ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠴᠢ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠤ ᠬᠡᠷᠡᠭᠴᠡᠭᠡ ᠵᠢᠨ ᠭᠠᠷᠴᠠᠭ》᠎ᠢ ᠨᠡᠢ᠌ᠲᠡᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2024-04-22

      ᠳᠡᠭᠡᠳᠦ ᠲᠠᠰ᠎ᠤᠨ ᠴᠢᠳᠠᠪᠤᠷᠢᠲᠠᠨ᠎ᠢ ᠴᠤᠭᠯᠠᠭᠤᠯᠵᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠎ᠠ
      — ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠴᠢ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠤ ᠬᠡᠷᠡᠭᠴᠡᠭᠡ ᠵᠢᠨ ᠭᠠᠷᠴᠠᠭ》᠎ᠢ ᠴᠤᠭᠯᠠᠭᠤᠯᠵᠤ ᠨᠡᠢ᠌ᠲᠡᠯᠡᠪᠡ
      ᠶᠡᠷᠦᠩᠬᠡᠢ ᠱᠦᠵᠢ ᠰᠢ ᠵᠢᠨ ᠫᠢᠩ᠎ᠤᠨ 《ᠴᠢᠨᠠᠷ ᠰᠠᠢ᠌ᠲᠠᠢ ᠬᠥᠭᠵᠢᠯᠲᠡ ᠭᠡᠬᠦ ᠡᠨᠡ ᠬᠦ᠌ ᠲᠡᠷᠢᠭᠦᠨ ᠴᠢᠬᠤᠯᠠ ᠡᠭᠦᠷᠭᠡ ᠵᠢ ᠪᠠᠲᠤ ᠡᠵᠡᠮᠳᠡᠨ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠬᠡᠷᠡᠭᠲᠡᠶ》 ᠭᠡᠬᠦ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠴᠢᠳᠠᠪᠤᠷᠢᠲᠠᠨ᠎ᠤ ᠣᠷᠣᠨ ᠪᠦᠰᠡ ᠵᠢᠨ ᠵᠣᠬᠢᠰᠲᠠᠢ ᠪᠠᠢ᠌ᠷᠢᠰᠢᠭᠤᠯᠤᠯᠲᠠ᠂ ᠵᠣᠬᠢᠴᠠᠩᠭᠤᠢ ᠬᠥᠭᠵᠢᠯᠲᠡ ᠵᠢ ᠠᠬᠢᠭᠤᠯᠵᠤ᠂ ᠴᠢᠳᠠᠪᠤᠷᠢᠲᠠᠨ᠎ᠤ ᠠᠮᠢᠵᠢᠷᠠᠯ᠎ᠤᠨ ᠬᠦᠴᠦᠨ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠬᠥᠭᠵᠢᠭᠡᠵᠦ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠲᠠᠢ ᠲᠣᠬᠢᠷᠠᠯᠴᠠᠭᠰᠠᠨ ᠴᠢᠳᠠᠪᠤᠷᠢᠲᠠᠨ᠎ᠤ ᠡᠩᠨᠡᠭᠡ ᠵᠢ ᠦᠳᠲᠡᠷ ᠲᠦᠷᠭᠡᠨ ᠪᠦᠷᠢᠯᠳᠦᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ 《ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ》᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠡᠷᠡᠰ ᠭᠤᠶ᠋ᠢᠪᠢᠰᠢ ᠦᠭᠡᠢ᠎ᠪᠠᠷ ᠵᠠᠮᠨᠠᠬᠤ ᠶᠡᠷᠦᠩᠬᠡᠢ ᠱᠠᠭ᠋ᠠᠷᠳᠠᠯᠭ᠎ᠠ᠎ᠲᠠᠢ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠴᠢ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠤ ᠬᠡᠷᠡᠭᠴᠡᠭᠡ ᠵᠢᠨ ᠭᠠᠷᠴᠠᠭ》᠎ᠢ ᠴᠤᠭᠯᠠᠭᠤᠯᠵᠤ ᠨᠠᠢ᠌ᠷᠠᠭᠤᠯᠵᠤ᠂ ᠥᠪᠥᠷ ᠮᠣᠩᠭᠣᠯ᠎ᠤᠨ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠪᠠᠴᠢᠮ ᠬᠡᠷᠡᠭᠴᠡᠭᠡ᠎ᠲᠠᠢ ᠲᠤᠲᠠᠭᠳᠠᠵᠤ ᠪᠠᠢ᠌ᠭ᠎ᠠ ᠴᠢᠳᠠᠪᠤᠷᠢᠲᠠᠨ᠎ᠤ ᠬᠡᠷᠡᠭᠴᠡᠭᠡ ᠵᠢ ᠪᠥᠬᠥ ᠲᠠᠯ᠎ᠠ᠎ᠪᠠᠷ ᠡᠵᠡᠮᠰᠢᠨ᠂ ᠣᠨᠣᠪᠴᠢᠲᠠᠢ ᠵᠠᠳᠠᠯᠵᠤ᠂ ᠳᠡᠭᠡᠳᠦ ᠲᠠᠰ᠎ᠤᠨ ᠴᠢᠳᠠᠪᠤᠷᠢᠲᠠᠨ ᠬᠢᠭᠡᠳ ᠬᠥᠮᠥᠨ ᠬᠡᠷᠡᠭᠯᠡᠬᠦ ᠨᠢᠭᠡᠴᠢ ᠵᠢᠨ ᠬᠣᠭᠣᠷᠣᠨᠳᠤ ᠥᠨᠳᠥᠷ ᠪᠦᠲᠦᠮᠵᠢᠲᠡᠢ ᠳᠥᠭᠥᠮ ᠲᠦᠷᠭᠡᠨ ᠰᠣᠯᠢᠯᠴᠠᠭ᠋ᠠᠨ᠎ᠤ ᠲᠠᠪᠴᠠᠩ᠎ᠢ ᠪᠠᠢ᠌ᠭᠤᠯᠵᠤ᠂ ᠨᠢᠭᠡ ᠪᠦᠯᠦᠭ ᠠᠵᠤ ᠦᠢ᠍ᠯᠡᠰ᠎ᠢ ᠬᠥᠭᠵᠢᠭᠦᠯᠬᠦ ᠲᠡᠷᠢᠭᠦᠨ᠎ᠤ ᠮᠡᠷᠭᠡᠵᠢᠯ᠎ᠢ ᠡᠵᠡᠮᠰᠢᠭᠰᠡᠨ᠂ ᠰᠢᠨ᠎ᠡ ᠵᠢ ᠡᠭᠦᠳᠬᠦ ᠴᠢᠳᠠᠪᠤᠷᠢ᠎ᠲᠠᠢ ᠳᠡᠭᠡᠳᠦ ᠲᠠᠰ᠎ᠤᠨ ᠴᠢᠳᠠᠪᠤᠷᠢᠲᠠᠨ᠎ᠢ ᠴᠤᠭᠯᠠᠭᠤᠯᠤᠨ᠂ ᠮᠠᠨ᠎ᠤ ᠣᠷᠣᠨ᠎ᠤ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠵᠢᠨ ᠴᠢᠨᠠᠷ ᠰᠠᠢ᠌ᠲᠠᠢ ᠬᠥᠭᠵᠢᠯᠲᠡ᠎ᠳᠤ ᠬᠦᠴᠦᠨ ᠨᠡᠮᠡᠷᠢᠯᠡᠬᠦ᠎ᠪᠠᠷ ᠵᠣᠷᠢᠯᠭ᠎ᠠ᠎ᠪᠠᠨ ᠪᠣᠯᠭ᠋ᠠᠭᠰᠠᠨ ᠪᠠᠢ᠌ᠨ᠎ᠠ᠃
      ᠲᠤᠰ ᠤᠳᠠᠭ᠎ᠠ ᠵᠢᠨ 《ᠭᠠᠷᠴᠠᠭ》᠎ᠨᠢ ᠭᠣᠣᠯᠳᠠᠭᠤ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ  ᠰᠦ ᠵᠢᠨ ᠦᠢ᠍ᠯᠡᠰ᠂ ᠠᠯᠠᠰᠢᠨ ᠦᠬᠡᠷ᠂ ᠠᠯᠠᠰᠢᠨ ᠬᠣᠨᠢ᠂ ᠡᠷᠳᠡᠨᠢ ᠰᠢᠰᠢ᠂ ᠢᠮᠠᠭ᠋ᠠᠨ ᠨᠣᠣᠯᠣᠭᠤᠷ᠂ ᠲᠥᠮᠥᠰᠥ᠂ ᠡᠪᠡᠰᠦᠨ᠎ᠤ ᠦᠢ᠍ᠯᠡᠰ᠂ ᠰᠢᠨ᠎ᠡ ᠡᠨᠧᠷᠭᠢ ᠵᠢᠨ ᠮᠠᠰᠢᠨ ᠲᠡᠷᠭᠡ᠂ ᠥᠩᠭᠡᠲᠦ ᠲᠡᠮᠦᠷᠯᠢᠭ᠂ ᠬᠣᠪᠣᠷ ᠰᠢᠷᠣᠢ᠂ ᠠᠮᠢᠳᠤ ᠪᠣᠳᠠᠰ᠎ᠤᠨ ᠡᠮ ᠦᠢ᠍ᠯᠡᠳᠬᠦ᠂ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ᠂ ᠰᠠᠯᠬᠢᠨ ᠬᠦᠴᠦᠨ᠎ᠤ ᠴᠠᠬᠢᠯᠭ᠋ᠠᠨ᠎ᠤ ᠲᠣᠨᠣᠭᠯᠠᠯ᠂ ᠭᠡᠷᠡᠯ ᠴᠡᠨᠡᠭ᠎ᠤᠨ ᠲᠣᠨᠣᠭᠯᠠᠯ᠂ ᠡᠨᠧᠷᠭᠢ ᠬᠠᠳᠠᠭ᠋ᠠᠯᠠᠬᠤ᠂ ᠤᠰᠤᠲᠥ᠋ᠷᠥᠭᠴᠢ ᠡᠨᠧᠷᠭᠢ ᠵᠡᠷᠭᠡ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ 16 ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ᠂ ᠬᠡᠯᠬᠢᠶ᠎ᠡ ᠵᠢ ᠨᠥᠬᠥᠪᠦᠷᠢᠯᠡᠬᠦ᠂ ᠬᠡᠯᠬᠢᠶ᠎ᠡ ᠵᠢ ᠬᠦᠴᠦᠷᠬᠡᠭᠵᠢᠭᠦᠯᠬᠦ ᠬᠥᠭᠵᠢᠯᠲᠡ᠎ᠳᠤ ᠬᠡᠷᠡᠭᠰᠡᠬᠦ ᠴᠢᠳᠠᠪᠤᠷᠢᠲᠠᠨ ᠵᠢᠴᠢ ᠣᠨᠴᠠᠭ᠋ᠠᠢ ᠠᠵᠢᠯ ᠲᠥᠷᠥᠯ ᠣᠨᠴᠠᠭ᠋ᠠᠢ ᠬᠦᠷᠢᠶ᠎ᠡ ᠴᠠᠷᠠᠭ᠎ᠠ ᠵᠢᠨ ᠪᠠᠴᠢᠮ ᠬᠡᠷᠡᠭᠴᠡᠭᠡ᠎ᠲᠠᠢ ᠲᠤᠲᠠᠭᠳᠠᠵᠤ ᠪᠠᠢ᠌ᠭ᠎ᠠ ᠴᠢᠳᠠᠪᠤᠷᠢᠲᠠᠨ᠎ᠤ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠡᠯ᠎ᠡ ᠠᠶ᠋ᠢᠮᠠᠭ ᠬᠣᠲᠠ ᠵᠢᠨ ᠠᠵᠢᠯ ᠦᠢ᠍ᠯᠡᠰ᠎ᠤᠨ ᠨᠢᠭᠡᠴᠢ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠤᠯᠤᠰ᠎ᠤᠨ ᠥᠮᠴᠢᠯᠡᠯ᠎ᠤᠨ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠳᠤ ᠬᠠᠨᠳᠤᠭᠤᠯᠤᠨ ᠳᠡᠭᠡᠳᠦ ᠲᠠᠰ᠎ᠤᠨ ᠴᠢᠳᠠᠪᠤᠷᠢᠲᠠᠨ᠎ᠤ ᠬᠡᠷᠡᠭᠴᠡᠭᠡ ᠵᠢᠨ ᠮᠡᠳᠡᠭᠡ ᠵᠠᠩᠭᠢ ᠵᠢ ᠴᠤᠭᠯᠠᠭᠤᠯᠬᠤ ᠠᠵᠢᠯ᠎ᠢ ᠥᠷᠨᠢᠭᠦᠯᠪᠡ᠃ ᠴᠤᠭᠯᠠᠭᠤᠯᠵᠤ ᠡᠮᠬᠢᠳᠬᠡᠬᠦ᠎ᠪᠠᠷ ᠳᠠᠮᠵᠢᠭᠤᠯᠤᠨ᠂ ᠨᠠᠢ᠌ᠳᠠ 224 ᠨᠢᠭᠡᠴᠢ ᠵᠢᠨ 920 ᠪᠠᠴᠢᠮ ᠬᠡᠷᠡᠭᠴᠡᠭᠡ᠎ᠲᠠᠢ ᠲᠤᠲᠠᠭᠳᠠᠵᠤ ᠪᠠᠢ᠌ᠭ᠎ᠠ ᠠᠵᠢᠯ᠎ᠤᠨ ᠪᠠᠶ᠋ᠢᠷᠢ ᠵᠢ ᠲᠣᠳᠣᠯᠠᠨ ᠲᠣᠭᠲᠠᠭ᠋ᠠᠵᠤ᠂ ᠳᠡᠭᠡᠳᠦ ᠲᠡᠰ᠎ᠤᠨ ᠴᠢᠳᠠᠪᠤᠷᠢᠲᠠᠨ᠎ᠤ ᠬᠡᠷᠡᠭᠴᠡᠭᠡ ᠵᠢᠨ ᠶᠡᠷᠦᠩᠬᠡᠢ ᠬᠡᠮᠵᠢᠶ᠎ᠡ 3602 ᠬᠥᠮᠥᠨ᠎ᠳᠤ ᠬᠦᠷᠴᠡᠢ᠃ ᠡᠭᠦᠨ᠎ᠳᠤ᠂ 16 ᠵᠤᠷᠪᠤᠰ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ᠎ᠳᠤ ᠬᠡᠷᠡᠭᠰᠡᠬᠦ ᠬᠥᠮᠥᠨ᠎ᠤ ᠲᠣᠭ᠎ᠠ ᠨᠠᠢ᠌ᠳᠠ 1703 ᠪᠠᠢ᠌ᠵᠤ᠂ ᠬᠡᠷᠡᠭᠰᠡᠬᠦ ᠪᠥᠬᠥ ᠬᠥᠮᠥᠨ᠎ᠤ ᠲᠣᠭ᠋ᠠᠨ᠎ᠤ 47.28% ᠵᠢ ᠡᠵᠡᠯᠡᠪᠡ᠃ ᠴᠢᠳᠠᠪᠤᠷᠢᠲᠠᠨ ᠲᠤᠲᠠᠭᠳᠠᠵᠤ ᠪᠠᠢ᠌ᠭ᠎ᠠ ᠡᠮᠦᠨ᠎ᠡ ᠭᠤᠷᠪᠠ᠎ᠳᠤ ᠵᠢᠭᠰᠠᠭ᠋ᠠᠭᠳᠠᠭᠰᠠᠨ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠪᠣᠯ ᠭᠡᠷᠡᠯ ᠴᠡᠨᠡᠭ᠎ᠤᠨ ᠲᠣᠨᠣᠭᠯᠠᠯ᠎ᠤᠨ ᠠᠵᠤ ᠦᠢ᠍ᠯᠡᠰ᠎ᠤᠨ ᠬᠡᠯᠬᠢᠶ᠎ᠡ᠂ ᠰᠦ ᠵᠢᠨ ᠦᠢ᠍ᠯᠡᠰ᠎ᠤᠨ ᠠᠵᠤ ᠦᠢ᠍ᠯᠡᠰ᠎ᠤᠨ ᠬᠡᠯᠬᠢᠶ᠎ᠡ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠠᠵᠤ ᠦᠢ᠍ᠯᠡᠰ᠎ᠤᠨ ᠬᠡᠯᠬᠢᠶ᠎ᠡ ᠪᠣᠯᠣᠨ᠎ᠠ᠂ ᠬᠡᠷᠡᠭᠰᠡᠬᠦ ᠬᠥᠮᠥᠨ᠎ᠤ ᠲᠣᠭ᠎ᠠ᠎ᠨᠢ ᠲᠣᠰ ᠲᠣᠰ 404᠂ 295᠂ 206 ᠪᠠᠢ᠌ᠵᠤ᠂ ᠨᠠᠢ᠌ᠳᠠ 905 ᠬᠥᠮᠥᠨ ᠪᠠᠢ᠌ᠵᠤ᠂ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ᠎ᠳᠤ ᠬᠡᠷᠡᠭᠰᠡᠬᠦ ᠴᠢᠳᠠᠪᠤᠷᠢᠲᠠᠨ᠎ᠤ ᠪᠥᠬᠥ ᠲᠣᠭ᠋ᠠᠨ᠎ᠤ 53.14% ᠵᠢ ᠡᠵᠡᠯᠡᠨ᠎ᠡ᠃ ᠴᠢᠳᠠᠪᠤᠷᠢᠲᠠᠨ᠎ᠤ ᠬᠡᠷᠡᠭᠴᠡᠭᠡ ᠵᠢᠨ ᠤᠳᠤᠷᠢᠳᠤᠮᠵᠢ᠎ᠪᠠᠷ ᠳᠡᠮᠵᠢᠨ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠴᠢᠭᠯᠡᠯ᠎ᠨᠢ ᠭᠣᠣᠯᠳᠠᠭᠤ ᠪᠠᠢ᠌ᠯᠳᠤᠬᠤ ᠪᠣᠳᠣᠯᠭ᠎ᠠ ᠵᠢᠨ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ ᠬᠢᠭᠡᠳ ᠤᠯᠠᠮᠵᠢᠯᠠᠯᠲᠤ ᠳᠠᠪᠠᠭᠤᠯᠢᠭ ᠣᠨᠴᠠᠯᠢᠭᠲᠤ ᠠᠵᠤ ᠦᠢ᠍ᠯᠡᠰ ᠪᠣᠯᠬᠤ ᠵᠢ ᠣᠯᠵᠤ ᠬᠠᠷᠠᠵᠤ ᠪᠣᠯᠣᠨ᠎ᠠ᠃
      ᠲᠣᠰ ᠤᠳᠠᠭ᠋ᠠᠨ᠎ᠤ ᠬᠤᠷᠢᠶᠠᠩᠭᠤᠢ᠌ᠯᠠᠨ ᠨᠠᠢ᠌ᠷᠠᠭᠤᠯᠤᠭᠰᠠᠨ 《ᠭᠠᠷᠴᠠᠭ》᠎ᠨᠢ ᠨᠢᠭᠡ ᠲᠠᠯ᠎ᠠ᠎ᠪᠠᠷ ᠤᠳᠤᠷᠢᠳᠤᠮᠵᠢ ᠵᠢᠨ ᠴᠢᠨᠠᠷ᠎ᠢ ᠳᠣᠪᠣᠶ᠋ᠢᠯᠭ᠋ᠠᠵᠠᠶ᠃ ᠴᠢᠳᠠᠪᠤᠷᠢᠲᠠᠨ᠎ᠤ ᠬᠡᠷᠡᠭᠴᠡᠭᠡ ᠵᠢ ᠴᠤᠭᠯᠠᠭᠤᠯᠬᠤ᠎ᠳᠤ 《ᠳᠡᠭᠡᠳᠦ ᠲᠡᠰ᠎ᠤᠨ ᠰᠣᠳᠣᠨ ᠣᠷᠣᠢ᠌ᠯᠠᠭᠴᠢ ᠳᠤᠲᠠᠭᠳᠠᠵᠤ ᠪᠠᠶ᠋ᠢᠬᠤ》᠎ᠪᠠᠷ ᠤᠳᠤᠷᠢᠳᠤᠮᠵᠢ ᠪᠣᠯᠭ᠋ᠠᠵᠤ᠂ ᠴᠥᠮ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠭᠣᠣᠯᠳᠠᠯᠭ᠎ᠠ᠎ᠲᠠᠢ ᠠᠵᠢᠯ ᠲᠥᠷᠥᠯ᠎ᠤᠨ ᠬᠥᠭᠵᠢᠯᠲᠡ᠎ᠳᠤ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢ᠌ᠭ᠎ᠠ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠪᠣᠯᠣᠨ᠎ᠠ᠃ ᠨᠥᠭᠥᠭᠡ ᠲᠠᠯ᠎ᠠ᠎ᠪᠠᠷ ᠣᠨᠣᠪᠴᠢ ᠵᠢᠨ ᠬᠡᠮᠵᠢᠶ᠎ᠡ ᠵᠢ ᠢᠯᠡᠷᠡᠭᠦᠯᠵᠡᠢ᠃ ᠡᠯ᠎ᠡ ᠠᠵᠢᠯ᠎ᠤᠨ ᠪᠠᠶ᠋ᠢᠷᠢ᠎ᠨᠢ ᠴᠥᠮ ᠴᠠᠯᠢᠩ ᠣᠯᠭᠣᠮᠵᠢ ᠪᠠ ᠪᠣᠳᠠᠲᠠᠢ ᠵᠣᠯᠭ᠋ᠠᠭᠤᠯᠬᠤ ᠬᠥᠮᠥᠰ᠎ᠢ ᠨᠠᠢ᠌ᠳᠠᠪᠤᠷᠢᠵᠢᠭᠤᠯᠵᠤ᠂ ᠡᠯ᠎ᠡ ᠲᠥᠷᠥᠯ᠎ᠤᠨ ᠴᠢᠳᠠᠪᠤᠷᠢᠲᠠᠨ᠎ᠤ ᠥᠪᠥᠷ ᠮᠣᠩᠭᠣᠯ᠎ᠳᠤ ᠢᠷᠠᠵᠤ ᠰᠢᠨ᠎ᠡ ᠵᠢ ᠡᠭᠦᠳᠦᠨ ᠦᠢ᠍ᠯᠡᠰ ᠪᠣᠰᠬᠠᠬᠤ᠎ᠳᠤ ᠮᠡᠳᠡᠭᠡ ᠵᠠᠩᠭᠢ ᠵᠢᠨ ᠦᠢ᠍ᠯᠡᠴᠢᠯᠡᠭᠡ ᠬᠠᠩᠭ᠋ᠠᠪᠠ᠃
      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠴᠢ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠤ ᠬᠡᠷᠡᠭᠴᠡᠭᠡ ᠵᠢᠨ ᠭᠠᠷᠴᠠᠭ》᠎ᠢ 2024 ᠣᠨ᠎ᠤ 4 ᠰᠠᠷ᠎ᠠ ᠵᠢᠨ 1᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢ᠌ᠭᠤᠯᠬᠤ ᠬᠡᠯᠲᠡᠰ᠎ᠤᠨ 《ᠤᠮᠠᠷᠠᠲᠤ ᠬᠢᠯᠢ ᠵᠢᠨ ᠬᠣᠰᠢᠭᠤᠴᠢ》 ᠸᠢᠴᠠᠲ ᠨᠠᠢ᠌ᠳᠠ ᠵᠢᠨ ᠲᠠᠪᠴᠠᠩ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠯᠪᠠᠨ ᠰᠦᠯᠵᠢᠶ᠎ᠡ᠂ ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠸᠢᠴᠠᠲ ᠨᠠᠢ᠌ᠳᠠ ᠵᠢᠨ ᠲᠠᠪᠴᠠᠩ᠂ ᠥᠪᠥᠷ ᠮᠣᠩᠭᠣᠯ᠎ᠤᠨ ᠴᠢᠳᠠᠪᠤᠷᠢᠲᠠᠨ᠎ᠤ ᠰᠦᠯᠵᠢᠶ᠎ᠡ ᠳᠡᠭᠡᠷ᠎ᠡ ᠨᠢᠭᠡ ᠯᠡ ᠴᠠᠭ᠎ᠲᠤ ᠨᠡᠢ᠌ᠲᠡᠯᠡᠪᠡ᠃

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠰᠠᠭᠤᠷᠢᠨ᠎ᠤ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ ᠪᠠ ᠤᠷ᠎ᠠ ᠮᠡᠷᠭᠡᠵᠢᠯ᠎ᠤᠨ ᠶᠡᠬᠡ ᠪᠠᠭᠰᠢᠲᠠᠨ᠎ᠤ ᠠᠵᠢᠯᠯᠠᠬᠤ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ ᠰᠣᠩᠭᠣᠭᠳᠠᠬᠤ᠎ᠪᠠᠷ ᠪᠠᠢ᠌ᠭ᠎ᠠ ᠨᠢᠭᠡᠴᠢ ᠵᠢ ᠢᠯᠡ ᠨᠡᠢ᠌ᠲᠡᠯᠡᠬᠦ ᠲᠤᠬᠠᠢ ᠠᠯᠪᠠᠨ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠲᠠᠳ ᠡᠮᠨᠡᠯᠭᠡ ᠵᠢᠨ ᠬᠣᠷᠢᠶ᠎ᠠ ᠵᠢᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
ᠥᠪᠥᠷ ᠮᠣᠩᠭᠣᠯ᠎ᠤᠨ ᠠᠷᠠᠯᠵᠢᠶ᠎ᠠ ᠬᠤᠳᠠᠯᠳᠤᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠎ᠤᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠢ ᠵᠢᠨ ᠶᠡᠬᠡ ᠰᠤᠷᠭ᠋ᠠᠭᠤᠯᠢ ᠵᠢᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷᠯᠠᠯ
 
            