmgrck.cn)᠎ᠳᠤ ᠣᠷᠣᠵᠤ ᠬᠢᠨᠠᠨ ᠰᠢᠯᠭ᠋ᠠᠭᠰᠠᠨ ᠬᠢᠷᠢ ᠪᠦᠲᠦᠮᠵᠢ ᠵᠢᠨ ᠺᠠᠷᠲ ᠵᠶ᠋ᠡᠨ ᠳᠠᠷᠤᠮᠠᠯᠯᠠᠵᠤ ᠪᠣᠯᠣᠨ᠎ᠠ᠃

      ᠳᠠᠭ᠋ᠠᠯᠳᠤᠭᠤᠯᠤᠯ᠄ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠨᠠᠢ᠌ᠳᠠ ᠵᠢᠨ ᠬᠡᠷᠡᠭᠴᠡᠭᠡᠨ᠎ᠤ ᠬᠢᠴᠢᠶᠡᠯ ᠲᠥᠷᠥᠯ᠎ᠤᠨ ᠰᠦᠯᠵᠢᠶᠡᠨ᠎ᠤ ᠰᠤᠷᠤᠯᠴᠠᠯᠭ᠎ᠠ ᠵᠢᠨ ᠲᠤᠬᠠᠢ ᠮᠡᠳᠡᠭᠳᠡᠯ


ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠨᠡᠭᠡᠭᠡᠯᠲᠡ᠎ᠤ ᠶᠡᠬᠡ ᠰᠤᠷᠭ᠋ᠠᠭᠤᠯᠢ ᠵᠢᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
ᠮᠠᠯᠴᠢᠨ ᠲᠠᠷᠢᠶᠠᠴᠢᠨ ᠨᠠᠢ᠌ᠵᠠ ᠨᠠᠷ᠎ᠲᠤ ᠢᠯᠡᠭᠡᠬᠦ ᠨᠢᠭᠡᠨ ᠬᠤᠪᠢ ᠵᠠᠬᠢᠳᠠᠯ
2023 ᠣᠨ᠎ᠤ ᠵᠢᠱ᠌ᠢᠶ᠎ᠡ ᠦᠵᠡᠭᠦᠯᠬᠦ ᠴᠢᠨᠠᠷᠲᠠᠢ ᠠᠵᠢᠯ ᠣᠯᠭᠣᠬᠤ ᠤᠷ᠎ᠠ ᠴᠢᠳᠠᠪᠤᠷᠢ ᠵᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ᠂ ᠭᠡᠷ ᠪᠦᠯᠢ ᠵᠢᠨ ᠦᠢ᠍ᠯᠡᠴᠢᠯᠡᠭᠡᠨ᠎ᠤ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠵᠢᠱ᠌ᠢᠶ᠎ᠡ ᠦᠵᠡᠭᠦᠯᠬᠦ ᠰᠠᠭᠤᠷᠢᠨ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠲᠥᠷᠥᠯ ᠲᠡᠮᠳᠡᠭ ᠵᠡᠷᠭᠡ ᠲᠥᠷᠥᠯ ᠵᠦᠢ᠍ᠯ᠎ᠢ ᠢᠯᠡ ᠨᠡᠢ᠌ᠲᠡᠯᠡᠬᠦ ᠵᠠᠷᠯᠠᠯ
ᠪᠦᠬᠦ ᠣᠷᠣᠨ᠎ᠤ ᠬᠥᠯᠥᠰᠦᠨ ᠮᠠᠯᠴᠢᠨ ᠲᠠᠷᠢᠶᠠᠴᠢᠳ᠎ᠲᠤ ᠢᠯᠡᠭᠡᠭᠰᠡᠨ ᠵᠠᠬᠢᠳᠠᠯ
ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
 
            