ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠣᠨ᠎ᠤ ᠮᠥᠩᠭᠥ ᠵᠢ 2020 ᠣᠨ᠎ᠤ 4 ᠰᠠᠷ᠎ᠠ᠎ᠠᠴᠠ ᠡᠬᠢᠯᠡᠨ ᠬᠡᠷᠡᠭᠵᠢᠭᠦᠯᠦᠭᠰᠡᠨ᠎ᠠᠴᠠ ᠨᠠᠭ᠋ᠠᠰᠢ᠂ ᠠᠵᠢᠯ᠎ᠤᠨ ᠣᠨ᠎ᠤ ᠮᠥᠩᠭᠥ ᠵᠢᠨ ᠪᠡᠯᠡ ᠣᠷᠣᠭᠤᠯᠤᠯᠲᠠ ᠵᠢᠨ 11 ᠲᠥᠯᠥᠪᠯᠡᠭᠡ ᠵᠢ ᠲᠣᠭᠲᠠᠭ᠋ᠠᠵᠤ᠂ ᠤᠯᠠᠨ ᠲᠥᠯᠥᠪᠯᠡᠭᠡ᠎ᠳᠤ ᠨᠢᠭᠡᠳᠦᠯᠲᠡᠢ ᠠᠰᠢᠭ ᠣᠷᠣᠯᠭ᠎ᠠ ᠵᠢᠨ ᠨᠣᠷᠮ᠎ᠠ ᠵᠢᠨ ᠵᠠᠭᠪᠤᠷ᠎ᠢ ᠠᠪᠤᠭᠰᠠᠨ ᠪᠠᠢ᠌ᠨ᠎ᠠ᠃ 2023 ᠣᠨ᠎ᠤ ᠡᠴᠦᠰ ᠪᠣᠯᠲᠠᠯ᠎ᠠ᠂ ᠪᠥᠬᠥ ᠣᠷᠣᠨ᠎ᠤ 121 ᠭᠠᠷᠲᠠᠨ ᠭᠦᠢ᠍ᠴᠡᠳᠬᠡᠬᠦ ᠪᠠᠢ᠌ᠭᠤᠯᠤᠮᠵᠢ ᠨᠢᠭᠡᠨᠲᠡ ᠠᠵᠢᠯ᠎ᠤᠨ ᠣᠨ᠎ᠤ ᠮᠥᠩᠭᠥ ᠵᠢᠨ ᠪᠡᠯᠡ ᠣᠷᠣᠭᠤᠯᠤᠯᠲᠠ ᠵᠢᠨ ᠡᠵᠡᠩᠨᠡᠯᠲᠡ ᠵᠢ ᠪᠦᠬᠦᠨ᠎ᠢ ᠪᠡᠶᠡᠯᠡᠭᠦᠯᠵᠦ᠂ ᠨᠠᠢ᠌ᠳᠠ 1232945 ᠬᠤᠪᠢ ᠬᠥᠮᠥᠨ᠎ᠤ ᠲᠠᠩᠰᠠᠨ ᠡᠷᠦᠬᠡ ᠵᠢ ᠪᠠᠢ᠌ᠭᠤᠯᠵᠤ᠂ ᠠᠵᠢᠯ᠎ᠤᠨ ᠣᠨ᠎ᠤ ᠮᠥᠩᠭᠥ ᠵᠢᠨ ᠨᠠᠢ᠌ᠳᠠ 483.44 ᠳ᠋ᠦᠩᠰᠢᠭᠤᠷ ᠲᠥᠭᠥᠷᠢᠭ᠎ᠤᠨ ᠡᠬᠡ ᠮᠥᠩᠭᠥ ᠵᠢ ᠴᠤᠭᠯᠠᠭᠤᠯᠵᠤ᠂ ᠨᠠᠢ᠌ᠳᠠ 14.18 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠭᠰᠠᠨ ᠠᠰᠢᠭ ᠣᠷᠣᠯᠭ᠎ᠠ ᠣᠯᠵᠤ᠂ 2023 ᠣᠨ᠎ᠤ ᠪᠡᠯᠡ ᠣᠷᠣᠭᠤᠯᠤᠭᠰᠠᠨ ᠠᠰᠢᠭ ᠣᠷᠣᠯᠭ᠎ᠠ 5.08 ᠳ᠋ᠦᠩᠰᠢᠭᠤᠷ ᠲᠥᠭᠥᠷᠢᠭ᠎ᠲᠤ ᠬᠦᠷᠴᠦ᠂ ᠨᠠᠢ᠌ᠳᠠ 34.03 ᠳ᠋ᠦᠩᠰᠢᠭᠤᠷ ᠲᠥᠭᠥᠷᠢᠭ᠎ᠢ ᠵᠣᠯᠢᠵᠤ ᠠᠪᠴᠤ᠂ 24.78 ᠲᠦᠮᠡᠨ ᠬᠥᠮᠥᠨ᠎ᠤ ᠮᠥᠩᠭᠥ ᠣᠯᠭᠣᠮᠵᠢ ᠵᠢ ᠥᠭᠪᠡ᠃
ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠎ᠤ ᠠᠵᠢᠯ᠎ᠤᠨ ᠣᠨ᠎ᠤ ᠮᠥᠩᠭᠥ ᠵᠢᠨ ᠬᠤᠪᠢ ᠬᠥᠮᠥᠨ᠎ᠤ ᠡᠷᠬᠡ ᠠᠰᠢᠭ᠎ᠤᠨ ᠮᠡᠳᠡᠭᠡ ᠵᠠᠩᠭᠢ ᠵᠢ 《ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ》 ᠵᠢᠨ APP᠎ᠳᠤ ᠭᠠᠷᠴᠤ ᠯᠠᠪᠯᠠᠭ᠋ᠠᠷᠠᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ
2024 ᠣᠨ᠎ᠤ 4 ᠰᠠᠷ᠎ᠠ ᠵᠢᠨ 2᠎ᠤᠨ ᠡᠳᠦᠷ