ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠠᠶ᠋ᠢᠮᠠᠭ ᠬᠣᠲᠠ ᠵᠢᠨ ᠨᠠᠮ᠎ᠤᠨ ᠬᠣᠷᠢᠶ᠎ᠠ ᠵᠢᠨ ᠵᠣᠬᠢᠶᠠᠨ ᠪᠠᠢ᠌ᠭᠤᠯᠬᠤ ᠬᠡᠯᠲᠡᠰ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠬᠣᠲᠠ ᠵᠢᠨ ᠨᠠᠮ᠎ᠤᠨ ᠬᠣᠷᠢᠶ᠎ᠠ ᠵᠢᠨ ᠵᠣᠬᠢᠶᠠᠨ ᠪᠠᠢ᠌ᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠡᠯᠲᠡᠰ᠂ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠪᠠ ᠡᠯ᠎ᠡ ᠠᠷᠠᠳ᠎ᠤᠨ ᠪᠦᠯᠬᠦᠮ᠎ᠤᠨ ᠺᠠᠳ᠋ᠷ (ᠠᠵᠢᠯᠲᠠᠨ᠎ᠤ ᠶᠠᠪᠤᠳᠠᠯ)᠎ᠤᠨ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠤ ᠡᠯ᠎ᠡ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠵᠣᠬᠢᠶᠠᠨ ᠪᠠᠢ᠌ᠭᠤᠯᠬᠤ (ᠠᠵᠢᠯᠲᠠᠨ᠎ᠤ ᠶᠠᠪᠤᠳᠠᠯ) ᠰᠠᠯᠠᠭ᠎ᠠ ᠮᠥᠴᠢᠷ᠎ᠲᠤ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠢ ᠪᠣᠯᠪᠠᠰᠤᠷᠠᠭᠤᠯᠬᠤ ᠲᠤᠬᠠᠢ ᠬᠡᠷᠡᠭᠵᠢᠭᠦᠯᠬᠦ ᠨᠠᠷᠢᠨ ᠳᠦᠷᠢᠮ》 (ᠳᠣᠷᠣᠭᠰᠢ 《ᠬᠡᠷᠡᠭᠵᠢᠭᠦᠯᠬᠦ ᠨᠠᠷᠢᠨ ᠳᠦᠷᠢᠮ》 ᠭᠡᠵᠦ ᠲᠣᠪᠴᠢᠯᠠᠨ᠎ᠠ)᠎ᠢ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠂ ᠬᠡᠷᠡᠭᠵᠢᠭᠦᠯᠬᠦ ᠶᠠᠪᠤᠴᠠ᠎ᠳᠤ ᠠᠰᠠᠭᠤᠳᠠᠯ ᠪᠠ ᠰᠠᠨᠠᠭᠤᠯᠭ᠎ᠠ ᠲᠣᠬᠢᠶᠠᠯᠳᠤᠪᠠᠯ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢ᠌ᠭᠤᠯᠬᠤ ᠬᠡᠯᠲᠡᠰ᠎ᠲᠤ ᠴᠠᠭ ᠲᠤᠬᠠᠢᠳᠤᠨᠢ ᠮᠡᠳᠡᠭᠦᠯᠦᠭᠡᠷᠡᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ
ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ
ᠬᠣᠷᠢᠶ᠎ᠠ ᠵᠢᠨ ᠵᠣᠬᠢᠶᠠᠨ ᠪᠠᠢ᠌ᠭᠤᠯᠬᠤ ᠬᠡᠯᠲᠡᠰ
2024 ᠣᠨ᠎ᠤ 1 ᠰᠠᠷ᠎ᠠ ᠵᠢᠨ 25᠎ᠤ ᠡᠳᠦᠷ