ᠦᠢ᠍ᠯᠡᠴᠢᠯᠡᠭᠡ ᠵᠢ ᠨᠠᠩ ᠰᠠᠢ᠌ᠵᠢᠷᠠᠭᠤᠯᠬᠤ ᠵᠢᠨ ᠲᠥᠯᠥᠭᠡ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠲᠠᠰ ᠳᠡᠪᠰᠢᠭᠦᠯᠬᠦ ᠵᠢᠴᠢ ᠬᠠᠮᠠᠭ᠋ᠠᠯᠠᠬᠤ ᠠᠵᠢᠯ᠎ᠢ ᠥᠷᠨᠢᠭᠦᠯᠬᠦ ᠴᠢᠬᠤᠯᠠᠲᠠᠢ ᠪᠣᠯᠵᠤ᠂ 2024 ᠣᠨ᠎ᠤ 3 ᠰᠠᠷ᠎ᠠ ᠵᠢᠨ 23᠎ᠤ ᠡᠳᠦᠷ᠎ᠤᠨ 24 ᠴᠠᠭ᠎ᠲᠤ ᠲᠤᠬᠠᠢ᠌ᠯᠠᠭᠰᠠᠨ ᠠᠵᠢᠯ ᠭᠦᠢ᠍ᠴᠡᠳᠬᠡᠬᠦ ᠵᠢ ᠲᠦᠷ ᠵᠣᠭᠰᠤᠭ᠋ᠠᠬᠤ᠎ᠪᠠᠷ ᠲᠣᠭᠲᠠᠪᠠ᠃ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠵᠠᠷᠯᠠᠶ᠎ᠠ᠄
ᠨᠢᠭᠡ᠂ ᠲᠤᠬᠠᠢ᠌ᠯᠠᠭᠰᠠᠨ ᠠᠵᠢᠯ ᠭᠦᠢ᠍ᠴᠡᠳᠬᠡᠬᠦ ᠵᠢ ᠲᠦᠷ ᠵᠣᠭᠰᠤᠭ᠋ᠠᠬᠤ ᠴᠠᠭ
2024 ᠣᠨ᠎ᠤ 3 ᠰᠠᠷ᠎ᠠ ᠵᠢᠨ 23᠎ᠤ ᠡᠳᠦᠷ᠎ᠤᠨ 24᠄ 00 — 3 ᠰᠠᠷ᠎ᠠ ᠵᠢᠨ 31᠎ᠤ ᠡᠳᠦᠷ᠎ᠤᠨ 24᠄ 00 ᠪᠤᠯᠲᠠᠯ᠎ᠠ᠃
ᠬᠣᠶᠠᠷ᠂ ᠨᠥᠯᠥᠭᠡᠯᠡᠬᠦ ᠬᠦᠷᠢᠶ᠎ᠡ ᠬᠡᠪᠴᠢᠶ᠎ᠡ
ᠬᠣᠯᠪᠣᠭᠳᠠᠬᠤ ᠳᠠᠭ᠋ᠠᠳᠬᠠᠯ᠎ᠤᠨ ᠲᠥᠷᠥᠯ ᠵᠦᠢ᠍ᠯ᠄ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠂ ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ (ᠠᠵᠢᠯ᠎ᠤᠨ ᠣᠨ᠎ᠤ ᠮᠥᠩᠭᠥ)᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠪᠥᠬᠥ ᠲᠤᠬᠠᠢ᠌ᠯᠠᠭᠰᠠᠨ ᠠᠵᠢᠯ᠎ᠢ ᠭᠦᠢ᠍ᠴᠡᠳᠬᠡᠬᠦ ᠵᠢ ᠲᠦᠷ ᠵᠣᠭᠰᠣᠭ᠋ᠠᠨ᠎ᠠ᠃
ᠬᠣᠯᠪᠣᠭᠳᠠᠬᠤ ᠲᠠᠪᠴᠠᠩ᠄ ᠪᠦᠬᠦ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠦᠯᠵᠢᠶᠡᠨ ᠳᠡᠭᠡᠷᠡᠬᠢ ᠦᠢ᠍ᠯᠡᠴᠢᠯᠡᠭᠡᠨ᠎ᠤ ᠲᠢᠩᠬᠢᠮ (ᠠᠵᠤ ᠠᠬᠤᠢ᠌ᠯᠠᠯ᠎ᠤᠨ ᠰᠦᠯᠵᠢᠶᠡᠨ ᠲᠢᠩᠬᠢᠮ᠂ ᠪᠠᠢ᠌ᠭᠤᠯᠭ᠎ᠠ ᠵᠢᠨ ᠰᠦᠯᠵᠢᠶᠡᠨ ᠲᠢᠩᠬᠢᠮ᠂ ᠬᠤᠪᠢ ᠬᠥᠮᠥᠨ᠎ᠤ ᠰᠦᠯᠵᠢᠶᠡᠨ ᠲᠢᠩᠬᠢᠮ)᠂ ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ APP᠂ ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠵᠢᠵᠢᠭ ᠫᠷᠣᠭ᠌ᠷᠠᠮ᠂ 《ᠥᠪᠥᠷ ᠮᠣᠩᠭᠣᠯ᠎ᠤᠨ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ》᠎ᠤᠨ ᠸᠢᠴᠠᠲ ᠨᠠᠢ᠌ᠳᠠ ᠵᠢᠨ ᠲᠠᠪᠴᠠᠩ᠂ ᠠᠦ᠋ᠲ᠋ᠣ᠋ ᠦᠢ᠍ᠯᠡᠴᠢᠯᠡᠭᠡ ᠵᠢᠨ ᠮᠠᠰᠢᠨ᠂ ᡁᠢ ᠹᠦ᠋ ᠪᠦᠦ ᠵᠢᠵᠢᠭ ᠫᠷᠣᠭ᠌ᠷᠠᠮ᠂ ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠤᠰᠬᠠᠢ ᠲᠣᠭᠣᠷᠢᠭ)᠂ ᠮᠥᠩᠬᠡ ᠰᠤᠪᠠᠭ APP (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠤᠰᠬᠠᠢ ᠲᠣᠭᠣᠷᠢᠭ) ᠲᠤᠬᠠᠢ᠌ᠯᠠᠭᠰᠠᠨ ᠠᠵᠢᠯ᠎ᠢ ᠭᠥᠯᠢᠶᠡᠨ ᠠᠪᠴᠤ ᠦᠢ᠍ᠯᠡᠴᠢᠯᠡᠬᠦ ᠪᠠ ᠪᠠᠢ᠌ᠴᠠᠭ᠋ᠠᠨ ᠯᠠᠪᠯᠠᠬᠤ ᠵᠢ ᠲᠦᠷ ᠵᠣᠭᠰᠣᠭ᠋ᠠᠨ᠎ᠠ᠃
ᠰᠠᠨᠠᠭᠤᠯᠤᠮᠵᠢ᠄ ᠪᠥᠬᠥ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ ᠣᠯᠭᠣᠯᠲᠠ᠂ ᠬᠥᠳᠡᠯᠮᠦᠷᠢ ᠵᠢᠨ ᠬᠠᠷᠢᠴᠠᠭ᠎ᠠ᠂ ᠴᠢᠳᠠᠪᠤᠷᠢᠲᠠᠨ ᠠᠵᠢᠯᠲᠠᠨ᠎ᠤ ᠶᠠᠪᠤᠳᠠᠯ᠎ᠤᠨ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠤᠨ ᠰᠢᠰᠲ᠋ᠧᠮ ᠨᠥᠯᠥᠭᠡᠯᠡᠭᠳᠡᠬᠦ ᠦᠭᠡᠢ (ᠰᠦᠯᠵᠢᠶᠡᠨ ᠲᠠᠪᠴᠠᠩ ᠳᠡᠭᠡᠷ᠎ᠡ ᠭᠥᠯᠢᠶᠡᠨ ᠠᠪᠴᠤ ᠰᠢᠢ᠍ᠳᠪᠦᠷᠢᠯᠡᠬᠦ ᠦᠭᠡᠢ)᠃
ᠡᠭᠦᠨ᠎ᠤ ᠲᠤᠯᠠ ᠣᠨᠴᠠᠭ᠋ᠠᠢ᠌ᠯᠠᠨ ᠵᠠᠷᠯᠠᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ
ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
2024 ᠣᠨ᠎ᠤ 3 ᠰᠠᠷ᠎ᠠ ᠵᠢᠨ 20᠎ᠤ ᠡᠳᠦᠷ