ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠨᠡᠭᠡᠭᠡᠯᠲᠡ ᠵᠢᠨ ᠶᠡᠬᠡ ᠰᠤᠷᠭ᠋ᠠᠭᠤᠯᠢ ᠵᠢᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2024-03-12

      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠰᠢᠯᠵᠢᠭᠦᠯᠬᠦ ᠲᠤᠬᠠᠢ ᠬᠡᠷᠡᠭᠵᠢᠭᠦᠯᠬᠦ ᠠᠷᠭ᠎ᠠ》 (ᠥᠪᠥᠷ ᠮᠣᠩᠭᠣᠯ᠎ᠤᠨ ᠵᠠᠰᠠᠭ᠎ᠤᠨ ᠣᠷᠳᠣᠨ ᠲᠠᠷᠬᠠᠭ᠋ᠠᠪᠠ [2017] 77 ᠳ᠋ᠤᠭ᠋ᠠᠷ ᠲᠣᠭ᠋ᠠᠲᠤ)᠂ 《ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯ ᠦᠢ᠍ᠯᠡᠰ᠎ᠤᠨ ᠨᠢᠭᠡᠴᠢ ᠵᠢᠨ 〈ᠰᠠᠭ᠋ᠠᠳ ᠦᠭᠡᠢ ᠨᠡᠪᠲᠡᠷᠡᠬᠦ ᠵᠠᠮ〉 ᠵᠶ᠋ᠠᠷ ᠣᠷᠣᠭᠤᠯᠤᠨ ᠠᠪᠴᠢᠷᠠᠬᠤ ᠳᠡᠭᠡᠳᠦ ᠲᠠᠰ᠎ᠤᠨ ᠴᠢᠳᠠᠪᠤᠷᠢᠲᠠᠨ᠎ᠢ ᠬᠢᠨᠠᠨ ᠵᠥᠪᠰᠢᠶᠡᠷᠡᠬᠦ ᠳᠦᠷᠢᠮ᠎ᠠᠴᠠ ᠳᠠᠩᠰᠠᠯᠠᠬᠤ ᠳᠦᠷᠢᠮ ᠪᠣᠯᠭ᠋ᠠᠨ ᠥᠭᠡᠷᠡᠴᠢᠯᠡᠬᠦ ᠬᠣᠯᠪᠣᠭᠳᠠᠯ ᠪᠦᠬᠦᠢ ᠵᠦᠢ᠍ᠯᠡᠰ᠎ᠤᠨ ᠲᠤᠬᠠᠢ ᠮᠡᠳᠡᠭᠳᠡᠯ》 (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠲᠠᠷᠬᠠᠭ᠋ᠠᠪᠠ [2022] 78 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠥᠷ ᠮᠣᠩᠭᠣᠯ᠎ᠤᠨ ᠨᠡᠭᠡᠭᠡᠯᠲᠡ ᠵᠢᠨ ᠶᠡᠬᠡ ᠰᠤᠷᠭ᠋ᠠᠭᠤᠯᠢ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠯᠪᠠᠨ ᠵᠠᠷᠯᠠᠯ ᠨᠡᠢ᠌ᠲᠡᠯᠡᠬᠦ᠂ ᠨᠡᠷ᠎ᠡ ᠮᠡᠳᠡᠭᠦᠯᠬᠦ ᠵᠢ ᠵᠣᠬᠢᠶᠠᠨ ᠪᠠᠢ᠌ᠭᠤᠯᠵᠤ ᠬᠢᠨᠠᠨ ᠬᠠᠷᠭᠤᠭᠤᠯᠬᠤ᠂ ᠲᠤᠰᠬᠠᠢ ᠮᠡᠷᠭᠡᠵᠢᠯᠲᠡᠨ᠎ᠠᠴᠠ ᠦᠨᠡᠯᠡᠵᠦ ᠬᠢᠨᠠᠨ ᠲᠣᠭᠲᠠᠭ᠋ᠠᠬᠤ᠂ ᠰᠢᠨᠵᠢᠯᠡᠨ ᠪᠠᠢ᠌ᠴᠠᠭ᠋ᠠᠬᠤ᠂ ᠪᠡᠶ᠎ᠡ ᠵᠢᠨ ᠪᠠᠢ᠌ᠴᠠᠭ᠋ᠠᠯᠲᠠ ᠬᠢᠬᠦ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ ᠨᠡᠢ᠌ᠲᠡ 1 ᠬᠥᠮᠥᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠴᠢᠳᠠᠪᠤᠷᠢᠲᠠᠨ᠎ᠤ ᠬᠡᠪᠴᠢᠶᠡᠨ᠎ᠳᠤ ᠣᠷᠣᠪᠠ᠂ ᠣᠲᠣ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠡᠰ᠎ᠤᠨ ᠠᠵᠢᠯᠳᠠᠨ ᠵᠢᠴᠢ ᠣᠷᠣᠭᠤᠯᠤᠨ ᠠᠪᠴᠢᠷᠠᠬᠤ ᠨᠢᠭᠡᠴᠢ ᠵᠢ ᠵᠠᠷᠯᠠᠨ ᠨᠡᠢ᠌ᠲᠡᠯᠡᠶ᠎ᠡ᠃

      ᠨᠢᠭᠡ᠂  ᠵᠠᠷᠯᠠᠨ ᠨᠡᠢ᠌ᠲᠡᠯᠡᠬᠦ ᠡᠲᠡᠭᠡᠳ

      ᠪᠦᠦ ᠱᠠᠨ᠂ ᠡᠷᠡᠭᠲᠡᠢ᠂ 1980 ᠣᠨ᠎ᠤ 4 ᠰᠠᠷ᠎ᠠ᠎ᠳᠤ ᠲᠥᠷᠥᠵᠡᠢ᠂  ᠳ᠋ᠣᠺᠲ᠋ᠣᠷ (ᠭᠦᠨ ᠤᠬᠠᠭ᠋ᠠᠨ᠎ᠤ ᠳ᠋ᠣᠺᠲ᠋ᠣᠷ)᠂ ᠥᠪᠥᠷ ᠮᠣᠩᠭᠣᠯ᠎ᠤᠨ ᠨᠡᠭᠡᠭᠡᠯᠲᠡ᠎ᠤᠨ ᠶᠡᠬᠡ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠠᠵᠢᠯ᠎ᠤᠨ ᠪᠠᠶ᠋ᠢᠷᠢ᠎ᠳᠤ ᠤᠷᠢᠨ ᠬᠡᠷᠡᠭᠯᠡᠬᠦ᠎ᠪᠠᠷ ᠪᠤᠢ᠃

      ᠬᠣᠶᠠᠷ᠂  ᠵᠠᠷᠯᠠᠨ ᠨᠡᠢ᠌ᠲᠡᠯᠡᠬᠦ ᠴᠠᠭ

      2024 ᠣᠨ᠎ᠤ 3 ᠰᠠᠷ᠎ᠠ ᠵᠢᠨ 1᠎ᠤ ᠡᠳᠦᠷ᠎ᠠᠴᠠ 2024 ᠣᠨ᠎ᠤ 3 ᠰᠠᠷ᠎ᠠ ᠵᠢᠨ 7 ᠎ᠤ ᠡᠳᠦᠷ ᠪᠤᠯᠲᠠᠯ᠎ᠠ

      ᠭᠤᠷᠪᠠ᠂ ᠬᠦᠯᠢᠶᠡᠨ ᠠᠪᠴᠤ ᠰᠢᠢ᠍ᠳᠪᠦᠷᠢᠯᠡᠬᠦ ᠬᠡᠯᠪᠡᠷᠢ

      ᠨᠢᠭᠡᠴᠢ ᠪᠣᠯᠣᠨ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠠᠷ ᠳᠡᠭᠡᠷ᠎ᠡ ᠳᠤᠷᠠᠳᠤᠭᠰᠠᠨ ᠵᠠᠷᠯᠠᠨ ᠨᠡᠢ᠌ᠲᠡᠯᠡᠬᠦ ᠡᠲᠡᠭᠡᠳ᠎ᠤᠨ ᠬᠣᠯᠪᠣᠭᠳᠠᠯ ᠪᠦᠬᠦᠢ ᠪᠠᠶ᠋ᠢᠳᠠᠯ ᠪᠣᠯᠣᠨ ᠠᠰᠠᠭᠤᠳᠠᠯ᠎ᠢ ᠲᠤᠰᠬᠠᠵᠤ ᠪᠣᠯᠣᠨ᠎ᠠ᠂ ᠪᠠᠢ᠌ᠳᠠᠯ᠎ᠢ ᠲᠤᠰᠬᠠᠭᠰᠠᠨ ᠨᠢᠭᠡᠴᠢ᠎ᠨᠢ ᠮᠠᠲ᠋ᠧᠷᠢᠶᠠᠯ ᠳᠡᠭᠡᠷ᠎ᠡ᠎ᠪᠠᠨ ᠨᠢᠭᠡᠴᠢ ᠵᠢᠨ ᠵᠶ᠋ᠡᠨ ᠠᠯᠪᠠᠨ ᠲᠠᠮᠠᠭ᠎ᠠ ᠵᠢ ᠳᠠᠷᠤᠵᠤ᠂ ᠬᠤᠪᠢ ᠬᠥᠮᠥᠨ ᠪᠣᠯ ᠦᠨᠡᠨ ᠨᠡᠷ᠎ᠡ᠎ᠪᠠᠨ ᠪᠢᠴᠢᠬᠦ ᠵᠢᠨ ᠬᠠᠮᠲᠤ ᠬᠠᠷᠢᠯᠴᠠᠬᠤ ᠠᠷᠭ᠎ᠠ ᠬᠡᠯᠪᠡᠷᠢ᠎ᠪᠠᠨ ᠬᠠᠩᠭ᠋ᠠᠬᠤ ᠬᠡᠷᠡᠭᠲᠡᠶ᠃

      ᠬᠦᠯᠢᠶᠡᠨ ᠠᠪᠴᠤ ᠰᠢᠢ᠍ᠳᠪᠦᠷᠢᠯᠡᠬᠦ ᠴᠠᠭ᠄ ᠦᠳᠡ ᠵᠢᠨ ᠡᠮᠦᠨ᠎ᠡ 9᠄ 00 — 12᠄ 00᠂ ᠦᠳᠡ ᠵᠢᠨ ᠬᠣᠢ᠌ᠨ᠎ᠠ 14᠄ 30 — 17᠄ 00

      ᠬᠦᠯᠢᠶᠡᠨ ᠠᠪᠴᠤ ᠰᠢᠢ᠍ᠳᠪᠦᠷᠢᠯᠡᠬᠦ ᠤᠲᠠᠰᠤ᠄ 0471 — 6946229

            ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ 

            ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ

              2024 ᠣᠨ᠎ᠤ 3 ᠰᠠᠷ᠎ᠠ ᠵᠢᠨ 1᠎ᠤ ᠡᠳᠦᠷ


ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠪᠠ ᠨᠤᠲᠤᠭ ᠪᠡᠯᠴᠢᠭᠡᠷ᠎ᠤᠨ ᠬᠢᠨᠠᠨ ᠬᠡᠮᠵᠢᠯᠲᠡ ᠵᠢᠨ ᠲᠥᠯᠦᠪᠵᠢᠭᠦᠯᠭᠡ ᠵᠢᠨ ᠬᠦᠷᠢᠶᠡᠯᠡᠩ᠎ᠤᠨ ᠳᠡᠭᠡᠳᠦ ᠲᠠᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
ᠲᠤᠬᠠᠢ᠌ᠯᠠᠭᠰᠠᠨ ᠠᠵᠢᠯ ᠭᠦᠢ᠍ᠴᠡᠳᠬᠡᠬᠦ ᠵᠢ ᠲᠦᠷ ᠵᠣᠭᠰᠤᠭ᠋ᠠᠬᠤ ᠠᠯᠪᠠᠨ ᠵᠠᠷᠯᠠᠯ
2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠣᠨ᠎ᠤ ᠮᠥᠩᠭᠥ ᠵᠢᠨ ᠡᠵᠡᠩᠨᠡᠯᠲᠡ ᠬᠠᠮᠢᠶᠠᠷᠤᠯᠲᠠ ᠵᠢᠨ ᠪᠠᠶ᠋ᠢᠳᠠᠯ᠎ᠤᠨ ᠵᠠᠷᠯᠠᠯ
ᠥᠪᠡᠷᠲᠡᠭᠡᠨ ᠵᠠᠰᠠᠬᠤ ᠣᠷᠣᠨ᠎ᠤ 2023 ᠣᠨ᠎ᠤ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠢ᠌ᠴᠠᠭ᠋ᠠᠯᠲᠠ ᠵᠢᠨ ᠲᠣᠭ᠎ᠠ ᠪᠠᠷᠢᠮᠲᠠ ᠵᠢᠨ ᠪᠠᠶ᠋ᠢᠳᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠴᠢ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠤ ᠬᠡᠷᠡᠭᠴᠡᠭᠡ ᠵᠢᠨ ᠭᠠᠷᠴᠠᠭ》᠎ᠢ ᠨᠡᠢ᠌ᠲᠡᠯᠡᠬᠦ ᠲᠤᠬᠠᠢ ᠠᠯᠪᠠᠨ ᠵᠠᠷᠯᠠᠯ
 
            