ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠪᠦᠬᠦ ᠣᠷᠣᠨ᠎ᠤ ᠬᠥᠯᠥᠰᠦᠨ ᠮᠠᠯᠴᠢᠨ ᠲᠠᠷᠢᠶᠠᠴᠢᠳ᠎ᠲᠤ ᠢᠯᠡᠭᠡᠭᠰᠡᠨ ᠵᠠᠬᠢᠳᠠᠯ
ᠨᠡᠶ᠋ᠢᠲᠡᠯᠡᠭᠰᠡᠨ ᠴᠠᠭ᠄ 2024-02-19

      ᠥᠷᠭᠡᠨ ᠤᠯᠠᠨ ᠬᠥᠯᠥᠰᠦᠨ ᠮᠠᠯᠴᠢᠨ ᠲᠠᠷᠢᠶᠠᠴᠢᠨ ᠨᠠᠢ᠌ᠵᠠ ᠨᠠᠷ᠎ᠲᠤ᠄

      ᠤᠯᠠᠨ ᠵᠶ᠋ᠠᠷ ᠵᠶ᠋ᠠᠨ ᠰᠠᠢ᠍ᠢ᠍ᠨ ᠪᠠᠢ᠌ᠵᠠᠭ᠋ᠠᠨ᠎ᠠ ᠦᠦ! ᠰᠢᠨ᠎ᠡ ᠵᠢᠯ ᠴᠠᠭ᠋ᠠᠨ ᠰᠠᠷ᠎ᠠ ᠬᠦᠷᠴᠦ ᠢᠷᠡᠬᠦ ᠲᠠᠰᠢᠷᠠᠮ ᠵᠶ᠋ᠠᠷ᠂ ᠲᠠᠨᠠᠷ ᠵᠢᠴᠢ ᠲᠠᠨᠠᠷ᠎ᠤᠨ ᠭᠡᠷ᠎ᠤᠨ ᠬᠥᠮᠥᠰ᠎ᠲᠤ ᠪᠠᠶᠠᠷ᠎ᠤᠨ ᠡᠳᠦᠷ᠎ᠤᠨ ᠮᠡᠨᠳᠦᠴᠢᠯᠡᠯ ᠪᠣᠯᠣᠨ ᠰᠠᠢ᠍ᠢ᠍ᠨ ᠰᠠᠢ᠌ᠬᠠᠨ ᠵᠥᠩᠨᠡᠯ ᠳᠡᠪᠰᠢᠭᠦᠯᠵᠦ ᠪᠠᠢ᠌ᠨ᠎ᠠ᠃

      ᠬᠠᠪᠤᠷ ᠴᠡᠴᠡᠭᠯᠡᠵᠦ ᠨᠠᠮᠤᠷ ᠵᠢᠮᠢᠰᠯᠡᠨ᠎ᠡ᠂ ᠰᠢᠷᠭ᠋ᠠᠭᠤ ᠴᠢᠷᠮᠠᠢ᠌ᠯᠭ᠎ᠠ᠎ᠠᠴᠠ ᠰᠢᠯᠢᠳᠡᠭ ᠠᠮᠵᠢᠯᠲᠠ ᠪᠥᠳᠥᠨ᠎ᠠ᠃ ᠥᠩᠭᠡᠷᠡᠭᠰᠡᠨ ᠨᠢᠭᠡ ᠵᠢᠯ᠎ᠳᠤ᠂ ᠲᠠᠨᠠᠷ ᠳᠦᠷᠦᠯ ᠰᠠᠳᠤᠨ᠎ᠤ᠎ᠪᠠᠨ ᠬᠦᠰᠡᠯ ᠡᠷᠡᠮᠡᠯᠵᠡᠯ᠎ᠢ ᠡᠭᠦᠷᠭᠡᠯᠡᠵᠦ᠂ ᠬᠥᠭᠵᠢᠯᠲᠡ ᠵᠢᠨ ᠬᠦᠰᠡᠯ ᠪᠠᠷᠠᠯᠠᠯ᠎ᠢ ᠡᠪᠦᠷᠯᠡᠵᠦ᠂ ᠠᠵᠢᠯᠴᠢ ᠬᠥᠳᠡᠯᠮᠦᠷᠢᠴᠢ ᠬᠣᠶᠠᠷ ᠭᠠᠷ ᠪᠣᠯᠣᠨ ᠰᠡᠴᠡᠨ ᠰᠡᠷᠭᠦᠯᠡᠩ ᠠᠪᠢᠶᠠᠰ ᠪᠢᠯᠢᠭ ᠵᠶ᠋ᠡᠷ ᠵᠶ᠋ᠡᠨ ᠬᠤᠳᠠ ᠵᠢᠨ ᠪᠦᠲᠦᠭᠡᠨ ᠪᠠᠢ᠌ᠭᠤᠯᠤᠯᠲᠠ᠎ᠳᠤ ᠬᠤᠪᠢ ᠨᠡᠮᠡᠷᠢ ᠦᠵᠡᠭᠦᠯᠵᠦ᠂ ᠭᠡᠷ ᠪᠦᠯᠢ ᠵᠢᠨ ᠵᠶ᠋ᠡᠨ ᠵᠣᠯ ᠵᠢᠷᠭ᠋ᠠᠯ᠎ᠤᠨ ᠲᠥᠯᠥᠭᠡ ᠠᠵᠢᠯᠴᠢ ᠬᠥᠳᠡᠯᠮᠦᠷᠢᠴᠢ᠎ᠪᠠᠷ ᠵᠢᠳᠬᠦᠵᠦ᠂ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠴᠡᠴᠡᠭᠯᠡᠯ᠎ᠳᠤ ᠢᠳᠡᠪᠬᠢᠲᠡᠢ᠎ᠪᠠᠷ ᠬᠦᠴᠦᠨ ᠴᠢᠳᠠᠯ ᠵᠶ᠋ᠠᠨ ᠡᠷᠭᠦᠵᠡᠢ᠃ ᠠᠲᠠ ᠲᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠳᠡᠪᠰᠢᠭᠦᠯᠵᠦ ᠪᠠᠢ᠌ᠨ᠎ᠠ᠄ ᠲᠠ ᠨᠠᠷ ᠵᠦᠳᠡᠷᠡᠯ᠎ᠡ!

      ᠢᠷᠡᠭᠡᠳᠦᠢ ᠭᠡᠭᠡᠨ ᠰᠠᠷᠠᠭᠤᠯ᠂ ᠢᠷᠡᠬᠦ ᠵᠢᠯ ᠨᠡᠩ ᠶᠡᠬᠡ ᠬᠦᠰᠡᠯ ᠡᠷᠡᠮᠡᠯᠵᠡᠯ᠎ᠲᠠᠢ᠃ ᠥᠷᠭᠡᠨ ᠤᠯᠠᠨ ᠬᠥᠯᠥᠰᠦᠨ ᠮᠠᠯᠴᠢᠨ ᠲᠠᠷᠢᠶᠠᠴᠢᠨ᠎ᠤ ᠭᠡᠷ ᠨᠤᠲᠤᠭ᠎ᠠᠴᠠ᠎ᠪᠠᠨ ᠰᠠᠯᠵᠤ ᠭᠠᠳᠠᠭᠰᠢ ᠭᠠᠷᠴᠤ ᠬᠥᠯᠥᠰᠦᠨ ᠠᠵᠢᠯ ᠬᠢᠬᠦ ᠵᠢᠨ ᠬᠦᠴᠢᠷ ᠪᠡᠷᠬᠡᠰᠢᠶᠡᠯ ᠪᠠ ᠠᠮᠠᠷ ᠦᠭᠡᠢ ᠭᠡᠳᠡᠭ᠎ᠢ ᠪᠢᠳᠡ ᠭᠦᠨ ᠣᠢ᠌ᠯᠠᠭ᠋ᠠᠵᠤ᠂ ᠤᠯᠠᠨ᠎ᠤ ᠬᠠᠯᠠᠭᠤᠨ ᠬᠦᠢ᠍ᠲᠡᠨ᠎ᠢ ᠴᠠᠭ ᠢᠮᠠᠭᠲᠠ ᠠᠩᠬᠠᠷᠤᠨ ᠰᠠᠨᠠᠭ᠋ᠠᠯᠵᠠᠵᠤ ᠪᠠᠢ᠌ᠳᠠᠭ᠃ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠂ ᠪᠥᠬᠥ ᠣᠷᠣᠨ᠎ᠤ ᠡᠯ᠎ᠡ ᠭᠠᠵᠠᠷ᠎ᠤᠨ᠎ᠬᠢᠨ 《ᠤᠷᠢᠬᠠᠨ ᠬᠠᠪᠤᠷ᠎ᠤᠨ ᠠᠵᠢᠯᠯᠠᠭ᠎ᠠ》 《ᠬᠥᠯᠥᠰᠦᠨ ᠮᠠᠯᠴᠢᠨ ᠲᠠᠷᠢᠶᠠᠴᠢᠳ᠎ᠲᠤ ᠬᠠᠪᠤᠷ᠎ᠤᠨ ᠬᠠᠯᠠᠭᠤᠨ ᠳᠤᠯᠠᠭ᠋ᠠᠨ᠎ᠢ ᠬᠦᠷᠭᠡᠬᠦ》 ᠵᠡᠷᠭᠡ ᠠᠵᠢᠯ ᠣᠯᠭᠣᠯᠲᠠ ᠵᠢᠨ ᠲᠤᠰᠠᠯᠠᠮᠵᠢ ᠵᠢᠨ ᠰᠠᠷ᠎ᠠ ᠵᠢᠨ ᠲᠤᠰᠬᠠᠢ ᠦᠢ᠍ᠯᠡᠴᠢᠯᠡᠭᠡᠨ᠎ᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠦᠨ᠎ᠡ᠂ ᠲᠠᠨᠤᠰ ᠡᠯ᠎ᠡ ᠭᠠᠵᠠᠷ᠎ᠤᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ᠎ᠤᠨ ᠨᠡᠢ᠌ᠲᠡᠯᠡᠭᠰᠡᠨ ᠮᠡᠳᠡᠭᠡ ᠵᠠᠩᠭᠢ ᠵᠢ ᠴᠠᠭ ᠲᠤᠬᠠᠢ᠎ᠳᠤᠨᠢ ᠢᠳᠡᠪᠬᠢᠲᠡᠢ ᠠᠩᠬᠠᠷᠴᠤ ᠪᠠᠢ᠌ᠭ᠋ᠠᠷᠠᠢ᠂ ᠪᠥᠬᠥ ᠣᠷᠣᠨ᠎ᠤ ᠡᠯ᠎ᠡ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠥᠩᠭᠡᠷᠡᠭᠰᠡᠨ᠎ᠲᠠᠢ᠎ᠪᠠᠨ ᠠᠳᠠᠯᠢ᠎ᠪᠠᠷ ᠲᠠ ᠨᠠᠷ᠎ᠤᠨ ᠪᠠᠲᠤ ᠴᠢᠩᠭ᠎ᠠ ᠥᠮᠥᠭ ᠲᠦᠰᠢᠭ ᠪᠣᠯᠵᠤ᠂ ᠲᠥᠷᠥ ᠵᠢᠨ ᠪᠣᠳᠣᠯᠭ᠎ᠠ ᠵᠢ ᠳᠠᠮᠵᠢᠭᠤᠯᠵᠤ᠂ ᠦᠢ᠍ᠯᠡᠴᠢᠯᠡᠭᠡ ᠪᠠ ᠬᠠᠶ᠋ᠢᠷ᠎ᠠ ᠬᠠᠯᠠᠮᠵᠢ ᠵᠢ ᠬᠦᠷᠭᠡᠨ᠎ᠡ᠃

      — ᠬᠡᠷᠪᠡ ᠲᠠ ᠠᠵᠢᠯ ᠡᠷᠢᠬᠦ ᠱᠠᠭ᠋ᠠᠷᠳᠠᠯᠭ᠎ᠠ᠎ᠲᠠᠢ ᠪᠣᠯ᠂ ᠳᠤᠮᠳᠠᠳᠤ ᠤᠯᠤᠰ᠎ᠤᠨ ᠤᠯᠠᠨ ᠨᠠᠢ᠌ᠳᠠ ᠵᠢᠨ ᠠᠵᠢᠯᠲᠠᠨ ᠠᠵᠢᠯᠴᠢᠨ ᠡᠯᠰᠡᠬᠦ ᠰᠦᠯᠵᠢᠶ᠎ᠡ (http://job.mohrss.gov.cn/)᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠲᠠᠨ ᠠᠵᠢᠯᠴᠢᠨ ᠡᠯᠰᠡᠬᠦ ᠴᠤᠭᠯᠠᠭ᠋ᠠᠨ ᠡᠭᠦᠯᠡᠨ ᠦᠢ᠍ᠯᠡᠴᠢᠯᠡᠭᠡᠨ᠎ᠤ ᠲᠠᠪᠴᠠᠩ (https://zph.nmrc.com.cn/)᠂ ᠥᠪᠥᠷ ᠮᠣᠩᠭᠣᠯ᠎ᠤᠨ ᠴᠢᠳᠠᠪᠤᠷᠢᠲᠠᠨ᠎ᠤ ᠰᠦᠯᠵᠢᠶ᠎ᠡ (https://www.nmrc.com.cn/) ᠵᠢᠨ ᠠᠵᠢᠯ ᠡᠷᠢᠬᠦ ᠪᠠ ᠠᠵᠢᠯᠲᠠᠨ ᠠᠵᠢᠯᠴᠢᠨ ᠡᠯᠰᠡᠬᠦ ᠪᠤᠯᠤᠩ ᠵᠢᠴᠢ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠤᠯᠠᠨ ᠨᠠᠢ᠌ᠳᠠ ᠵᠢᠨ ᠠᠵᠢᠯᠲᠠᠨ ᠠᠵᠢᠯᠴᠢᠨ ᠡᠯᠰᠡᠬᠦ ᠰᠦᠯᠵᠢᠶ᠎ᠡ ᠵᠡᠷᠭᠡ ᠲᠠᠪᠴᠠᠩ᠎ᠳᠤ ᠭᠠᠷᠴᠤ᠂ ᠠᠵᠢᠯᠲᠠᠨ ᠠᠵᠢᠯᠴᠢᠨ ᠡᠯᠰᠡᠬᠦ ᠮᠡᠳᠡᠭᠡ ᠵᠠᠩᠭᠢ ᠵᠢ ᠠᠩᠬᠠᠷᠴᠤ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠵᠢᠨ ᠠᠵᠢᠯᠲᠠᠨ ᠠᠵᠢᠯᠴᠢᠨ ᠡᠯᠰᠡᠬᠦ ᠠᠵᠢᠯᠯᠠᠭ᠎ᠠ᠎ᠳᠤ ᠢᠳᠡᠪᠬᠢᠲᠡᠢ ᠣᠷᠣᠯᠴᠠᠭ᠋ᠠᠷᠠᠢ᠃

      — ᠬᠡᠷᠪᠡ ᠲᠠ ᠪᠣᠯᠪᠠᠰᠤᠷᠠᠯ᠎ᠳᠤ ᠣᠷᠣᠯᠴᠠᠬᠤ ᠬᠦᠰᠡᠯ᠎ᠲᠠᠢ ᠪᠣᠯ᠂ ᠡᠯ᠎ᠡ ᠲᠥᠷᠥᠯ᠎ᠤᠨ ᠨᠥᠬᠥᠪᠦᠷᠢ ᠵᠢᠨ ᠴᠢᠨᠠᠷᠲᠠᠢ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠳᠤ ᠢᠳᠡᠪᠬᠢᠲᠡᠢ ᠣᠷᠣᠯᠴᠠᠵᠤ᠂ ᠪᠥᠬᠥ ᠣᠷᠣᠨ᠎ᠤ ᠨᠥᠬᠥᠪᠦᠷᠢ ᠵᠢᠨ ᠴᠢᠨᠠᠷᠲᠠᠢ ᠪᠣᠯᠪᠠᠰᠤᠷᠠᠯ᠎ᠳᠤ ᠣᠷᠣᠯᠴᠠᠬᠤ᠎ᠳᠤ ᠣᠷᠣᠨ ᠪᠦᠰᠡ ᠵᠢᠨ ᠬᠢᠵᠠᠭ᠋ᠠᠷᠯᠠᠯ᠎ᠢ ᠬᠦᠯᠢᠶᠡᠬᠦ ᠦᠭᠡᠢ᠂ ᠪᠣᠯᠪᠠᠰᠤᠷᠠᠯ ᠬᠦᠷᠲᠡᠬᠦ ᠴᠠᠭ᠎ᠤᠨ ᠣᠷᠳᠣ ᠵᠢ ᠨᠡᠢ᠌ᠯᠡᠭᠦᠯᠦᠨ ᠪᠣᠳᠣᠨ᠎ᠠ᠂ ᠭᠠᠴᠠᠭ᠎ᠠ ᠲᠣᠰᠬᠤᠨ (ᠨᠡᠢ᠌ᠭᠡᠮ ᠲᠣᠭᠣᠷᠢᠭ)᠎ᠳᠠᠭᠠᠨ ᠬᠦᠷᠴᠦ ᠨᠡᠷ᠎ᠡ ᠮᠡᠳᠡᠭᠦᠯᠵᠦ ᠪᠣᠯᠬᠤ ᠮᠥᠷᠲᠡᠭᠡᠨ ᠪᠠᠰᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠦᠯᠵᠢᠶᠡᠨ ᠳᠡᠭᠡᠷᠡᠬᠢ ᠦᠢ᠍ᠯᠡᠴᠢᠯᠡᠭᠡᠨ᠎ᠤ ᠶᠡᠬᠡ ᠲᠢᠩᠬᠢᠮ (https://nmgrs.1233k.cn/personlogin///personlogin) ᠡᠰᠡᠬᠦᠯ᠎ᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ》 APP᠎ᠪᠠᠷ ᠳᠠᠮᠵᠢᠭᠤᠯᠤᠨ᠂ ᠲᠣᠬᠢᠷᠠᠮᠵᠢᠲᠠᠢ ᠪᠣᠯᠪᠠᠰᠤᠷᠠᠯ᠎ᠤᠨ ᠠᠩᠭᠢ ᠵᠢ ᠰᠣᠩᠭᠣᠨ ᠪᠣᠯᠪᠠᠰᠤᠷᠠᠯ᠎ᠳᠤ ᠣᠷᠣᠯᠴᠠᠬᠤ ᠪᠤᠶᠤ ᠥᠪᠡᠷ᠎ᠤᠨ ᠬᠦᠰᠡᠯ ᠰᠠᠨᠠᠭ᠎ᠠ᠎ᠪᠠᠨ ᠦᠨᠳᠦᠰᠦᠯᠡᠨ ᠪᠣᠯᠪᠠᠰᠤᠷᠠᠯ᠎ᠤᠨ ᠬᠡᠷᠡᠭᠴᠡᠭᠡ ᠱᠠᠭ᠋ᠠᠷᠳᠠᠯᠭ᠎ᠠ᠎ᠪᠠᠨ ᠳᠤᠷᠠᠳᠴᠤ ᠪᠣᠯᠣᠨ᠎ᠠ᠃

      — ᠬᠡᠷᠪᠡ ᠲᠠ ᠦᠢ᠍ᠯᠡᠰ ᠪᠣᠰᠬᠠᠬᠤ ᠬᠦᠰᠡᠯ᠎ᠲᠠᠢ ᠪᠠᠢ᠌ᠪᠠᠯ᠂ ᠲᠤᠬᠠᠢ ᠵᠢᠨ ᠭᠠᠵᠠᠷ᠎ᠤᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ ᠪᠠ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠎ᠲᠠᠢ ᠬᠠᠷᠢᠯᠴᠠᠵᠤ᠂ ᠦᠢ᠍ᠯᠡᠰ ᠪᠣᠰᠬᠠᠬᠤ ᠪᠣᠯᠪᠠᠰᠤᠷᠠᠯ᠂ ᠦᠢ᠍ᠯᠡᠰ ᠪᠣᠰᠬᠠᠬᠤ ᠵᠢᠯᠣᠭᠣᠳᠤᠯᠭ᠎ᠠ ᠵᠡᠷᠭᠡ ᠠᠵᠢᠯᠯᠠᠭ᠎ᠠ᠎ᠳᠤ ᠢᠳᠡᠪᠬᠢᠲᠡᠢ ᠣᠷᠣᠯᠴᠠᠭ᠋ᠠᠷᠠᠢ᠂ ᠪᠢᠳᠡ ᠨᠥᠬᠥᠴᠡᠯ᠎ᠳᠤ ᠨᠡᠶ᠋ᠢᠴᠡᠬᠦ ᠬᠥᠮᠥᠰ᠎ᠢ ᠴᠠᠭ ᠲᠤᠬᠠᠢ᠎ᠳᠤᠨᠢ ᠬᠠᠪᠰᠤᠷᠴᠤ ᠦᠢ᠍ᠯᠡᠰ ᠪᠣᠰᠬᠠᠬᠤ ᠪᠠᠲᠤᠯᠠᠭ᠋ᠠᠲᠤ ᠵᠢᠭᠡᠯᠡᠯᠭᠡ ᠪᠠ ᠨᠢᠭᠡ ᠤᠳᠠᠭ᠎ᠠ ᠵᠢᠨ ᠴᠢᠨᠠᠷᠲᠠᠢ ᠦᠢ᠍ᠯᠡᠰ ᠪᠣᠰᠬᠠᠬᠤ ᠨᠥᠬᠥᠪᠦᠷᠢ ᠭᠤᠶᠤᠴᠢᠯᠠᠵᠤ ᠥᠭᠴᠦ᠂ ᠦᠢ᠍ᠯᠡᠰ ᠪᠣᠰᠬᠠᠬᠤ ᠬᠦᠷᠢᠶᠡᠯᠡᠩ (ᠨᠡᠪᠴᠢᠭᠦᠯᠬᠦ ᠰᠠᠭᠤᠷᠢᠨ)᠎ᠳᠤ ᠣᠷᠣᠵᠤ ᠰᠠᠭᠤᠬᠤ ᠬᠦᠰᠡᠯ᠎ᠲᠠᠢ ᠬᠥᠮᠥᠰ᠎ᠢ ᠴᠠᠭ ᠲᠤᠬᠠᠢ᠎ᠳᠤᠨᠢ ᠬᠠᠪᠰᠤᠷᠴᠤ ᠣᠷᠣᠵᠤ ᠰᠠᠭᠤᠬᠤ ᠭᠠᠷᠳᠠᠮ᠎ᠢ᠎ᠨᠢ ᠭᠦᠢ᠍ᠴᠡᠳᠬᠡᠵᠦ ᠥᠭᠭᠦᠨ᠎ᠡ᠃

      — ᠬᠡᠷᠪᠡ ᠲᠠ ᠨᠤᠲᠤᠭ᠎ᠲᠠᠭᠠᠨ ᠪᠤᠴᠠᠬᠤ ᠠᠵᠢᠯ᠎ᠤᠨ ᠪᠠᠶ᠋ᠢᠷᠢ᠎ᠳᠠᠭᠠᠨ ᠪᠤᠴᠠᠬᠤ ᠱᠠᠭ᠋ᠠᠷᠳᠠᠯᠭ᠎ᠠ᠎ᠲᠠᠢ ᠪᠣᠯ᠂ ᠠᠵᠤ ᠠᠬᠤᠢ᠌ᠯᠠᠯ᠂ ᠭᠠᠴᠠᠭ᠎ᠠ ᠲᠣᠰᠬᠤᠨ (ᠨᠡᠢ᠌ᠭᠡᠮ ᠲᠣᠭᠣᠷᠢᠭ) ᠵᠶ᠋ᠠᠷ ᠵᠶ᠋ᠠᠨ ᠳᠠᠮᠵᠢᠭᠤᠯᠤᠨ ᠨᠡᠷ᠎ᠡ ᠮᠡᠳᠡᠭᠦᠯᠦᠭᠡᠷᠡᠢ᠂ ᠪᠢᠳᠡ ᠳᠣᠲᠣᠭ᠋ᠠᠳᠤ ᠵᠢ ᠬᠠᠮᠠᠭ᠋ᠠᠯᠠᠬᠤ᠂ ᠵᠠᠮ ᠬᠠᠷᠢᠯᠴᠠᠭ᠎ᠠ᠂ ᠡᠷᠡᠭᠦᠯ ᠬᠠᠮᠠᠭ᠋ᠠᠯᠠᠯ᠂ ᠲᠡᠮᠦᠷ ᠵᠠᠮ ᠵᠢᠴᠢ ᠠᠷᠠᠳ᠎ᠤᠨ ᠠᠭ᠋ᠠᠷ᠎ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ 《ᠴᠡᠭ᠎ᠠᠴᠠ ᠴᠡᠭ᠎ᠲᠤ ᠬᠦᠷᠬᠦ》 ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠢ ᠬᠡᠷᠡᠭᠵᠢᠭᠦᠯᠵᠦ᠂ ᠬᠦᠷᠬᠦ ᠭᠠᠵᠠᠷ᠎ᠨᠢ ᠨᠢᠭᠡᠳᠦᠯᠲᠡᠢ᠂ ᠵᠣᠬᠢᠬᠤ ᠬᠡᠪᠴᠢᠶ᠎ᠡ᠎ᠲᠠᠢ ᠬᠥᠯᠥᠰᠦᠨ ᠮᠠᠯᠴᠢᠨ ᠲᠠᠷᠢᠶᠠᠴᠢᠳ᠎ᠲᠤ 《ᠴᠡᠭ᠎ᠠᠴᠠ ᠴᠡᠭ᠎ᠲᠤ ᠬᠦᠷᠬᠦ》 ᠰᠢᠭᠤᠳ ᠦᠢ᠍ᠯᠡᠴᠢᠯᠡᠭᠡ ᠬᠠᠩᠭ᠋ᠠᠨ᠎ᠠ᠃

      — ᠬᠡᠷᠪᠡ ᠲᠠᠨ᠎ᠤ ᠬᠠᠤᠯᠢ ᠶᠣᠰᠣᠨ᠎ᠤ ᠡᠷᠬᠡ ᠠᠰᠢᠭ ᠬᠣᠬᠢᠷᠠᠯ᠎ᠳᠤ ᠤᠴᠠᠷᠠᠪᠠᠯ᠂ ᠬᠠᠤᠯᠢ ᠶᠣᠰᠣᠭ᠋ᠠᠷ ᠤᠬᠠᠭ᠋ᠠᠯᠢᠭ ᠵᠶ᠋ᠠᠷ ᠡᠷᠬᠡ ᠠᠰᠢᠭ ᠵᠶ᠋ᠠᠨ ᠬᠠᠮᠠᠭ᠋ᠠᠯᠠᠵᠤ᠂ ᠢᠯᠡᠴᠢᠯᠡᠨ ᠮᠡᠳᠡᠭᠦᠯᠬᠦ ᠤᠲᠠᠰᠤᠨ᠎ᠳᠤ ᠰᠢᠭᠤᠳ ᠤᠲᠠᠰᠤᠳᠠᠵᠤ ᠬᠠᠷᠢᠶᠠᠲᠤ ᠭᠠᠵᠠᠷ᠎ᠤᠨ ᠬᠥᠳᠡᠯᠮᠦᠷᠢ ᠵᠢᠨ ᠬᠢᠨᠠᠨ ᠪᠠᠢ᠌ᠴᠠᠭ᠋ᠠᠬᠤ ᠪᠠᠢ᠌ᠭᠤᠯᠤᠮᠵᠢ᠎ᠳᠤ ᠵᠠᠭ᠋ᠠᠯᠳᠤᠵᠤ ᠪᠣᠯᠣᠨ᠎ᠠ᠂ ᠪᠠᠰᠠ 《ᠴᠠᠯᠢᠩ ᠬᠥᠯᠥᠰᠦ ᠵᠢ ᠴᠢᠨᠢ ᠥᠷᠢᠲᠦᠪᠡᠯ ᠨᠠᠮ᠎ᠠ ᠵᠢ ᠡᠷᠢ᠂ ᠵᠠᠭ᠋ᠠᠯᠳᠤᠯᠭ᠎ᠠ ᠵᠢ ᠬᠦᠯᠢᠶᠡᠨ ᠠᠪᠤᠭᠰᠠᠨ ᠳᠠᠷᠤᠢ ᠰᠢᠢ᠍ᠳᠪᠦᠷᠢᠯᠡᠨ᠎ᠡ》 ᠬᠣᠶᠠᠷ ᠬᠡᠮᠵᠢᠯᠲᠦ ᠺᠣᠳ᠋ (ᠠᠷᠤ᠎ᠳᠤ ᠳᠠᠭ᠋ᠠᠯᠳᠤᠭᠤᠯᠪᠠ)᠎ᠢ ᠰᠢᠷᠪᠢᠵᠦ ᠰᠦᠯᠵᠢᠶᠡᠨ ᠳᠡᠭᠡᠷ᠎ᠡ ᠵᠠᠭ᠋ᠠᠯᠳᠤᠵᠤ ᠪᠣᠯᠣᠨ᠎ᠠ᠂ ᠪᠢᠳᠡ ᠵᠠᠭ᠋ᠠᠯᠳᠤᠯᠭ᠎ᠠ ᠵᠢ ᠬᠦᠯᠢᠶᠡᠨ ᠠᠪᠤᠭᠰᠠᠨ ᠳᠠᠷᠤᠢ ᠰᠢᠢ᠍ᠳᠪᠦᠷᠢᠯᠡᠵᠦ᠂ ᠲᠦᠷᠭᠡᠨ ᠪᠠᠢ᠌ᠴᠠᠭ᠋ᠠᠨ ᠲᠦᠷᠭᠡᠨ ᠰᠢᠢ᠍ᠳᠪᠦᠷᠢᠯᠡᠵᠦ᠂ ᠲᠠᠨ᠎ᠤ ᠡᠷᠬᠡ ᠠᠰᠢᠭ᠎ᠢ ᠴᠠᠭ ᠲᠤᠬᠠᠢ᠎ᠳᠤᠨᠢ ᠪᠦᠲᠦᠮᠵᠢᠲᠡᠢ ᠬᠠᠮᠠᠭ᠋ᠠᠯᠠᠬᠤ ᠵᠢ ᠪᠠᠲᠤᠯᠠᠨ᠎ᠠ᠃

      ᠠᠷᠠᠳ᠎ᠤᠨ ᠠᠮᠢᠳᠤᠷᠠᠯ᠎ᠢ ᠴᠣᠭᠴᠠᠯᠠᠬᠤ᠎ᠳᠤ ᠠᠵᠢᠯᠴᠢ ᠬᠥᠳᠡᠯᠮᠦᠷᠢᠴᠢ ᠪᠠᠶ᠋ᠢᠬᠤ ᠵᠢ ᠱᠠᠭ᠋ᠠᠷᠳᠠᠨ᠎ᠠ᠂ ᠠᠵᠢᠯᠴᠢ ᠬᠥᠳᠡᠯᠮᠦᠷᠢᠴᠢ ᠪᠠᠢ᠌ᠳᠠᠭ ᠯᠡ ᠶᠤᠮ ᠪᠣᠯ ᠰᠠᠢ᠌ᠨ ᠰᠠᠢ᠌ᠬᠠᠨ ᠠᠮᠢᠳᠤᠷᠠᠵᠤ ᠴᠢᠳᠠᠨ᠎ᠠ᠃ ᠲᠠ ᠦᠷᠭᠦᠯᠵᠢᠯᠡᠨ ᠭᠠᠳᠠᠭᠰᠢ ᠭᠠᠷᠴᠤ ᠬᠥᠯᠥᠰᠦᠨ ᠠᠵᠢᠯ ᠬᠢᠭᠰᠡᠨ ᠴᠦ᠍ ᠲᠡᠷᠡ᠂ ᠨᠤᠲᠤᠭ᠎ᠲᠠᠭᠠᠨ ᠪᠤᠴᠠᠵᠤ ᠠᠵᠢᠯ ᠣᠯᠵᠤ ᠦᠢ᠍ᠯᠡᠰ ᠪᠣᠰᠬᠠᠭᠰᠠᠨ ᠴᠤ᠌ ᠲᠡᠷᠡ᠂ ᠲᠠ ᠨᠠᠷ᠎ᠤᠨ ᠨᠤᠲᠤᠭ ᠤᠰᠤᠨ᠎ᠤ᠎ᠪᠠᠨ ᠬᠠᠶ᠋ᠢᠷ᠎ᠠ ᠰᠡᠳᠬᠢᠯᠭᠡ ᠵᠢ ᠬᠡᠵᠢᠶᠡᠳᠡ ᠮᠠᠷᠲᠠᠬᠤ ᠦᠭᠡᠢ᠂ ᠨᠤᠲᠤᠭ᠎ᠲᠠᠭᠠᠨ ᠪᠤᠴᠠᠬᠤ ᠵᠠᠮ ᠵᠶ᠋ᠠᠨ ᠡᠭᠦᠷᠢᠳᠡ ᠮᠠᠷᠲᠠᠬᠤ ᠦᠭᠡᠢ᠂ ᠥᠷᠯᠥᠭᠡ ᠦᠳᠡᠰᠢ ᠵᠢ ᠲᠡᠮᠡᠴᠡᠬᠦ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ ᠵᠶ᠋ᠠᠷ ᠠᠵᠢᠯ ᠬᠢᠵᠦ ᠦᠢ᠍ᠯᠡᠰ ᠪᠣᠰᠬᠠᠵᠤ᠂ ᠲᠡᠮᠡᠴᠡᠯ᠎ᠤᠨ ᠵᠣᠷᠢᠭ ᠪᠠᠳᠠᠷᠠᠩᠭᠤᠢ ᠡᠷᠴᠢ ᠵᠣᠷᠢᠭ ᠵᠶ᠋ᠠᠷ ᠬᠥᠮᠥᠨ᠎ᠤ ᠠᠮᠢᠳᠤᠷᠠᠯ᠎ᠤᠨ ᠰᠦᠷᠯᠢᠭ ᠰᠠᠢ᠌ᠬᠠᠨ ᠦᠵᠡᠮᠵᠢᠲᠦ ᠵᠢᠷᠤᠭ᠎ᠢ ᠵᠢᠷᠤᠵᠤ᠂ ᠲᠠᠯ᠎ᠠ ᠨᠤᠲᠤᠭ᠎ᠤᠨ ᠬᠥᠪᠡᠭᠦᠳ ᠥᠬᠢᠳ᠎ᠤᠨ ᠴᠤᠭ ᠵᠢᠪᠬᠤᠭ᠎ᠠ ᠵᠢ ᠢᠯᠡᠷᠡᠭᠦᠯᠬᠦ ᠵᠢ ᠪᠢᠳᠡ ᠴᠢᠩ ᠰᠡᠳᠬᠢᠯ᠎ᠠᠴᠠ᠎ᠪᠠᠨ ᠬᠦᠰᠡᠵᠦ ᠪᠠᠢ᠌ᠨ᠎ᠠ᠃

      ᠥᠷᠭᠡᠨ ᠤᠯᠠᠨ ᠬᠥᠯᠥᠰᠦᠨ ᠮᠠᠯᠴᠢᠨ ᠲᠠᠷᠢᠶᠠᠴᠢᠨ᠎ᠤ ᠰᠢᠨ᠎ᠡ ᠨᠢᠭᠡᠨ ᠵᠢᠯ᠎ᠳᠡᠭᠡᠨ ᠪᠡᠶ᠎ᠡ ᠮᠠᠬᠠᠪᠤᠳ ᠡᠷᠡᠭᠦᠯ ᠴᠢᠭᠢᠷᠠᠭ᠂ ᠠᠵᠢᠯ ᠦᠢ᠍ᠯᠡᠰ ᠤᠷᠤᠭᠰᠢᠲᠠᠢ᠂ ᠭᠡᠷ ᠬᠣᠲᠠᠯᠠᠭ᠋ᠠᠷ ᠵᠶ᠋ᠠᠷ ᠵᠶ᠋ᠠᠨ ᠪᠠᠶᠠᠷ ᠪᠠᠶᠠᠰᠬᠤᠯᠠᠩ᠎ᠲᠠᠢ᠂ ᠵᠣᠯ ᠵᠢᠷᠭ᠋ᠠᠯ᠎ᠲᠠᠢ ᠠᠮᠤᠷ ᠠᠮᠤᠭᠤᠯᠠᠩ ᠪᠠᠶ᠋ᠢᠬᠤ ᠵᠢ ᠴᠢᠩ ᠰᠡᠳᠬᠢᠯ᠎ᠠᠴᠠ᠎ᠪᠠᠨ ᠬᠦᠰᠡᠨ ᠵᠥᠩᠨᠡᠶ᠎ᠡ!

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ

      2024 ᠣᠨ᠎ᠤ 1 ᠰᠠᠷ᠎ᠠ ᠵᠢᠨ 25᠎ᠤ ᠡᠳᠦᠷ

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯᠥᠰᠦᠨ ᠮᠠᠯᠴᠢᠨ ᠲᠠᠷᠢᠶᠠᠴᠢᠳ᠎ᠲᠤ ᠠᠵᠢᠯ ᠣᠯᠭᠣᠬᠤ ᠦᠢ᠍ᠯᠡᠴᠢᠯᠡᠭᠡᠨ᠎ᠤ ᠯᠠᠪᠯᠠᠭ᠎ᠠ ᠵᠢᠨ ᠤᠲᠠᠰᠤ

      ᠬᠥᠬᠡᠬᠣᠲᠠ

      0471 — 5181309

      ᠪᠤᠭᠤᠲᠤ ᠬᠤᠳᠠ

      0472 — 6169807

      ᠬᠥᠯᠥᠨ ᠪᠣᠢ᠌ᠷ ᠬᠤᠳᠠ

      0470 — 8297105

      ᠬᠢᠩᠭ᠋ᠠᠨ ᠠᠢ᠌ᠮᠠᠭ

      0482 — 8238631

      ᠲᠦᠩᠯᠢᠶᠣᠣ ᠬᠤᠳᠠ

      0475 — 6399016

      ᠤᠯᠠᠭ᠋ᠠᠨᠬᠠᠳᠠ ᠬᠤᠳᠠ

      0476 — 5891530

      ᠰᠢᠯᠢ ᠵᠢᠨ ᠭᠣᠣᠯ ᠠᠢ᠌ᠮᠠᠭ

      0479 — 8109074

      ᠤᠯᠠᠭ᠋ᠠᠨᠴᠠᠪ ᠬᠤᠳᠠ

      0474 — 8223302

      ᠣᠷᠳᠣᠰ ᠬᠤᠳᠠ

      0477 — 8586510

      ᠪᠠᠶᠠᠨᠨᠠᠭᠤᠷ ᠬᠤᠳᠠ

      0478 — 8527369

      ᠦᠬᠠᠢ ᠬᠤᠳᠠ

      0473 — 3158060

      ᠠᠯᠠᠱ᠌ᠠ ᠠᠢ᠌ᠮᠠᠭ

      0483 — 8331513

      ᠮᠠᠨᠵᠤᠤᠷ ᠬᠤᠳᠠ

      0470 — 6220702

      ᠡᠷᠢᠶᠡᠨ ᠬᠤᠳᠠ

      0479 — 7523002


ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠢ ᠪᠣᠯᠪᠠᠰᠤᠷᠠᠭᠤᠯᠬᠤ ᠲᠤᠬᠠᠢ ᠬᠡᠷᠡᠭᠵᠢᠭᠦᠯᠬᠦ ᠨᠠᠷᠢᠨ ᠳᠦᠷᠢᠮ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ ᠲᠣᠪᠴᠢᠶ᠎ᠠ ᠵᠢᠨ ᠪᠦᠯᠦᠭᠯᠡᠯᠳᠦ ᠬᠢᠵᠠᠭ᠋ᠠᠷᠲᠤ ᠺᠣᠮᠫᠠᠨᠢ ᠵᠢᠨ 2024 ᠣᠨ᠎ᠤ ᠨᠢᠭᠡᠳᠦᠭᠡᠷ ᠪᠦᠯᠦᠭ ᠣᠨᠴᠠᠭ᠋ᠠᠢ ᠠᠵᠢᠯ᠎ᠤᠨ ᠲᠥᠷᠥᠯ᠎ᠤᠨ ᠠᠵᠢᠯ᠎ᠠᠴᠠ᠎ᠪᠠᠨ ᠠᠮᠠᠷᠠᠭᠰᠠᠳ ᠵᠶ᠋ᠡᠷ ᠭᠤᠶᠤᠴᠢᠯᠠᠭᠰᠠᠳ᠎ᠤᠨ ᠲᠤᠬᠠᠢ ᠠᠯᠪᠠᠨ ᠵᠠᠷᠯᠠᠯ
ᠥᠪᠥᠷ ᠮᠣᠩᠭᠣᠯ᠎ᠤᠨ ᠨᠡᠭᠡᠭᠡᠯᠲᠡ ᠵᠢᠨ ᠶᠡᠬᠡ ᠰᠤᠷᠭ᠋ᠠᠭᠤᠯᠢ ᠵᠢᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠪᠠ ᠨᠤᠲᠤᠭ ᠪᠡᠯᠴᠢᠭᠡᠷ᠎ᠤᠨ ᠬᠢᠨᠠᠨ ᠬᠡᠮᠵᠢᠯᠲᠡ ᠵᠢᠨ ᠲᠥᠯᠦᠪᠵᠢᠭᠦᠯᠭᠡ ᠵᠢᠨ ᠬᠦᠷᠢᠶᠡᠯᠡᠩ᠎ᠤᠨ ᠳᠡᠭᠡᠳᠦ ᠲᠠᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
 
            