《ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠢ᠌ᠴᠠᠭ᠋ᠠᠯᠲᠠ ᠵᠢᠨ ᠭᠣᠮᠣᠳᠠᠯ ᠲᠣᠭ᠋ᠠᠴᠢᠯᠲᠠ ᠵᠢ ᠳᠠᠩᠰᠠᠯᠠᠬᠤ ᠪᠠ ᠲᠣᠭ᠎ᠠ ᠪᠠᠷᠢᠮᠲᠠ ᠵᠢ ᠢᠯᠡ ᠪᠣᠯᠭ᠋ᠠᠬᠤ ᠵᠡᠷᠭᠡ ᠬᠣᠯᠪᠣᠭᠳᠠᠯ ᠪᠦᠬᠦᠢ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠢ ᠮᠡᠳᠡᠭᠳᠡᠯ》 (ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠯᠲᠠ ᠪᠠᠢ᠌ᠴᠠᠭ᠋ᠠᠯᠲᠠ ᠵᠢᠨ ᠲᠣᠪᠴᠢᠶ᠎ᠠ ᠵᠢᠨ ᠵᠠᠬᠢᠳᠠᠯ [2023] 102 ᠳ᠋ᠤᠭ᠋ᠠᠷ ᠲᠣᠭ᠋ᠠᠲᠤ)᠎ᠢ ᠦᠨᠳᠦᠰᠦᠯᠡᠨ᠂ ᠡᠳᠦᠭᠡ ᠥᠪᠡᠷᠲᠡᠭᠡᠨ ᠵᠠᠰᠠᠬᠤ ᠣᠷᠣᠨ᠎ᠤ 2023 ᠣᠨ᠎ᠤ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠢ᠌ᠴᠠᠭ᠋ᠠᠯᠲᠠ ᠵᠢᠨ ᠲᠣᠭ᠎ᠠ ᠪᠠᠷᠢᠮᠲᠠ ᠵᠢ ᠳᠣᠣᠷᠠᠬᠢ ᠮᠡᠲᠦ ᠨᠡᠢ᠌ᠲᠡᠯᠡᠶ᠎ᠡ᠄
2023 ᠣᠨ᠎ᠳᠤ ᠪᠥᠬᠥ ᠣᠷᠣᠨ᠎ᠤ ᠬᠥᠳᠡᠯᠮᠦᠷᠢ ᠵᠢᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠰᠠᠨᠠᠭ᠋ᠠᠴᠢᠯᠠᠭ᠎ᠠ᠎ᠠᠴᠠ᠎ᠪᠠᠨ ᠨᠠᠢ᠌ᠳᠠ 10260 ᠬᠥᠮᠥᠨ ᠬᠡᠷᠡᠭᠯᠡᠬᠦ ᠨᠢᠭᠡᠴᠢ ᠵᠢ ᠪᠠᠢ᠌ᠴᠠᠭ᠋ᠠᠪᠠ᠂ ᠡᠭᠦᠨ᠎ᠳᠤ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ᠂ ᠵᠢᠭ᠋ᠠᠰᠤᠨ᠎ᠤ ᠦᠢ᠍ᠯᠡᠰ᠎ᠲᠤ ᠬᠣᠯᠪᠣᠭᠳᠠᠬᠤ ᠨᠢᠭᠡᠴᠢ 121 ᠡᠷᠦᠬᠡ ᠪᠤᠢ; ᠦᠢ᠍ᠯᠡᠳᠬᠦ ᠦᠢ᠍ᠯᠡᠰ 1438 ᠡᠷᠦᠬᠡ; ᠪᠠᠷᠢᠯᠭ᠎ᠠ ᠵᠢᠨ ᠦᠢ᠍ᠯᠡᠰ 2045 ᠡᠷᠦᠬᠡ; ᠪᠥᠭᠡᠮ ᠵᠶ᠋ᠡᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ 739 ᠡᠷᠦᠬᠡ; ᠵᠠᠮ ᠬᠠᠷᠢᠯᠴᠠᠭ᠎ᠠ ᠲᠡᠭᠡᠭᠡᠪᠦᠷᠢ᠂ ᠰᠠᠩ ᠬᠥᠮᠥᠷᠭᠡ ᠪᠠ ᠰᠢᠤᠳᠠᠨ᠎ᠤ ᠦᠢ᠍ᠯᠡᠰ᠎ᠤᠨ 232 ᠡᠷᠦᠬᠡ; ᠬᠣᠨᠣᠭ ᠪᠠᠭᠤᠳᠠᠯ ᠪᠠ ᠢᠳᠡᠭᠡᠨ ᠤᠮᠳᠠᠭ᠋ᠠᠨ᠎ᠤ ᠦᠢ᠍ᠯᠡᠰ 1486 ᠡᠷᠦᠬᠡ; ᠮᠡᠳᠡᠭᠡ ᠵᠠᠩᠭᠢ ᠵᠢᠨ ᠳᠠᠮᠵᠢᠭᠤᠯᠭ᠎ᠠ᠂ ᠺᠣᠮᠫᠢᠦ᠋ᠲ᠋ᠧᠷ᠎ᠤᠨ ᠦᠢ᠍ᠯᠡᠴᠢᠯᠡᠭᠡ ᠪᠠ ᠵᠥᠭᠡᠯᠡᠨ ᠲᠣᠨᠣᠭ᠎ᠤᠨ ᠦᠢ᠍ᠯᠡᠰ 53 ᠡᠷᠦᠬᠡ; ᠮᠥᠩᠭᠥᠨ ᠭᠦᠢ᠍ᠯᠭᠡᠭᠡᠨ᠎ᠤ ᠦᠢ᠍ᠯᠡᠰ 94 ᠡᠷᠦᠬᠡ; ᠭᠡᠷ ᠭᠠᠵᠠᠷ᠎ᠤᠨ ᠬᠥᠷᠥᠩᠭᠡ ᠵᠢᠨ ᠦᠢ᠍ᠯᠡᠰ 147 ᠡᠷᠦᠬᠡ; ᠰᠠᠭᠤᠭ᠋ᠠᠯᠢ ᠠᠷᠠᠳ᠎ᠤᠨ ᠦᠢ᠍ᠯᠡᠴᠢᠯᠡᠭᠡ᠂ ᠰᠡᠯᠪᠢᠨ ᠵᠠᠰᠠᠬᠤ ᠪᠠ ᠪᠤᠰᠤᠳ ᠦᠢ᠍ᠯᠡᠴᠢᠯᠡᠭᠡᠨ᠎ᠤ ᠦᠢ᠍ᠯᠡᠰ 754 ᠡᠷᠦᠬᠡ; ᠰᠣᠶᠣᠯ᠂ ᠪᠡᠶ᠎ᠡ ᠵᠢᠨ ᠲᠠᠮᠢᠷ ᠪᠠ ᠵᠤᠭ᠎ᠠ ᠴᠡᠩᠭᠡᠯ᠎ᠤᠨ ᠦᠢ᠍ᠯᠡᠰ 182 ᠡᠷᠦᠬᠡ; ᠪᠤᠰᠤᠳ ᠠᠵᠢᠯ ᠲᠥᠷᠥᠯ᠎ᠳᠤ ᠬᠣᠯᠪᠣᠭᠳᠠᠭᠰᠠᠨ ᠬᠥᠮᠥᠨ ᠬᠡᠷᠡᠭᠯᠡᠬᠦ ᠨᠢᠭᠡᠴᠢ 2969 ᠪᠣᠯᠣᠨ᠎ᠠ᠃
2023 ᠣᠨ᠎ᠳᠤ ᠪᠥᠬᠥ ᠣᠷᠣᠨ᠎ᠤ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠢ᠌ᠴᠠᠭ᠋ᠠᠯᠲᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠨᠠᠢ᠌ᠳᠠ 13373 ᠭᠣᠮᠣᠳᠠᠯ ᠲᠣᠭ᠋ᠠᠴᠢᠯᠲᠠ ᠵᠢᠨ ᠬᠡᠷᠡᠭ᠎ᠢ ᠭᠥᠯᠢᠶᠡᠨ ᠠᠪᠴᠤ ᠰᠢᠢ᠍ᠳᠪᠦᠷᠢᠯᠡᠵᠡᠢ᠂ ᠡᠭᠦᠨ᠎ᠳᠤ 73421 ᠬᠥᠳᠡᠯᠮᠦᠷᠢᠴᠢᠨ᠎ᠳᠤ ᠬᠣᠯᠪᠣᠭᠳᠠᠵᠠᠢ᠂ ᠡᠭᠦᠨ᠎ᠳᠤ ᠡᠷᠡᠭᠲᠡᠢ ᠬᠥᠳᠡᠯᠮᠦᠷᠢᠴᠢᠨ 66657 ᠬᠥᠮᠥᠨ᠂ ᠡᠮᠡᠭᠲᠡᠢ ᠬᠥᠳᠡᠯᠮᠦᠷᠢᠴᠢᠨ 6764 ᠬᠥᠮᠥᠨ ᠪᠤᠢ᠃ 354 ᠬᠡᠷᠡᠭ᠎ᠢ ᠬᠡᠷᠡᠭ ᠪᠣᠯᠭ᠋ᠠᠨ ᠲᠠᠨᠭ᠌ᠰᠠᠯᠠᠵᠤ ᠰᠢᠢ᠍ᠳᠪᠦᠷᠢᠯᠡᠨ ᠳᠠᠭᠤᠰᠬᠠᠵᠤ᠂ ᠪᠤᠰᠤᠳ ᠭᠣᠮᠣᠳᠠᠯ ᠲᠣᠭ᠋ᠠᠴᠢᠯᠲᠠ ᠵᠢᠨ ᠬᠡᠷᠡᠭ᠎ᠢ ᠴᠥᠮ ᠵᠣᠬᠢᠴᠠᠭᠤᠯᠤᠨ ᠰᠢᠢ᠍ᠳᠪᠦᠷᠢᠯᠡᠪᠡ᠃ ᠢᠲᠡᠭᠡᠯ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ ᠲᠣᠭᠲᠠᠴᠠ ᠵᠢ ᠴᠢᠩᠭ᠎ᠠ ᠨᠠᠢ᠌ᠳᠠᠪᠤᠷᠢᠵᠢᠭᠤᠯᠵᠤ᠂ 36 ᠠᠵᠤ ᠠᠬᠤᠢ᠌ᠯᠠᠯ᠎ᠢ 《ᠢᠲᠡᠭᠡᠯ ᠠᠯᠳᠠᠭᠰᠠᠳ᠎ᠢ ᠬᠣᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠨᠡᠷᠡᠰ》᠎ᠲᠤ ᠵᠢᠭᠰᠠᠭ᠋ᠠᠨ ᠣᠷᠣᠭᠤᠯᠪᠠ᠃
ᠲᠠᠷᠠᠭ᠋ᠠᠴᠢ ᠵᠢᠨ ᠠᠯᠬᠤᠮ᠎ᠳᠤ᠂ ᠡᠯ᠎ᠡ ᠭᠠᠵᠠᠷ ᠣᠷᠣᠨ᠎ᠤ᠎ᠬᠢᠨ 《ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠤᠨ ᠪᠥᠬᠥ ᠬᠦᠷᠢᠶ᠎ᠡ ᠴᠠᠷᠠᠭ᠎ᠠ᠂ ᠬᠥᠳᠡᠯᠮᠦᠷᠢ ᠬᠦᠴᠦᠨ ᠬᠡᠷᠡᠭᠯᠡᠬᠦ ᠪᠥᠬᠥ ᠬᠡᠯᠬᠢᠶ᠎ᠡ》 ᠵᠢᠨ ᠬᠥᠳᠡᠯᠮᠦᠷᠢ ᠵᠢᠨ ᠬᠢᠨᠠᠨ ᠪᠠᠢ᠌ᠴᠠᠭ᠋ᠠᠯᠲᠠ ᠵᠢᠨ ᠬᠠᠤᠯᠢ ᠬᠡᠷᠡᠭᠵᠢᠭᠦᠯᠬᠦ ᠲᠤᠰᠬᠠᠢ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠲᠥᠷᠥᠯ᠎ᠤᠨ ᠠᠵᠤ ᠠᠬᠤᠢ᠌ᠯᠠᠯ᠎ᠤᠨ ᠬᠥᠳᠡᠯᠮᠦᠷᠢ ᠬᠦᠴᠦᠨ ᠬᠡᠷᠡᠭᠯᠡᠬᠦ ᠠᠵᠢᠯᠯᠠᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠤᠨ᠂ ᠢᠲᠡᠭᠡᠯ ᠠᠯᠳᠠᠭᠰᠠᠳ᠎ᠢ ᠨᠡᠢ᠌ᠲᠡᠯᠡᠬᠦ ᠪᠠ ᠵᠠᠯᠬᠠᠭ᠋ᠠᠨ ᠴᠡᠭᠡᠷᠯᠡᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢ ᠭᠦᠨᠵᠡᠭᠡᠢ ᠥᠷᠨᠢᠭᠦᠯᠵᠦ᠂ ᠬᠠᠤᠯᠢᠵᠢᠯ᠎ᠤᠨ ᠡᠵᠡᠩᠨᠡᠯᠲᠡ ᠵᠢᠨ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠬᠥᠳᠡᠯᠮᠦᠷᠢᠴᠢᠳ᠎ᠤᠨ ᠬᠠᠤᠯᠢ ᠶᠣᠰᠣᠨ᠎ᠤ ᠠᠰᠢᠭ ᠲᠤᠰᠠ ᠵᠢ ᠦᠨᠡᠨ ᠬᠦ᠌ ᠬᠠᠮᠠᠭ᠋ᠠᠯᠠᠨ᠎ᠠ᠃