ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠣᠷᠣᠨ᠎ᠤ ᠭᠠᠳᠠᠨ᠎ᠠ᠎ᠠᠴᠠ ᠴᠢᠳᠠᠪᠤᠷᠢᠲᠠᠨ ᠤᠷᠢᠬᠤ ᠲᠤᠰᠬᠠᠢ ᠴᠤᠭᠯᠠᠭᠠᠨ᠎ᠤ ᠳᠡᠭᠡᠳᠦ ᠲᠠᠰ᠎ᠤᠨ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠭᠠᠷᠴᠠᠭ
ᠨᠡᠶ᠋ᠢᠲᠡᠯᠡᠭᠰᠡᠨ ᠴᠠᠭ᠄ 2025-10-30

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ᠎ᠤ 《 〈 ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠬᠥᠭᠵᠢᠭᠦᠯᠬᠦ 〉 ᠢᠨᠵᠧᠨᠧᠷᠢᠩ᠎ᠢ ᠬᠡᠷᠡᠭᠵᠢᠭᠦᠯᠬᠦ ᠲᠥᠷᠥ᠎ᠶᠢᠨ ᠪᠣᠳᠣᠯᠭ᠎ᠠ᠎ᠨᠤᠭᠤᠳ᠎ᠤᠨ ᠲᠤᠬᠠᠢ ᠰᠠᠨᠠᠯ 》᠎ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠠᠵᠤ ᠦᠢᠯᠡᠰ᠎ᠦᠨ ᠬᠡᠯᠬᠢᠶ᠎ᠡ ᠂ ᠰᠢᠨ᠎ᠡ᠎ᠶᠢ ᠡᠭᠦᠳᠬᠦ ᠬᠡᠯᠬᠢᠶ᠎ᠡ ᠂ ᠴᠢᠳᠠᠪᠤᠷᠢᠲᠠᠨ᠎ᠤ ᠬᠡᠯᠬᠢᠶ᠎ᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠢ ᠨᠡᠭᠡᠭᠡᠨ ᠠᠰᠢᠭ᠍ᠯᠠᠬᠤ ᠬᠢᠷᠢ ᠲᠦᠪᠰᠢᠨ᠎ᠢ ᠤᠯᠠᠮ ᠨᠢᠭᠡ ᠠᠯᠬᠤᠮ ᠲᠡᠭᠡᠭᠰᠢᠯᠡᠬᠦᠯᠬᠦ᠎ᠶᠢᠨ ᠲᠤᠰᠠᠳᠠ ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠨᠢᠭᠡᠳᠦᠯᠲᠡᠢ ᠵᠢᠯᠣᠭᠣᠳᠤᠯᠭ᠎ᠠ ᠳᠣᠣᠷ᠎ᠠ ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠡᠴᠡ 239 ᠰᠢᠭᠤᠳ ᠬᠠᠷᠢᠶ᠎ᠠ ᠶᠡᠬᠡ  ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠂ ᠡᠯ᠎ᠡ ᠠᠢᠮᠠᠭ ᠬᠣᠲᠠ᠎ᠶᠢᠨ ᠠᠵᠢᠯ ᠦᠢᠯᠡᠰ᠎ᠦᠨ ᠨᠢᠭᠡᠴᠢ ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠤᠯᠤᠰ᠎ᠤᠨ ᠥᠮᠴᠢᠯᠡᠯᠲᠦ ᠂ ᠠᠷᠠᠳ᠎ᠠᠴᠠ ᠡᠵᠡᠩᠨᠡᠭᠰᠡᠨ ᠠᠵᠤ ᠠᠬᠤᠢᠯᠠᠯ᠎ᠠᠴᠠ 959 ᠬᠡᠷᠡᠭᠴᠡᠭᠡ ᠱᠠᠭᠠᠷᠳᠠᠯᠭ᠎ᠠ᠎ᠶᠢᠨ ᠠᠵᠢᠯ᠎ᠤᠨ ᠪᠠᠢᠷᠢ ᠂ 2491 ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠲᠠᠢ ᠠᠵᠢᠯ᠎ᠤᠨ ᠪᠠᠢᠷᠢ ᠡᠯᠰᠡᠵᠦ ᠂ ᠣᠲᠣ᠌ ᠦᠶ᠎ᠡ᠎ᠶᠢᠨ ᠲᠣᠨᠣᠭ ᠲᠥᠬᠦᠭᠡᠷᠦᠮᠵᠢ ᠦᠢᠯᠡᠳᠬᠦ ᠂ ᠰᠢᠨ᠎ᠡ ᠡᠨᠧᠷᠭᠢ ᠂ ᠰᠢᠨ᠎ᠡ ᠮᠠᠲᠧᠷᠢᠶᠠᠯ ᠂ ᠰᠢᠨ᠎ᠡ ᠬᠡᠯᠪᠡᠷᠢ᠎ᠶᠢᠨ ᠬᠢᠮᠢ᠎ᠶᠢᠨ ᠠᠵᠤ ᠦᠢᠯᠡᠳᠪᠦᠷᠢ ᠂ ᠪᠣᠬᠢᠷᠲᠤᠯ ᠦᠭᠡᠢ ᠲᠠᠷᠢᠶᠠᠯᠠᠩ ᠮᠠᠯ᠎ᠤᠨ ᠠᠰᠢᠭ᠋ ᠰᠢᠮ᠎ᠡ᠎ᠶᠢᠨ ᠪᠦᠲᠦᠭᠡᠭᠳᠡᠬᠦᠨ᠎ᠢ ᠡᠳ᠋ᠰᠢᠭᠦᠯᠬᠦ ᠂ ᠠᠮᠢᠳᠤ ᠪᠣᠳᠠᠰ᠎ᠤᠨ ᠦᠢᠯᠡᠳᠬᠦ ᠂ ᠣᠲᠣ᠌ ᠦᠶ᠎ᠡ᠎ᠶᠢᠨ ᠦᠢᠯᠡᠴᠢᠯᠡᠭᠡ ᠂ ᠲᠣᠭᠠᠴᠢᠯᠠᠭᠰᠠᠨ ᠠᠵᠤ ᠠᠬᠤᠢ ᠂ ᠬᠢᠮᠡᠯ ᠣᠶᠣᠨ ᠂ ᠣᠢᠷ᠎ᠠ ᠣᠭᠲᠠᠷᠭᠤᠢ᠎ᠶᠢᠨ ᠠᠵᠤ ᠠᠬᠤᠢ ᠵᠡᠷᠭᠡ 34 ᠭᠣᠣᠯᠳᠠᠯᠭ᠎ᠠ᠎ᠲᠠᠢ ᠠᠵᠤ ᠦᠢᠯᠡᠰ᠎ᠦᠨ ᠬᠡᠯᠬᠢᠶ᠎ᠡ ᠂ ᠠᠵᠤ ᠦᠢᠯᠡᠰ᠎ᠦᠨ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠪᠠᠭᠲᠠᠭᠠᠭᠰᠠᠨ 10 ᠠᠵᠤ ᠦᠢᠯᠡᠰ᠎ᠦᠨ ᠪᠦᠯᠦᠭᠵᠢᠯ᠎ᠳᠦ ᠬᠣᠯᠪᠣᠭᠳᠠᠵᠤ ᠂ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠣᠷᠣᠨ᠎ᠤ ᠭᠠᠳᠠᠨ᠎ᠠ᠎ᠠᠴᠠ ᠴᠢᠳᠠᠪᠤᠷᠢᠲᠠᠨ ᠤᠷᠢᠬᠤ ᠲᠤᠰᠬᠠᠢ ᠲᠠᠯᠠᠪᠠᠶ᠎ᠶᠢᠨ ᠠᠵᠢᠯᠲᠠᠨ ᠡᠯᠰᠡᠬᠦ ᠴᠤᠭᠯᠠᠭᠠᠨ᠎ᠤ ᠳᠡᠭᠡᠳᠦ ᠲᠠᠰ᠎ᠤᠨ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠭᠠᠷᠴᠠᠭ 》᠎ᠢ ᠨᠠᠢᠷᠠᠭᠤᠯᠤᠨ ᠵᠣᠬᠢᠶᠠᠵᠤ ᠂ ᠡᠳᠦᠭᠡ ᠨᠡᠢᠲᠡᠯᠡᠪᠡ ᠃

ᠳᠠᠭᠠᠯᠳᠤᠭᠤᠯᠤᠯ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠣᠷᠣᠨ᠎ᠤ ᠭᠠᠳᠠᠨ᠎ᠠ᠎ᠠᠴᠠ ᠴᠢᠳᠠᠪᠤᠷᠢᠲᠠᠨ ᠤᠷᠢᠬᠤ ᠲᠤᠰᠬᠠᠢ ᠴᠤᠭᠯᠠᠭᠠᠨ᠎ᠤ ᠳᠡᠭᠡᠳᠦ ᠲᠠᠰ ᠳᠠᠪᠬᠤᠷᠭ᠎ᠠ᠎ᠶᠢᠨ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠭᠠᠷᠴᠠᠭ

 

       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ

       ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ
                         2025 ᠣᠨ᠎ᠤ 9 ᠰᠠᠷ᠎ᠠ᠎ᠶᠢᠨ 29᠎ᠤ ᠡᠳᠦᠷ

ᠢᠷᠡᠯᠲᠡ᠄    
          
ᠬᠠᠮᠢᠶ᠎ᠡ ᠪᠦᠬᠦᠢ ᠰᠣᠨᠢᠨ
 
            