ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠬᠠᠷᠢᠶ᠎ᠠ ᠠᠵᠢᠯ ᠦᠢᠯᠡᠰ᠎ᠦᠨ ᠨᠢᠭᠡᠴᠢ᠎ᠶᠢᠨ ᠣᠷᠣᠭᠤᠯᠤᠨ ᠠᠪᠴᠢᠷᠠᠬᠤ᠎ᠪᠠᠷ ᠪᠠᠢᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠢᠯᠡ ᠨᠡᠢᠲᠡᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-11-01

《 〈 ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠬᠥᠭᠵᠢᠭᠦᠯᠬᠦ 〉 ᠢᠨᠵᠧᠨᠧᠷᠢᠩ᠎ᠦᠨ ᠲᠥᠷᠥ᠎ᠶᠢᠨ ᠪᠣᠳᠣᠯᠭ᠎ᠠ᠎ᠨᠤᠭᠤᠳ᠎ᠢ ᠬᠡᠷᠡᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠦᠨ ᠰᠠᠨᠠᠯ 》 ( ᠥᠪᠥᠷ ᠨᠠᠮ ᠠᠯᠪᠠᠨ ᠲᠠᠷᠬᠠᠭᠠᠭᠰᠠᠨ 〔2024〕 18 ᠳ᠋ᠤᠭᠠᠷ ᠲᠣᠭᠠᠲᠤ ) ᠎ᠤᠨ ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠂ ᠂ ᠡᠳᠦᠭᠡ 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠬᠠᠷᠢᠶ᠎ᠠ ᠠᠵᠢᠯ ᠦᠢᠯᠡᠰ᠎ᠦᠨ ᠨᠢᠭᠡᠴᠢ᠎ᠶᠢᠨ ᠣᠷᠣᠭᠤᠯᠤᠨ ᠠᠪᠴᠢᠷᠠᠬᠤ᠎ᠪᠠᠷ ᠪᠠᠢᠭ᠎ᠠ ᠳᠡᠭᠡᠳᠦ ᠲᠠᠰ᠎ᠤᠨ ᠴᠢᠳᠠᠪᠤᠷᠢᠲᠠᠨ ᠵᠢᠴᠢ ᠣᠷᠣᠭᠤᠯᠤᠨ ᠠᠪᠴᠢᠷᠠᠬᠤ᠎ᠪᠠᠷ ᠪᠠᠢᠭ᠎ᠠ ᠨᠢᠭᠡᠴᠢ᠎ᠶᠢ ᠢᠯᠡ ᠨᠡᠢᠲᠡᠯᠡᠨ᠎ᠡ ᠃

ᠨᠢᠭᠡ ᠂ ᠢᠯᠡ ᠨᠡᠢᠲᠡᠯᠡᠬᠦ ᠡᠲᠡᠭᠡᠳ

ᠭᠦᠸᠧ ᠶᠠᠨ ᠶᠠᠨ ᠂ ᠡᠮᠡᠭᠲᠡᠢ ᠂ 1993 ᠣᠨ᠎ᠤ 12 ᠰᠠᠷ᠎ᠠ᠎ᠳᠤ ᠳᠦᠷᠦᠵᠡᠶ ᠂ ᠠᠰᠫᠢᠷᠠᠨᠲ ᠂ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠳ᠋ᠣᠺᠲ᠋ᠣᠷ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ᠎ᠳᠤ ᠤᠷᠢᠨ ᠬᠡᠷᠡᠭᠯᠡᠬᠦ᠎ᠪᠠᠷ ᠪᠣᠶ ᠃

ᠠᠯᠲᠠᠨᠵᠤᠯᠠ᠂ ᠡᠮᠡᠭᠲᠡᠢ᠂ 1994 ᠣᠨ᠎ᠤ 6 ᠰᠠᠷ᠎ᠠ᠎ᠳᠤ ᠲᠦᠷᠦᠵᠠᠢ᠂ ᠠᠰᠫᠢᠷᠠᠨᠲ᠂ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠳ᠋ᠣᠺᠲ᠋ᠣᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ᠎ᠳᠤ ᠤᠷᠢᠨ ᠬᠡᠷᠡᠭᠯᠡᠬᠦ᠎ᠪᠠᠷ ᠪᠤᠢ᠃

ᠬᠣᠶᠠᠷ᠂ ᠢᠯᠡ ᠨᠡᠢᠲᠡᠯᠡᠬᠦ ᠴᠠᠭ

2025 ᠣᠨ᠎ᠤ 10 ᠰᠠᠷ᠎ᠠ᠎ᠶᠢᠨ 10 ᠡᠴᠡ 2025 ᠣᠨ᠎ᠤ 10 ᠰᠠᠷ᠎ᠠ᠎ᠶᠢᠨ 15᠎ᠤ ᠡᠳᠦᠷ ᠪᠣᠯᠲᠠᠯ᠎ᠠ᠃

ᠭᠤᠷᠪᠠ ᠂ ᠬᠦᠯᠢᠶᠡᠨ ᠠᠪᠬᠤ ᠬᠡᠯᠪᠡᠷᠢ ᠵᠢᠴᠢ ᠬᠦᠯᠢᠶᠡᠨ ᠠᠪᠬᠤ ᠴᠠᠭ

ᠨᠢᠭᠡᠴᠢ ᠪᠠ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠡᠷ ᠳᠠᠮᠵᠢᠭᠤᠯᠤᠨ ᠢᠯᠡ ᠨᠡᠢᠲᠡᠯᠡᠭᠰᠡᠨ ᠡᠲᠡᠭᠡᠳ᠎ᠦᠨ ᠬᠣᠯᠪᠣᠭᠳᠠᠯ ᠪᠦᠬᠦᠢ ᠪᠠᠢᠳᠠᠯ ᠪᠠ ᠠᠰᠠᠭᠤᠳᠠᠯ᠎ᠢ ᠲᠤᠰᠬᠠᠵᠤ ᠪᠣᠯᠣᠨ᠎ᠠ᠃ ᠲᠤᠰᠬᠠᠭᠰᠠᠨ ᠮᠠᠲᠧᠷᠢᠶᠠᠯ᠎ᠳᠤ ᠨᠢᠭᠡᠴᠢ ᠨᠢ ᠠᠯᠪᠠᠨ ᠲᠠᠮᠠᠭ᠎ᠠ ᠳᠠᠷᠤᠵᠤ᠂ ᠬᠤᠪᠢ ᠬᠥᠮᠥᠨ ᠦᠨᠡᠨ ᠨᠡᠷ᠎ᠡ᠎ᠪᠡᠨ ᠪᠢᠴᠢᠬᠦ᠎ᠶᠢᠨ ᠬᠠᠮᠲᠤ ᠬᠠᠷᠢᠯᠴᠠᠬᠤ ᠠᠷᠭ᠎ᠠ ᠮᠠᠶᠢᠭ᠋᠎ᠢᠶᠠᠨ ᠬᠠᠩᠭᠠᠬᠤ ᠬᠡᠷᠡᠭᠲᠡᠢ᠃

ᠬᠦᠯᠢᠶᠡᠨ ᠠᠪᠬᠤ ᠴᠠᠭ ᠄

ᠦᠳᠡ᠎ᠶᠢᠨ ᠡᠮᠦᠨᠡᠬᠢ 9 ᠄ 00 ︱ 12 ᠄ 00 ;

ᠦᠳᠡ᠎ᠶᠢᠨ ᠬᠣᠢᠨ᠎ᠠ 14 ᠄ 30 ︱ 17 ᠄ 00

ᠬᠦᠯᠢᠶᠡᠨ ᠠᠪᠬᠤ ᠤᠲᠠᠰᠤ ᠄ 6946229

 

          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ

          ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ
                         2025 ᠣᠨ᠎ᠤ 10 ᠰᠠᠷ᠎ᠠ᠎ᠶᠢᠨ 9᠎ᠦ ᠡᠳᠦᠷ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            