《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠰᠢᠯᠵᠢᠭᠦᠯᠬᠦ ᠲᠤᠬᠠᠢ ᠬᠡᠷᠡᠭᠵᠢᠭᠦᠯᠬᠦ ᠠᠷᠭ᠎ᠠ》 (ᠥᠪᠥᠷ ᠮᠣᠩᠭᠣᠯ᠎ᠤᠨ ᠵᠠᠰᠠᠭ᠎ᠤᠨ ᠣᠷᠳᠣᠨ ᠲᠠᠷᠬᠠᠭ᠋ᠠᠪᠠ [2017] 77 ᠳ᠋ᠤᠭ᠋ᠠᠷ ᠲᠣᠭ᠋ᠠᠲᠤ)᠂ 《ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯ ᠦᠢ᠍ᠯᠡᠰ᠎ᠤᠨ ᠨᠢᠭᠡᠴᠢ ᠵᠢᠨ 〈ᠰᠠᠭ᠋ᠠᠳ ᠦᠭᠡᠢ ᠨᠡᠪᠲᠡᠷᠡᠬᠦ ᠵᠠᠮ〉 ᠵᠶ᠋ᠠᠷ ᠣᠷᠣᠭᠤᠯᠤᠨ ᠠᠪᠴᠢᠷᠠᠬᠤ ᠳᠡᠭᠡᠳᠦ ᠲᠠᠰ᠎ᠤᠨ ᠴᠢᠳᠠᠪᠤᠷᠢᠲᠠᠨ᠎ᠢ ᠬᠢᠨᠠᠨ ᠵᠥᠪᠰᠢᠶᠡᠷᠡᠬᠦ ᠳᠦᠷᠢᠮ᠎ᠠᠴᠠ ᠳᠠᠩᠰᠠᠯᠠᠬᠤ ᠳᠦᠷᠢᠮ ᠪᠣᠯᠭ᠋ᠠᠨ ᠥᠭᠡᠷᠡᠴᠢᠯᠡᠬᠦ ᠬᠣᠯᠪᠣᠭᠳᠠᠯ ᠪᠦᠬᠦᠢ ᠵᠦᠢ᠍ᠯᠡᠰ᠎ᠤᠨ ᠲᠤᠬᠠᠢ ᠮᠡᠳᠡᠭᠳᠡᠯ》 (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠲᠠᠷᠬᠠᠭ᠋ᠠᠪᠠ [2022] 78 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠪᠠ ᠨᠤᠲᠤᠭ ᠪᠡᠯᠴᠢᠭᠡᠷ᠎ᠤᠨ ᠬᠢᠨᠠᠨ ᠬᠡᠮᠵᠢᠯᠲᠡ ᠵᠢᠨ ᠲᠥᠯᠦᠪᠵᠢᠭᠦᠯᠭᠡ ᠵᠢᠨ ᠬᠦᠷᠢᠶᠡᠯᠡᠩ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠯᠪᠠᠨ ᠵᠠᠷᠯᠠᠯ ᠨᠡᠢ᠌ᠲᠡᠯᠡᠬᠦ᠂ ᠨᠡᠷ᠎ᠡ ᠮᠡᠳᠡᠭᠦᠯᠬᠦ ᠵᠢ ᠵᠣᠬᠢᠶᠠᠨ ᠪᠠᠢ᠌ᠭᠤᠯᠵᠤ ᠬᠢᠨᠠᠨ ᠬᠠᠷᠭᠤᠭᠤᠯᠬᠤ᠂ ᠲᠤᠰᠬᠠᠢ ᠮᠡᠷᠭᠡᠵᠢᠯᠲᠡᠨ᠎ᠠᠴᠠ ᠦᠨᠡᠯᠡᠵᠦ ᠬᠢᠨᠠᠨ ᠲᠣᠭᠲᠠᠭ᠋ᠠᠬᠤ᠂ ᠰᠢᠨᠵᠢᠯᠡᠨ ᠪᠠᠢ᠌ᠴᠠᠭ᠋ᠠᠬᠤ᠂ ᠪᠡᠶ᠎ᠡ ᠵᠢᠨ ᠪᠠᠢ᠌ᠴᠠᠭ᠋ᠠᠯᠲᠠ ᠬᠢᠬᠦ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ ᠨᠡᠢ᠌ᠲᠡ 2 ᠬᠥᠮᠥᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠴᠢᠳᠠᠪᠤᠷᠢᠲᠠᠨ᠎ᠤ ᠬᠡᠪᠴᠢᠶᠡᠨ᠎ᠳᠤ ᠣᠷᠣᠪᠠ᠂ ᠣᠲᠣ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠡᠰ᠎ᠤᠨ ᠠᠵᠢᠯᠲᠠᠨ ᠵᠢᠴᠢ ᠣᠷᠣᠭᠤᠯᠤᠨ ᠠᠪᠴᠢᠷᠠᠬᠤ ᠨᠢᠭᠡᠴᠢ ᠵᠢ ᠵᠠᠷᠯᠠᠨ ᠨᠡᠢ᠌ᠲᠡᠯᠡᠶ᠎ᠡ᠃
ᠨᠢᠭᠡ᠂ ᠵᠠᠷᠯᠠᠨ ᠨᠡᠢ᠌ᠲᠡᠯᠡᠬᠦ ᠡᠲᠡᠭᠡᠳ
ᠵᠠᠩ ᠯᠧᠢ᠂ ᠡᠷᠡᠭᠲᠡᠢ᠂ 1985 ᠣᠨ᠎ᠤ 1 ᠰᠠᠷ᠎ᠠ᠎ᠳᠤ ᠲᠥᠷᠥᠵᠡᠢ᠂ ᠳ᠋ᠣᠺᠲ᠋ᠣᠷ (ᠲᠠᠷᠢᠶᠠᠯᠠᠩ᠎ᠤᠨ ᠤᠬᠠᠭ᠋ᠠᠨ᠎ᠤ ᠳ᠋ᠣᠺᠲ᠋ᠣᠷ)᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠪᠠ ᠨᠤᠲᠤᠭ ᠪᠡᠯᠴᠢᠭᠡᠷ᠎ᠤᠨ ᠬᠢᠨᠠᠨ ᠬᠡᠮᠵᠢᠯᠲᠡ ᠵᠢᠨ ᠲᠥᠯᠦᠪᠵᠢᠭᠦᠯᠭᠡ ᠵᠢᠨ ᠬᠦᠷᠢᠶᠡᠯᠡᠩ᠎ᠤᠨ ᠣᠢ ᠰᠢᠭᠤᠢ ᠪᠠ ᠨᠤᠲᠤᠭ ᠪᠡᠯᠴᠢᠭᠡᠷ᠎ᠤᠨ ᠲᠤᠰᠬᠠᠢ ᠮᠡᠷᠭᠡᠵᠢᠯ᠎ᠤᠨ ᠠᠵᠢᠯ᠎ᠤᠨ ᠪᠠᠶ᠋ᠢᠷᠢ᠎ᠳᠤ ᠤᠷᠢᠨ ᠬᠡᠷᠡᠭᠯᠡᠬᠦ᠎ᠪᠠᠷ ᠪᠤᠢ᠃
ᠲᠢᠶᠠᠨ ᠲᠢᠶᠠᠨ᠂ ᠡᠮᠡᠭᠲᠡᠢ᠂ 1985 ᠣᠨ᠎ᠤ 3 ᠰᠠᠷ᠎ᠠ᠎ᠳᠤ ᠲᠥᠷᠥᠵᠡᠢ᠂ ᠳ᠋ᠣᠺᠲ᠋ᠣᠷ (ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠳ᠋ᠣᠺᠲ᠋ᠣᠷ)᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠪᠠ ᠨᠤᠲᠤᠭ ᠪᠡᠯᠴᠢᠭᠡᠷ᠎ᠤᠨ ᠬᠢᠨᠠᠨ ᠬᠡᠮᠵᠢᠯᠲᠡ ᠵᠢᠨ ᠲᠥᠯᠦᠪᠵᠢᠭᠦᠯᠭᠡ ᠵᠢᠨ ᠬᠦᠷᠢᠶᠡᠯᠡᠩ᠎ᠤᠨ ᠣᠢ ᠰᠢᠭᠤᠢ ᠪᠠ ᠨᠤᠲᠤᠭ ᠪᠡᠯᠴᠢᠭᠡᠷ᠎ᠤᠨ ᠲᠤᠰᠬᠠᠢ ᠮᠡᠷᠭᠡᠵᠢᠯ᠎ᠤᠨ ᠠᠵᠢᠯ᠎ᠤᠨ ᠪᠠᠶ᠋ᠢᠷᠢ᠎ᠳᠤ ᠤᠷᠢᠨ ᠬᠡᠷᠡᠭᠯᠡᠬᠦ᠎ᠪᠠᠷ ᠪᠤᠢ᠃
ᠬᠣᠶᠠᠷ᠂ ᠵᠠᠷᠯᠠᠨ ᠨᠡᠢ᠌ᠲᠡᠯᠡᠬᠦ ᠴᠠᠭ
2024 ᠣᠨ᠎ᠤ 3 ᠰᠠᠷ᠎ᠠ ᠵᠢᠨ 5᠎ᠤ ᠡᠳᠦᠷ᠎ᠠᠴᠠ 2024 ᠣᠨ᠎ᠤ 3 ᠰᠠᠷ᠎ᠠ ᠵᠢᠨ11᠎ᠤ ᠡᠳᠦᠷ ᠪᠤᠯᠲᠠᠯ᠎ᠠ
ᠭᠤᠷᠪᠠ᠂ ᠬᠦᠯᠢᠶᠡᠨ ᠠᠪᠴᠤ ᠰᠢᠢ᠍ᠳᠪᠦᠷᠢᠯᠡᠬᠦ ᠬᠡᠯᠪᠡᠷᠢ
ᠨᠢᠭᠡᠴᠢ ᠪᠣᠯᠣᠨ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠠᠷ ᠳᠡᠭᠡᠷ᠎ᠡ ᠳᠤᠷᠠᠳᠤᠭᠰᠠᠨ ᠵᠠᠷᠯᠠᠨ ᠨᠡᠢ᠌ᠲᠡᠯᠡᠬᠦ ᠡᠲᠡᠭᠡᠳ᠎ᠤᠨ ᠬᠣᠯᠪᠣᠭᠳᠠᠯ ᠪᠦᠬᠦᠢ ᠪᠠᠶ᠋ᠢᠳᠠᠯ ᠪᠣᠯᠣᠨ ᠠᠰᠠᠭᠤᠳᠠᠯ᠎ᠢ ᠲᠤᠰᠬᠠᠵᠤ ᠪᠣᠯᠣᠨ᠎ᠠ᠂ ᠪᠠᠢ᠌ᠳᠠᠯ᠎ᠢ ᠲᠤᠰᠬᠠᠭᠰᠠᠨ ᠨᠢᠭᠡᠴᠢ᠎ᠨᠢ ᠮᠠᠲ᠋ᠧᠷᠢᠶᠠᠯ ᠳᠡᠭᠡᠷ᠎ᠡ᠎ᠪᠠᠨ ᠨᠢᠭᠡᠴᠢ ᠵᠢᠨ ᠵᠶ᠋ᠡᠨ ᠠᠯᠪᠠᠨ ᠲᠠᠮᠠᠭ᠎ᠠ ᠵᠢ ᠳᠠᠷᠤᠵᠤ᠂ ᠬᠤᠪᠢ ᠬᠥᠮᠥᠨ ᠪᠣᠯ ᠦᠨᠡᠨ ᠨᠡᠷ᠎ᠡ᠎ᠪᠠᠨ ᠪᠢᠴᠢᠬᠦ ᠵᠢᠨ ᠬᠠᠮᠲᠤ ᠬᠠᠷᠢᠯᠴᠠᠬᠤ ᠠᠷᠭ᠎ᠠ ᠬᠡᠯᠪᠡᠷᠢ᠎ᠪᠠᠨ ᠬᠠᠩᠭ᠋ᠠᠬᠤ ᠬᠡᠷᠡᠭᠲᠡᠶ᠃
ᠬᠦᠯᠢᠶᠡᠨ ᠠᠪᠴᠤ ᠰᠢᠢ᠍ᠳᠪᠦᠷᠢᠯᠡᠬᠦ ᠴᠠᠭ᠄ ᠦᠳᠡ ᠵᠢᠨ ᠡᠮᠦᠨ᠎ᠡ 9᠄ 00 — 12᠄ 00᠂ ᠦᠳᠡ ᠵᠢᠨ ᠬᠣᠢ᠌ᠨ᠎ᠠ 14᠄ 30 — 17᠄ 00
ᠬᠦᠯᠢᠶᠡᠨ ᠠᠪᠴᠤ ᠰᠢᠢ᠍ᠳᠪᠦᠷᠢᠯᠡᠬᠦ ᠤᠲᠠᠰᠤ᠄ 0471— 6946229
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ
ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
2024 ᠣᠨ᠎ᠤ 3 ᠰᠠᠷ᠎ᠠ ᠵᠢᠨ 5᠎ᠤ ᠡᠳᠦᠷ