《 〈 ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠬᠦᠭᠵᠢᠬᠦᠯᠬᠦ 〉 ᠢᠨᠵᠧᠨᠧᠷᠢᠩ᠎ᠦᠨ ᠲᠥᠷᠥ᠎ᠶᠢᠨ ᠪᠣᠳᠣᠯᠭ᠎ᠠ᠎ᠨᠤᠭᠤᠳ᠎ᠢ ᠬᠡᠷᠡᠭᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠰᠠᠨᠠᠯ 》 ( ᠥᠪᠥᠷ ᠨᠠᠮ ᠠᠯᠪᠠᠨ ᠲᠠᠷᠬᠠᠭᠠᠭᠰᠠᠨ [ 2024 ] 18 ᠳ᠋ᠤᠭᠠᠷ ᠲᠣᠭᠠᠲᠤ )᠎ᠤᠨ ᠬᠣᠯᠪᠣᠭᠳᠠᠯ ᠪᠥᠬᠥᠶ ᠱᠠᠭᠠᠷᠳᠠᠯᠭ᠎ᠠ ᠶᠣᠰᠣᠭᠠᠷ᠂ ᠥᠪᠥᠷ ᠮᠣᠩᠭᠣᠯ᠎ᠤᠨ ᠨᠡᠶ᠋ᠢᠭᠡᠮ ᠵᠢᠷᠤᠮ᠎ᠤᠨ ᠳᠡᠭᠡᠳᠦ ᠰᠤᠷᠭᠠᠭᠤᠯᠢ ᠴᠢᠳᠠᠪᠤᠷᠢᠲᠠᠨ ᠡᠯᠰᠡᠬᠦ ᠠᠯᠪᠠᠨ ᠵᠠᠷ ᠨᠡᠶ᠋ᠢᠲᠡᠯᠡᠬᠦ᠂ ᠵᠣᠬᠢᠶᠠᠨ ᠪᠠᠶ᠋ᠢᠭᠤᠯᠵᠤ ᠨᠡᠷ᠎ᠡ ᠮᠡᠳᠡᠭᠦᠯᠵᠦ ᠬᠢᠨᠠᠨ ᠪᠠᠶ᠋ᠢᠴᠠᠭᠠᠬᠤ᠂ ᠲᠤᠰᠬᠠᠶ ᠮᠡᠷᠭᠡᠵᠢᠯᠲᠡᠨ᠎ᠡᠴᠡ ᠦᠨᠡᠯᠡᠨ ᠵᠢᠱ᠌ᠢᠵᠦ ᠮᠠᠭᠠᠳᠯᠠᠨ ᠲᠣᠭᠲᠠᠭᠠᠬᠤ᠂ ᠬᠢᠨᠠᠨ ᠪᠠᠶ᠋ᠢᠴᠠᠭᠠᠬᠤ᠂ ᠪᠡᠶ᠎ᠡ᠎ᠶᠢᠨ ᠪᠠᠶ᠋ᠢᠴᠠᠭᠠᠯᠲᠠ ᠬᠢᠬᠦ ᠵᠡᠷᠭᠡ ᠲᠠᠰ ᠳᠠᠷᠠᠭᠠᠯᠠᠯ᠎ᠢᠶᠠᠷ ᠳᠡᠮᠵᠢᠨ᠂ ᠨᠡᠶ᠋ᠢᠲᠡ 1 ᠬᠥᠮᠦᠨ ᠤᠷᠢᠵᠤ ᠣᠷᠣᠭᠤᠯᠬᠤ᠎ᠪᠠᠷ ᠪᠠᠶ᠋ᠢᠭ᠎ᠠ ᠴᠢᠳᠠᠪᠤᠷᠢᠲᠠᠨ᠎ᠤ ᠬᠡᠪᠴᠢᠶᠡᠨ᠎ᠳᠦ ᠣᠷᠣᠵᠤ᠂ ᠣᠲᠣ᠌ ᠤᠷᠢᠵᠤ ᠣᠷᠣᠭᠤᠯᠬᠤ᠎ᠪᠠᠷ ᠪᠠᠶ᠋ᠢᠭ᠎ᠠ ᠳᠡᠭᠡᠳᠦ ᠲᠠᠰ᠎ᠤᠨ ᠠᠵᠢᠯᠲᠠᠨ ᠵᠢᠴᠢ ᠤᠷᠢᠵᠤ ᠣᠷᠣᠭᠤᠯᠬᠤ᠎ᠪᠠᠷ ᠪᠠᠶ᠋ᠢᠭ᠎ᠠ ᠠᠵᠢᠯ᠎ᠤᠨ ᠪᠠᠶ᠋ᠢᠷᠢ᠎ᠶᠢ ᠢᠯᠡ ᠨᠡᠶ᠋ᠢᠲᠡᠯᠡᠨ᠎ᠡ᠃
ᠨᠢᠭᠡ᠂ ᠢᠯᠡ ᠨᠡᠶ᠋ᠢᠲᠡᠯᠡᠬᠦ ᠡᠲᠡᠭᠡᠳ
ᠵᠤᠤ ᠰᠢᠤᠸᠠᠢ ᠶᠢᠩ᠂ ᠡᠮᠡᠭᠲᠡᠢ᠂ 1989 ᠣᠨ᠎ᠤ 1 ᠰᠠᠷ᠎ᠠ᠎ᠳᠤ ᠲᠦᠷᠦᠵᠠᠢ᠂ ᠭᠦᠨ ᠤᠬᠠᠭᠠᠨ᠎ᠤ ᠳ᠋ᠣᠺᠲ᠋ᠣᠷ᠂ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠠᠴᠠ ᠲᠡᠭᠦᠰᠴᠦ᠂ ᠥᠪᠥᠷ ᠮᠣᠩᠭᠣᠯ᠎ᠤᠨ ᠨᠡᠶ᠋ᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶᠢᠨ ᠲᠤᠰᠬᠠᠢ ᠮᠡᠷᠭᠡᠵᠢᠯ᠎ᠦᠨ ᠠᠵᠢᠯ᠎ᠤᠨ ᠪᠠᠶ᠋ᠢᠷᠢ᠎ᠳᠤ ᠤᠷᠢᠭᠳᠠᠬᠤ᠎ᠪᠠᠷ ᠪᠤᠢ᠃
ᠬᠣᠶᠠᠷ᠂ ᠢᠯᠡ ᠨᠡᠶ᠋ᠢᠲᠡᠯᠡᠬᠦ ᠴᠠᠭ
2025 ᠣᠨ᠎ᠤ 7 ᠰᠠᠷ᠎ᠠ᠎ᠶᠢᠨ 31᠎ᠦ ᠡᠳᠦᠷ᠎ᠡᠴᠡ 2025 ᠣᠨ᠎ᠤ 8 ᠰᠠᠷ᠎ᠠ᠎ᠶᠢᠨ 6᠎ᠦ ᠡᠳᠦᠷ ᠪᠤᠯᠳᠠᠯ᠎ᠠ
ᠭᠤᠷᠪᠠ᠂ ᠬᠦᠯᠢᠶᠡᠨ ᠠᠪᠴᠤ ᠰᠢᠶ᠋ᠳᠪᠦᠷᠢᠯᠡᠬᠦ ᠠᠷᠭ᠎ᠠ ᠮᠠᠶᠢᠭ᠋
ᠨᠢᠭᠡᠴᠢ ᠪᠣᠯᠤᠨ ᠬᠤᠪᠢ ᠬᠥᠮᠦᠨ ᠤᠳᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠡᠷ ᠳᠡᠭᠡᠷ᠎ᠡ ᠳᠤᠷᠠᠳᠤᠭᠰᠠᠨ ᠢᠯᠡ ᠨᠡᠢᠳᠡᠯᠡᠭᠰᠡᠨ ᠡᠲᠡᠭᠡᠳ᠎ᠦᠨ ᠬᠣᠯᠪᠣᠭᠳᠠᠯ ᠪᠦᠬᠦᠢ ᠪᠠᠶ᠋ᠢᠳᠠᠯ ᠪᠣᠯᠤᠨ ᠠᠰᠠᠭᠤᠳᠠᠯ᠎ᠢ ᠲᠤᠰᠬᠠᠵᠤ ᠪᠣᠯᠤᠨ᠎ᠠ᠂ ᠲᠤᠰᠬᠠᠭᠰᠠᠨ ᠮᠠᠲ᠋ᠧᠷᠢᠶᠠᠯ᠎ᠳᠦ ᠨᠢᠭᠡᠴᠢ ᠨᠢ ᠠᠯᠪᠠᠨ ᠲᠠᠮᠠᠭ᠎ᠠ ᠳᠠᠷᠤᠵᠤ᠂ ᠬᠤᠪᠢ ᠬᠥᠮᠦᠨ ᠦᠨᠡᠨ ᠨᠡᠷ᠎ᠡ᠎ᠪᠡᠨ ᠪᠢᠴᠢᠬᠦ᠎ᠶᠢᠨ ᠬᠠᠮᠲᠤ ᠬᠠᠷᠢᠯᠴᠠᠬᠤ ᠠᠷᠭ᠎ᠠ ᠬᠡᠯᠪᠡᠷᠢ᠎ᠪᠡᠨ ᠬᠠᠩᠭᠠᠬᠤ ᠬᠡᠷᠡᠭᠲᠡᠶ᠃
ᠬᠦᠯᠢᠶᠡᠨ ᠠᠪᠬᠤ ᠴᠠᠭ ᠄ ᠦᠳᠡ᠎ᠶᠢᠨ ᠡᠮᠦᠨ᠎ᠡ 9 ᠄ 00 ︱ 12 ᠄ 00᠂ ᠦᠳᠡ᠎ᠶᠢᠨ ᠬᠣᠶ᠋ᠢᠨ᠎ᠠ 14 ᠄ 30 ︱ 17 ᠄ 00
ᠬᠦᠯᠢᠶᠡᠨ ᠠᠪᠬᠤ ᠤᠲᠠᠰᠤ ᠄ 0471-6946229
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ
ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠳᠤᠯᠠᠭ᠎ᠠ᠎ᠶᠢᠨ ᠲᠢᠩᠬᠢᠮ
2025 ᠣᠨ᠎ᠤ 7 ᠰᠠᠷ᠎ᠠ᠎ᠶᠢᠨ 30᠎ᠤ ᠡᠳᠦᠷ